Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠭᠦᠢᠴᠡᠳᠭᠡᠬᠦ ᠨᠠᠷᠢᠨ ᠪᠢᠴᠢᠭ ᠦᠨ ᠳᠠᠷᠤᠭ᠎ᠠ ᠢᠪᠷᠠᠬᠢᠮ ᠲᠢᠤ‍ ᠲᠠᠢ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ ᠣᠷᠣᠯᠠᠭᠴᠢ ᠪᠥᠭᠡᠳ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠢᠪᠷᠠᠬᠢᠮ ᠲᠢᠤ‍ ᠲᠠᠢ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠲᠠᠯ ᠤᠳ ᠤᠨ 17 ᠳ᠋ᠤᠭᠠᠷ ᠪᠠᠭ᠎ᠠ ᠬᠤᠷᠠᠯ (СОР 17) ᠍ ᠢ 2026 ᠣᠨ ᠳᠤ ᠮᠣᠩ᠋ᠭᠣᠯ ᠤᠯᠤᠰ ᠲᠤ ᠵᠣᠬᠢᠶᠠᠨ ᠪᠠᠢᠢᠭᠤᠯᠬᠤ ᠰᠢᠢᠳᠪᠦᠷᠢ ᠭᠠᠷᠤᠭᠰᠠᠨ ᠳᠤ ᠲᠠᠯᠠᠷᠬᠠᠵᠤ ᠪᠤᠢ ᠢᠢ ᠪᠠᠨ ᠢᠯᠡᠷᠬᠡᠢᠢᠯᠡᠪᠡ᠃

ᠮᠣᠩ᠋ᠭᠣᠯ ᠤᠯᠤᠰ ᠡᠨᠡᠬᠦ ᠬᠦᠨᠳᠦᠲᠦ ᠡᠭᠦᠷᠭᠡ ᠢᠢ ᠨᠡᠷ᠎ᠡ ᠲᠥᠷᠥ ᠲᠡᠢ ᠭᠦᠢᠴᠡᠳᠭᠡᠬᠦ ᠢᠢᠨ ᠲᠤᠯᠠᠳᠠ ᠲᠥᠷᠥ ᠢᠢᠨ ᠲᠡᠷᠢᠭᠦᠨ ᠦ ᠬᠤᠪᠢ ᠳᠤ ᠮᠠᠩᠯᠠᠢᠢᠯᠠᠨ ᠠᠵᠢᠯᠯᠠᠨ᠎ᠠ ᠭᠡᠯ᠎ᠡ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠲᠠᠯ ᠤᠳ ᠤᠨ 17 ᠳ᠋ᠤᠭᠠᠷ ᠪᠠᠭ᠎ᠠ ᠬᠤᠷᠠᠯ ᠢ ᠵᠣᠬᠢᠶᠠᠨ ᠪᠠᠢᠢᠭᠤᠯᠬᠤ ᠠᠵᠢᠯ ᠤᠨ ᠬᠦᠷᠢᠶᠡᠨ ᠳᠥ ᠲᠤᠰ ᠺᠣᠨᠸᠧᠨᠼ ᠤᠨ ᠨᠠᠷᠢᠨ ᠪᠢᠴᠢᠭ᠌ ᠦᠨ ᠳᠠᠷᠤᠭ᠎ᠠ ᠨᠠᠷ ᠤᠨ ᠭᠠᠵᠠᠷ ᠮᠣᠩ᠋ᠭᠣᠯ ᠤᠯᠤᠰ ᠲᠤ ᠪᠦᠬᠦ ᠲᠠᠯ᠎ᠠ ᠢᠢᠨ ᠳᠡᠮᠵᠢᠯᠭᠡ ᠦᠵᠡᠭᠦᠯᠵᠦ᠂ ᠠᠷᠭ᠎ᠠ ᠵᠦᠢ ᠢᠢᠨ ᠵᠥᠪᠯᠡᠭᠡ ᠪᠡᠷ ᠬᠠᠩ᠋ᠭᠠᠨ᠂ ᠬᠠᠮᠲᠤᠷᠠᠨ ᠠᠵᠢᠯᠯᠠᠨ᠎ᠠ ᠭᠡᠳᠡᠭ ᠢ ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠢᠪᠷᠠᠬᠢᠮ ᠲᠢᠤ‍ ᠬᠡᠯᠡᠪᠡ᠃

ᠳᠡᠯᠡᠬᠡᠢ ᠢᠢᠨ ᠤᠯᠤᠰ ᠣᠷᠣᠨ ᠨᠤᠭᠤᠳ ᠤᠨ ᠨᠡᠢᠢᠲᠡᠯᠢᠭ ᠰᠣᠷᠢᠯᠲᠠ ᠪᠣᠯᠤᠭᠰᠠᠨ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠰᠢᠷ᠎ᠠ ᠰᠢᠷᠤᠢᠢᠨ ᠰᠢᠭᠤᠷᠭ᠎ᠠ᠂ ᠬᠥᠷᠦᠰᠦᠨ ᠦ ᠳᠣᠷᠣᠢᠢᠲᠠᠯ ᠤᠨ ᠨᠥᠯᠥᠭᠡᠯᠡᠯ ᠢ ᠪᠠᠭᠤᠷᠠᠭᠤᠯᠬᠤ ᠳᠤ ᠣᠢᠢᠵᠢᠭᠤᠯᠤᠯᠲᠠ᠂ ᠨᠥᠬᠦᠨ ᠰᠡᠷᠭᠦᠭᠡᠯᠲᠡ ᠥᠨᠳᠦᠷ ᠠᠴᠢ ᠬᠣᠯᠪᠣᠭᠳᠠᠯ ᠲᠠᠢ ᠪᠣᠯᠬᠤ ᠢᠢ ᠲᠠᠯ᠎ᠠ ᠨᠤᠭᠤᠳ ᠣᠨᠴᠠᠯᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠠᠮᠵᠢᠯᠲᠠ ᠲᠠᠢ ᠬᠡᠷᠡᠭᠵᠢᠭᠦᠯᠬᠦ᠂ ᠬᠦᠷᠢᠶᠡᠯᠡᠩ ᠪᠤᠢ ᠣᠷᠴᠢᠨ ᠢ ᠬᠠᠮᠠᠭᠠᠯᠠᠬᠤ᠂ ᠴᠢᠨᠠᠭᠰᠢᠳᠠ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠤᠷᠤᠭᠰᠢᠯᠠᠭᠤᠯᠬᠤ ᠴᠢᠭᠯᠡᠯ ᠢᠶᠡᠷ ᠳᠡᠯᠡᠬᠡᠢ ᠢᠢᠨ ᠤᠯᠤᠰ ᠣᠷᠣᠨ ᠨᠤᠭᠤᠳ ᠲᠠᠢ ᠪᠦᠬᠦ ᠲᠠᠯ᠎ᠠ ᠪᠠᠷ ᠬᠠᠮᠲᠤᠷᠠᠨ ᠠᠵᠢᠯᠯᠠᠬᠤ ᠳᠤ ᠨᠡᠭᠡᠭᠡᠯᠲᠡ ᠲᠡᠢ ᠭᠡᠳᠡᠭ ᠢᠶᠡᠨ ᠬᠡᠯᠡᠪᠡ᠃

ᠵᠡᠭᠦᠨ ᠬᠣᠢᠢᠳᠤ ᠠᠽᠢ ᠢᠢᠨ ᠪᠥᠰᠡ ᠨᠤᠲᠤᠭ ᠤᠨ ᠬᠡᠮᠵᠢᠶᠡᠨ ᠳᠥ ᠭᠠᠵᠠᠷ ᠤᠨ ᠳᠣᠷᠣᠢᠢᠲᠠᠯ ᠢ ᠪᠠᠭᠤᠷᠠᠭᠤᠯᠬᠤ᠂ ᠴᠥᠯᠵᠢᠯᠲᠡ᠂ ᠰᠢᠷ᠎ᠠ ᠰᠢᠷᠤᠢᠢᠨ ᠰᠢᠭᠤᠷᠭ᠎ᠠ ᠲᠠᠢ ᠲᠡᠮᠡᠴᠡᠬᠦ ᠴᠢᠭᠯᠡᠯ ᠳᠥ ᠬᠥᠲᠥᠯᠪᠦᠷᠢ ᠬᠡᠷᠡᠭᠵᠢᠭᠦᠯᠬᠦ᠂ ᠲᠤᠬᠠᠢᠢᠯᠠᠪᠠᠯ᠂ ᠮᠣᠩ᠋ᠭᠣᠯ ᠤᠯᠤᠰ ᠤᠨ ᠡᠮᠦᠨᠡᠲᠦ ᠬᠡᠰᠡᠭ ᠦᠨ ᠭᠠᠵᠠᠷ ᠨᠤᠲᠤᠭ ᠢ ᠣᠢᠢᠵᠢᠭᠤᠯᠵᠤ᠂ ᠡᠯᠡᠰᠦᠨ ᠦ ᠨᠡᠭᠦᠳᠡᠯ ᠡᠴᠡ ᠬᠠᠮᠠᠭᠠᠯᠠᠬᠤ ᠵᠤᠷᠪᠤᠰ ᠪᠠᠢᠢᠭᠤᠯᠬᠤ ᠵᠡᠷᠭᠡ ᠠᠷᠭ᠎ᠠ ᠬᠡᠮᠵᠢᠶ᠎ᠡ ᠢᠢ ᠬᠡᠷᠡᠭᠵᠢᠭᠦᠯᠬᠦ ᠨᠢ ᠥᠨᠳᠥᠷ ᠠᠴᠢ ᠬᠣᠯᠪᠣᠭᠳᠠᠯ ᠲᠠᠢ ᠭᠡᠳᠡᠭ ᠢ ᠣᠨᠴᠠᠯᠠᠨ ᠲᠡᠮᠳᠡᠭᠯᠡᠯ᠎ᠡ᠃