Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ᠂ ᠠᠯᠤᠰ ᠳᠣᠷᠣᠨᠠᠲᠤ ᠶᠢᠨ ᠬᠣᠯᠪᠣᠭᠠᠨ ᠤ ᠲᠣᠭᠣᠷᠢᠭ ᠳ᠋ᠠᠬᠢ ᠣᠷᠣᠰ  ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠶᠢᠨ ᠪᠥᠷᠢᠨ ᠡᠷᠬᠡᠲᠦ ᠲᠥᠯᠦᠭᠡᠯᠡᠭᠴᠢ ᠶᠦ᠊ ∙ ᠫ ∙ ᠲᠷᠦ᠋ᠲ᠋ᠨᠧᠸ ᠢ ᠬᠦᠯᠢᠶᠡᠨ ᠠᠪᠴᠤ ᠠᠭᠤᠯᠵᠠᠯ᠎ᠠ

ᠣᠷᠣᠰ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ᠂ ᠠᠯᠤᠰ ᠳᠣᠷᠣᠨᠠᠲᠤ ᠢᠢᠨ ᠬᠣᠯᠪᠣᠭᠠᠨ ᠤ ᠲᠣᠭᠣᠷᠢᠭ ᠳ᠋ᠠᠬᠢ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠢᠢᠨ ᠪᠦᠷᠢᠨ ᠡᠷᠬᠡᠲᠦ ᠲᠥᠯᠥᠭᠡᠯᠡᠭᠴᠢ ᠶᠦ᠊ ∙ ᠫ ∙ ᠲᠷᠦ᠋ᠲ᠋ᠨᠧᠸ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠤᠷᠢᠯᠭ᠎ᠠ ᠪᠠᠷ ᠮᠣᠩᠭ᠋ᠣᠯ ᠤᠯᠤᠰ ᠲᠤ ᠵᠣᠴᠢᠯᠠᠨ ᠢᠷᠡᠭᠡᠳ ᠪᠠᠢᠢᠭ᠎ᠠ ᠶᠤᠮ᠃ ᠨᠣᠶᠠᠨ ᠶᠦ᠊ ∙ ᠫ ∙ ᠲᠷᠦ᠋ᠲ᠋ᠨᠧᠸ ᠥᠴᠥᠭᠡᠳᠦᠷ ᠮᠣᠩᠭ᠋ᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ ᠪᠣᠯᠤᠨ ᠰᠢᠳᠠᠷ ᠰᠠᠢᠢᠳ ᠥ᠊ ∙ ᠡᠩᠬᠡᠲᠦᠪᠰᠢᠨ ᠲᠡᠢ ᠠᠭᠤᠯᠵᠠᠵᠤ ᠬᠣᠶᠠᠷ ᠤᠯᠤᠰ ᠤᠨ ᠪᠣᠯᠤᠨ ᠪᠥᠰᠡ ᠨᠤᠲᠤᠭ ᠤᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠶᠠᠷᠢᠯᠴᠠᠭᠰᠠᠨ ᠪᠣᠯ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ ᠳᠤ ᠪᠠᠷᠠᠭᠠᠯᠬᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ ᠣᠷᠣᠰ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠰᠢᠨ᠎ᠡ ᠪᠡᠷ ᠪᠠᠢᠢᠭᠤᠯᠤᠭᠳᠠᠬᠤ ᠭᠡᠵᠦ ᠪᠠᠢᠢᠭ᠎ᠠ ᠡᠨᠡ ᠦᠶ᠎ᠡ ᠳᠥ ᠴᠠᠭ ᠵᠠᠪ ᠭᠠᠷᠭᠠᠨ ᠮᠣᠩᠭ᠋ᠣᠯ ᠤᠯᠤᠰ ᠲᠤ ᠠᠢᠢᠯᠴᠢᠯᠠᠵᠤ ᠪᠠᠢᠢᠭ᠎ᠠ ᠳᠤ ᠨᠢ ᠲᠠᠯᠠᠷᠬᠠᠯ᠎ ᠢᠯᠡᠷᠬᠡᠢᠢᠯᠡᠭᠡᠳ᠂ ᠤᠭ ᠠᠢᠢᠯᠴᠢᠯᠠᠯ ᠬᠣᠶᠠᠷ ᠣᠷᠣᠨ ᠤ ᠬᠠᠷᠢᠯᠴᠠᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭᠠᠨ ᠳᠤ ᠶᠡᠬᠡᠬᠡᠨ ᠠᠴᠢ ᠬᠣᠯᠪᠣᠭᠳᠠᠯ ᠲᠠᠢ ᠢᠢ ᠣᠨᠴᠠᠯᠠᠨ ᠲᠡᠮᠳᠡᠭᠯᠡᠯ᠎ᠡ᠃

 

ᠣᠷᠣᠰ ᠤᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠤᠨ ᠣᠷᠣᠯᠠᠭᠴᠢ ᠳᠠᠷᠤᠭ᠎ᠠ᠂ ᠠᠯᠤᠰ ᠳᠣᠷᠣᠨᠠᠲᠤ ᠢᠢᠨ ᠬᠣᠯᠪᠣᠭᠠᠨ ᠤ ᠲᠣᠭᠣᠷᠢᠭ ᠳ᠋ᠠᠬᠢ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠢᠢᠨ ᠪᠥᠷᠢᠨ ᠡᠷᠬᠡᠲᠦ ᠲᠥᠯᠦᠭᠡᠯᠡᠭᠴᠢ ᠶᠦ᠊ ∙ ᠫ ∙ ᠲᠷᠦ᠋ᠲ᠋ᠨᠧᠸ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢ ᠤᠷᠢᠭᠰᠠᠨ ᠳᠤ ᠲᠠᠯᠠᠷᠬᠠᠵᠤ ᠪᠠᠢᠢᠭ᠎ᠠ ᠪᠠᠨ ᠢᠯᠡᠷᠬᠡᠢᠢᠯᠡᠭᠡᠳ 2017 ᠣᠨ ᠤ 9 ᠍ ᠳᠦᠭᠡᠷ ᠰᠠᠷ᠎ᠠ ᠳᠤ ᠪᠣᠯᠤᠭᠰᠠᠨ ᠸᠯᠠᠳᠢᠸᠤᠰᠲ᠋ᠣᠺ ᠤᠨ ᠡᠳ᠋ ᠍ ᠦᠨ ᠵᠠᠰᠠᠭ ᠤᠨ ᠹᠣᠷᠣᠢᠮ ᠤᠨ ᠳᠠᠷᠠᠭ᠎ᠠ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠠᠬᠢᠴᠠ ᠭᠠᠷᠴᠤ ᠪᠠᠢᠢᠭ᠎ᠠ ᠢᠢ ᠳᠤᠷᠠᠳᠤᠯ᠎ᠠ᠃ ᠡᠭᠦᠨ ᠦ ᠨᠢᠭᠡ ᠨᠢ ᠣᠷᠣᠰ ᠤᠨ ᠬᠣᠯᠪᠣᠭᠠᠨ ᠤ ᠤᠯᠤᠰ ᠢᠢᠨ ᠨᠤᠲᠤᠭ ᠳᠡᠪᠢᠰᠬᠡᠷ ᠢᠶᠡᠷ ᠳᠠᠮᠵᠢᠨ ᠥᠩᠭᠡᠷᠡᠵᠦ ᠪᠠᠢᠢᠭ᠎ᠠ ᠮᠣᠩᠭ᠋ᠣᠯ ᠤᠨ ᠠᠴᠢᠶ᠎ᠠ ᠲᠡᠭᠡᠭᠡᠪᠦᠷᠢ ᠳᠥ 25 ᠵᠢᠯ ᠦᠨ ᠬᠤᠭᠤᠴᠠᠭ᠎ᠠ ᠲᠠᠢ ᠲᠠᠷᠢᠫ ᠤᠨ ᠬᠥᠩᠭᠡᠯᠡᠯᠲᠡ ᠦᠵᠡᠭᠦᠯᠬᠦ ᠪᠠᠷᠢᠮᠲᠠ ᠪᠢᠴᠢᠭ᠌ ᠪᠡᠯᠡᠨ ᠪᠣᠯᠤᠭᠰᠠᠨ ᠢ ᠲᠤᠬᠠᠢᠢᠯᠠᠨ ᠶᠠᠷᠢᠯ᠎ᠠ᠃ ᠮᠥᠨ ᠮᠣᠩᠭ᠋ᠣᠯ ᠤᠯᠤᠰ ᠣᠷᠣᠰ ᠬᠣᠯᠪᠣᠭᠠᠨ ᠤ ᠤᠯᠤᠰ ᠢᠢᠨ ᠨᠤᠲᠤᠭ ᠳᠡᠪᠢᠰᠬᠡᠷ ᠲᠥ᠂ ᠲᠡᠷᠡ ᠳᠤᠮᠳᠠ ᠪᠠᠨ ᠠᠯᠤᠰ ᠳᠣᠷᠣᠨᠠᠲᠤ ᠳᠤ ᠦᠢᠯᠡ ᠠᠵᠢᠯᠯᠠᠭ᠎ᠠ ᠶᠠᠪᠤᠭᠤᠯᠬᠤ ᠳᠤ ᠪᠦᠬᠦ ᠲᠠᠯ᠎ᠠ ᠪᠠᠷ ᠳᠡᠮᠵᠢᠬᠦ ᠳᠥ ᠪᠡᠯᠡᠨ ᠪᠠᠢᠢᠭ᠎ᠠ ᠪᠠᠨ ᠢᠯᠡᠷᠬᠡᠢᠢᠯᠡᠭᠡᠳ ᠲᠠᠲᠠᠪᠤᠷᠢ ᠢᠢᠨ ᠬᠥᠩᠭᠡᠯᠡᠯᠲᠡ ᠦᠵᠡᠭᠦᠯᠬᠦ ᠪᠣᠯᠤᠨ ᠣᠷᠣᠨ ᠨᠤᠲᠤᠭ ᠤᠨ ᠵᠠᠰᠠᠭ ᠵᠠᠬᠢᠷᠭᠠᠨ ᠤ ᠵᠦᠭ ᠡᠴᠡ ᠴᠤ ᠳᠡᠮᠵᠢᠯᠭᠡ ᠦᠵᠡᠭᠦᠯᠬᠦ ᠪᠣᠯᠤᠨ᠎ᠠ ᠭᠡᠰᠡᠨ ᠶᠤᠮ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠣᠢᠢᠷ᠎ᠠ ᠢᠢᠨ ᠦᠶ᠎ᠡ ᠳᠥ ᠲᠤᠰ ᠪᠥᠰᠡ ᠨᠤᠲᠤᠭ ᠤᠷᠤᠭᠤ ᠵᠠᠰᠠᠭ ᠤᠨ ᠭᠠᠵᠠᠷ ᠪᠣᠯᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠬᠠᠮᠲᠤᠷᠠᠭᠰᠠᠨ᠂ ᠭᠠᠳᠠᠭᠠᠳᠤ ᠬᠡᠷᠡᠭ ᠦᠨ ᠳᠡᠳ᠋ ᠰᠠᠢᠢᠳ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠶᠠᠪᠤᠭᠤᠯᠬᠤ᠂ ᠡᠨᠡ ᠠᠰᠠᠭᠤᠳᠠᠯ ᠢ ᠬᠠᠷᠢᠭᠤᠴᠠᠭᠰᠠᠨ ᠪᠠᠢᠢᠩᠭ᠋ᠤ ᠢᠢᠨ ᠲᠥᠯᠥᠭᠡᠯᠡᠭᠴᠢ ᠲᠤᠮᠢᠯᠠᠬᠤ ᠭᠡᠬᠦ ᠮᠡᠲᠦ ᠪᠥᠰᠡ ᠨᠤᠲᠤᠭ ᠤᠨ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ᠂ ᠲᠥᠷᠥ ᠵᠠᠰᠠᠭ ᠤᠨ ᠲᠦᠪᠰᠢᠨ ᠦ ᠠᠭᠤᠯᠵᠠᠯᠲᠠ᠂ ᠬᠡᠯᠡᠯᠴᠡᠭᠡᠷ ᠦᠳ ᠢ ᠠᠵᠢᠯ ᠬᠡᠷᠡᠭ ᠪᠣᠯᠭᠠᠬᠤ ᠳᠤ ᠠᠩᠬᠠᠷᠴᠤ ᠠᠵᠢᠯᠯᠠᠬᠤ ᠲᠠᠯ᠎ᠠ ᠪᠠᠷ ᠰᠠᠨᠠᠯ ᠢᠶᠠᠨ ᠢᠯᠡᠷᠬᠡᠢᠢᠯᠡᠯ᠎ᠡ᠃

 

ᠮᠣᠩᠭ᠋ᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠬᠤᠪᠢ ᠳᠤ ᠪᠥᠰᠡ ᠨᠤᠲᠤᠭ ᠤᠨ ᠡᠳ᠋ ᠍ ᠦᠨ ᠵᠠᠰᠠᠭ ᠤᠨ ᠬᠥᠭ᠍ᠵᠢᠯ ᠦᠨ ᠲᠥᠯᠥᠭᠡ ᠬᠠᠮᠲᠤᠷᠠᠨ ᠦᠷ᠎ᠡ ᠳ᠋ᠦᠩ ᠲᠡᠢ ᠠᠵᠢᠯᠯᠠᠬᠤ ᠪᠣᠯᠤᠮᠵᠢ ᠢᠢᠨ ᠲᠠᠯ᠎ᠠ ᠪᠠᠷ ᠲᠠᠯ᠎ᠠ ᠨᠤᠭᠤᠳ ᠳᠡᠯᠭᠡᠷᠡᠩᠭᠦᠢ ᠰᠠᠨᠠᠯ ᠰᠤᠯᠢᠯᠴᠠᠪᠠ᠃