Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠨᠳᠡᠷ ᠡᠴᠡ ᠳᠡᠯᠡᠬᠡᠢ ᠨᠡᠢᠢᠲᠡ ᠢᠢ ᠡᠩᠬᠡ ᠲᠠᠢᠢᠪᠤᠩ ᠳᠤ ᠤᠷᠢᠶᠠᠯᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 77 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠥ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄
《ᠡᠷᠬᠢᠮ ᠬᠦᠨᠳᠦᠳᠥ ᠴᠢᠭᠤᠯᠭᠠᠨ ᠤ ᠳᠠᠷᠤᠭ᠎ᠠ ᠠ᠂

ᠡᠷᠬᠢᠮ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠ᠂

ᠬᠦᠨᠳᠦᠳᠥ ᠵᠣᠴᠢᠳ᠂ ᠲᠥᠯᠥᠭᠡᠯᠡᠭᠴᠢᠳ ᠡ᠂

ᠬᠠᠲᠤᠭᠲᠠᠢ᠂ ᠨᠣᠶᠠᠳ ᠠ᠋᠂

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 77 ᠳ᠋ᠤᠭᠠᠷ ᠴᠢᠭᠤᠯᠭᠠᠨ ᠤ ᠳᠠᠷᠤᠭ᠎ᠠ ᠴᠠᠪᠠ ᠺᠥ᠋ᠷᠥᠰᠢ ᠲᠠᠨ ᠳ᠋ᠤ ᠴᠢᠨᠭ᠌ ᠰᠡᠳᠬᠢᠯ ᠦᠨ ᠲᠠᠯᠠᠷᠬᠠᠯ ᠢᠯᠡᠷᠬᠡᠢᠢᠯᠡᠵᠦ᠂ ᠴᠢᠭᠤᠯᠭᠠᠨ ᠤ ᠦᠢᠯᠡ ᠠᠵᠢᠯᠯᠠᠭᠠᠨ ᠳᠤ ᠥᠨᠳᠥᠷ ᠠᠮᠵᠢᠯᠲᠠ ᠬᠦᠰᠡᠨ ᠢᠷᠦᠭᠡᠶ᠎ᠡ᠃

ᠶᠡᠷᠦᠩᠬᠡᠢ ᠠᠰᠰᠠᠮᠪᠯᠧᠢ ᠢᠢᠨ 77 ᠳ᠋ᠤᠭᠠᠷ ᠴᠢᠭᠤᠯᠭᠠᠨ ᠨᠢ ᠴᠠᠷ ᠲᠠᠬᠤᠯ ᠤᠨ ᠳᠠᠷᠠᠭᠠᠬᠢ ᠳᠡᠯᠡᠬᠡᠢ ᠢᠢᠨ ᠤᠯᠤᠰ ᠣᠷᠣᠨ ᠨᠤᠭᠤᠳ ᠤᠨ ᠨᠡᠢᠢᠭᠡᠮ᠂ ᠡᠳ᠋ ᠍ ᠦᠨ ᠵᠠᠰᠠᠭ ᠤᠨ ᠰᠡᠷᠭᠦᠯᠲᠡ ᠢᠢ ᠡᠷᠴᠢᠮᠵᠢᠭᠦᠯᠬᠦ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠠᠩ᠋ᠭᠠᠨ ᠬᠡᠷᠡᠭᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠣᠯᠠᠨ ᠤᠯᠤᠰ ᠲᠤ ᠡᠭᠦᠰᠦᠭᠡᠳ ᠪᠤᠢ ᠬᠢᠮᠤᠷᠠᠯ᠂ ᠵᠥᠷᠢᠴᠡᠯᠳᠦᠭᠡᠨ ᠢ ᠶᠠᠷᠢᠶ᠎ᠠ ᠬᠡᠯᠡᠯᠴᠡᠭᠡ᠂ ᠡᠩᠬᠡ ᠢᠢᠨ ᠵᠠᠮ ᠢᠶᠠᠷ ᠰᠢᠢᠳᠪᠦᠷᠢᠯᠡᠬᠦ ᠠᠷᠭ᠎ᠠ ᠵᠠᠮ ᠢ ᠲᠣᠳᠣᠷᠬᠠᠢᠢᠯᠠᠬᠤ ᠳᠤ ᠴᠢᠬᠤᠯᠠ ᠡᠭᠦᠷᠭᠡ ᠭᠦᠢᠴᠡᠳᠭᠡᠨ᠎ᠡ ᠬᠡᠮᠡᠨ ᠦᠵᠡᠵᠦ ᠪᠠᠢᠢᠨ᠎ᠠ᠃

ᠥᠩ᠋ᠭᠡᠷᠡᠭᠰᠡᠨ 2021 ᠣᠨ ᠳᠤ ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳᠤ ᠪᠦᠷᠢᠨ ᠡᠷᠬᠡᠲᠦ ᠭᠡᠰᠢᠭᠦᠨ ᠢᠶᠡᠷ ᠡᠯᠰᠡᠭᠰᠡᠨ ᠦ ᠲᠡᠦᠬᠡᠲᠦ 60 ᠵᠢᠯ ᠦᠨ ᠣᠢ ᠢᠢ ᠲᠡᠮᠳᠡᠭᠯᠡᠨ ᠥᠩ᠋ᠭᠡᠷᠡᠭᠦᠯᠦᠭᠰᠡᠨ ᠪᠥᠭᠡᠳ ᠡᠨᠡ ᠣᠨ ᠳᠤ ᠮᠠᠨ ᠤ ᠤᠯᠤᠰ ᠨᠤᠲᠤᠭ ᠳᠡᠪᠢᠰᠬᠡᠷ ᠢᠶᠡᠨ ᠴᠥᠮ᠎ᠡ ᠢᠢᠨ ᠵᠡᠪᠰᠡᠭ ᠦᠭᠡᠢ ᠪᠥᠰᠡ ᠬᠡᠮᠡᠨ ᠵᠠᠷᠯᠠᠭᠰᠠᠨ ᠤ 30 ᠵᠢᠯ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠩᠬᠡ ᠢᠢ ᠰᠠᠬᠢᠭᠤᠯᠬᠤ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ ᠲᠡᠦᠬᠡᠲᠦ 20 ᠵᠢᠯ ᠦᠨ ᠣᠢ ᠲᠣᠬᠢᠶᠠᠵᠤ ᠪᠠᠢᠢᠨ᠎ᠠ᠃

ᠡᠨᠡᠬᠦ ᠲᠡᠦᠬᠡ ᠢᠢᠨ 60 ᠵᠢᠯ ᠦᠨ ᠬᠤᠭᠤᠴᠠᠭᠠᠨ ᠳᠤ ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠠᠷᠢᠭᠤᠴᠠᠯᠭ᠎ᠠ ᠲᠠᠢ ᠭᠡᠰᠢᠭᠦᠨ ᠤᠯᠤᠰ ᠪᠠᠢᠢᠵᠤ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠣᠯᠠᠨ ᠲᠠᠯᠠᠲᠤ ᠬᠠᠮᠲᠤ ᠢᠢᠨ ᠠᠵᠢᠯᠯᠠᠭᠠᠨ ᠳᠤ ᠢᠳᠡᠪᠬᠢ᠂ ᠰᠠᠨᠠᠭᠠᠴᠢᠯᠭ᠎ᠠ ᠲᠠᠢ ᠣᠷᠣᠯᠴᠠᠵᠤ᠂ ᠳᠡᠯᠡᠬᠡᠢ ᠨᠡᠢᠢᠲᠡ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠬᠦᠮᠦᠨ ᠲᠥᠷᠥᠯᠬᠢᠲᠡᠨ ᠦ ᠰᠠᠢᠢᠨ ᠰᠠᠢᠢᠬᠠᠨ ᠠᠮᠢᠳᠤᠷᠠᠯ᠂ ᠬᠥᠭ᠍ᠵᠢᠯ ᠳᠡᠪᠰᠢᠯ ᠦᠨ ᠲᠥᠯᠥᠭᠡ ᠮᠠᠨ ᠤ ᠤᠯᠤᠰ ᠥᠪᠡᠷ ᠦᠨ ᠪᠣᠳᠠᠲᠤ ᠬᠤᠪᠢ ᠨᠡᠮᠡᠷᠢ ᠪᠡᠨ ᠣᠷᠣᠭᠤᠯᠵᠤ ᠢᠷᠡᠭᠰᠡᠨ ᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠡᠨᠡᠬᠦ ᠡᠷᠬᠢᠮ ᠬᠦᠨᠳᠦᠳᠥ ᠶᠡᠨᠳᠡᠷ ᠳᠡᠭᠡᠷ᠎ᠡ ᠡᠴᠡ ᠡᠬᠡ ᠣᠷᠣᠨ᠂ ᠠᠷᠠᠳ ᠲᠦᠮᠡᠨ ᠢᠶᠡᠨ ᠲᠥᠯᠥᠭᠡᠯᠡᠨ ᠬᠡᠯᠡᠬᠦ ᠳᠥ ᠪᠠᠬᠠᠳᠤᠮ᠎ᠠ ᠰᠠᠢᠢᠬᠠᠨ ᠪᠠᠢᠢᠨ᠎ᠠ᠃

ᠡᠷᠬᠢᠮ ᠴᠢᠭᠤᠯᠭᠠᠨ ᠤ ᠳᠠᠷᠤᠭ᠎ᠠ ᠠ᠂

ᠬᠦᠮᠦᠨ ᠲᠥᠷᠥᠯᠬᠢᠲᠡᠨ ᠦ ᠡᠮᠦᠨ᠎ᠡ ᠲᠤᠯᠭᠠᠮᠳᠠᠭᠰᠠᠨ ᠶᠠᠳᠠᠭᠤᠷᠠᠯ᠂ ᠲᠡᠭᠰᠢ ᠪᠤᠰᠤ ᠪᠠᠢᠢᠳᠠᠯ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠠᠷ᠎ ᠲᠠᠬᠤᠯ᠂ ᠲᠡᠭᠦᠨ ᠡᠴᠡ ᠤᠯᠪᠠᠭᠠᠯᠠᠭᠰᠠᠨ ᠬᠢᠯᠢ ᠭᠠᠢᠢᠯᠢ᠂ ᠲᠡᠭᠡᠭᠡᠪᠦᠷᠢ᠂ ᠯᠣᠵᠢᠰᠲ᠋ᠢᠭ ᠤᠨ ᠬᠦᠨᠳᠦᠷᠡᠯ᠂ ᠪᠠᠷᠠᠭ᠎ᠠ ᠪᠦᠲᠦᠭᠡᠭ᠍ᠳᠡᠬᠦᠨ ᠦ ᠦᠨ᠎ᠡ ᠢᠢᠨ ᠥᠰᠦᠯᠲᠡ ᠨ᠋ᠢᠨ᠋ᠹᠯᠢᠶᠠᠼ ᠪᠣᠯᠤᠨ ᠭᠧᠣᠰᠲ᠋ᠷᠠᠲ᠋ᠧᠭᠢ᠂ ᠭᠧᠣᠫᠣᠯᠢᠲ᠋ᠢᠺ ᠤᠨ ᠬᠤᠷᠴᠠᠳᠤᠮᠠᠯ ᠪᠠᠢᠢᠳᠠᠯ ᠵᠡᠷᠭᠡ ᠣᠯᠠᠨ ᠬᠦᠨᠳᠦ ᠰᠣᠷᠢᠯᠲᠠ᠂ ᠪᠡᠷᠬᠡᠰᠢᠶᠡᠯ ᠲᠡᠢ ᠠᠮᠠᠷ ᠦᠭᠡᠢ ᠬᠦᠨᠳᠦ ᠴᠠᠭ ᠦᠶ᠎ᠡ ᠢᠢ ᠳᠡᠯᠡᠬᠡᠢ ᠨᠡᠢᠢᠲᠡ ᠪᠡᠷ ᠢᠶᠡᠨ ᠬᠠᠮᠲᠤ ᠳᠤ ᠪᠠᠨ ᠲᠤᠭᠤᠯᠵᠤ ᠪᠠᠢᠢᠨ᠎ᠠ᠃

ᠠᠷᠠᠳ ᠢᠷᠭᠡᠳ ᠦᠨ ᠢᠶᠡᠨ ᠠᠮᠢ ᠨᠠᠰᠤ᠂ ᠡᠷᠡᠭᠦᠯ ᠮᠡᠨᠳᠦ ᠢᠢ ᠬᠠᠮᠠᠭᠠᠯᠠᠬᠤ ᠢᠢᠨ ᠲᠤᠯᠠᠳᠠ ᠤᠯᠤᠰ ᠣᠷᠣᠨ ᠨᠤᠭᠤᠳ ᠬᠢᠯᠢ ᠬᠢᠵᠠᠭᠠᠷ ᠢᠶᠠᠨ ᠬᠠᠭᠠᠵᠤ᠂ ᠬᠣᠷᠢᠭ᠎ᠠ ᠴᠡᠭᠡᠷ ᠦᠨ ᠳᠢᠭᠯᠢᠮ ᠲᠣᠭᠲᠠᠭᠠᠵᠤ᠂ ᠳᠡᠯᠡᠬᠡᠢ ᠨᠡᠢᠢᠲᠡ ᠪᠡᠷ ᠢᠶᠡᠨ ᠡᠳ᠋ ᠍ ᠦᠨ ᠵᠠᠰᠠᠭ ᠤᠨ ᠬᠢᠮᠤᠷᠠᠯ ᠳᠤ ᠣᠷᠣᠵᠤ ᠪᠠᠢᠢᠭᠰᠠᠨ ᠴᠠᠷ᠎ ᠲᠠᠬᠤᠯ ᠤᠨ ᠬᠦᠨᠳᠦ ᠴᠠᠭ ᠦᠶ᠎ᠡ ᠳᠥ ᠬᠠᠷᠢᠨ ᠳᠡᠯᠡᠬᠡᠢ ᠢᠢᠨ ᠤᠯᠤᠰ ᠣᠷᠣᠨ ᠨᠤᠭᠤᠳ ᠤᠨ ᠴᠡᠷᠢᠭ ᠠᠷᠮᠢ᠂ ᠵᠡᠪᠰᠡᠭᠯᠡᠯ ᠳᠥ ᠵᠣᠷᠢᠭᠤᠯᠤᠭᠰᠠᠨ ᠵᠠᠷᠤᠳᠠᠯ ᠪᠠᠢᠢᠩ᠋ᠭᠤ ᠥᠰᠴᠦ᠂ 2021 ᠣᠨ ᠳᠤ 2.1 ᠶᠡᠬᠡ ᠨᠠᠶᠤᠳ ᠠᠮ‍.ᠳ᠋ᠣᠯᠯᠠᠷ ᠲᠤ ᠬᠦᠷᠦᠭᠰᠡᠨ ᠶᠠᠪᠤᠳᠠᠯ ᠨᠢ ᠪᠦᠬᠦ ᠴᠠᠭ ᠦᠶ᠎ᠡ ᠢᠢᠨ ᠳᠡᠭᠡᠳᠦ ᠬᠡᠮᠵᠢᠶ᠎ᠡ ᠢᠢ ᠳᠠᠪᠠᠯ᠎ᠠ ᠬᠡᠮᠡᠨ ᠰᠲ᠋ᠣᠺᠾᠤᠯᠢᠮ ᠤᠨ ᠣᠯᠠᠨ ᠤᠯᠤᠰ ᠤᠨ ᠡᠩᠬᠡ ᠲᠠᠢᠢᠪᠤᠩ ᠤᠨ ᠰᠤᠳᠤᠯᠭᠠᠨ ᠤ ᠬᠦᠷᠢᠶᠡᠯᠡᠩ ᠦᠨ ᠲᠠᠢᠢᠯᠤᠠ ᠳᠤ ᠳᠤᠷᠠᠳᠵᠠᠢ᠃

ᠴᠡᠷᠢᠭ ᠠᠷᠮᠢ᠂ ᠵᠡᠪᠰᠡᠭᠯᠡᠯ ᠳᠥ ᠵᠠᠷᠤᠴᠠᠭᠤᠯᠵᠤ ᠪᠤᠢ ᠡᠨᠡ ᠶᠡᠬᠡ ᠲᠥᠰᠥᠪ᠂ ᠬᠥᠷᠥᠩ᠋ᠭᠡ ᠢᠢ ᠨᠡᠩ ᠪᠠᠭᠤᠷᠠᠢ ᠪᠣᠯᠤᠨ ᠬᠥᠭ᠍ᠵᠢᠵᠦ ᠪᠤᠢ ᠤᠯᠤᠰ ᠣᠷᠣᠨ ᠨᠤᠭᠤᠳ ᠲᠤ ᠵᠣᠷᠢᠭᠤᠯᠤᠭᠰᠠᠨ ᠪᠣᠯ ᠬᠡᠴᠢᠨᠡᠨ ᠰᠠᠢ ᠠ ᠬᠡᠦᠬᠡᠳ ᠦᠨ ᠢᠷᠡᠭᠡᠳᠦᠢ ᠭᠡᠷᠡᠯᠲᠦᠵᠦ᠂ ᠬᠡᠴᠢᠨᠡᠨ ᠰᠠᠶ᠎ᠠ ᠬᠦᠮᠦᠨ ᠶᠠᠳᠠᠭᠤᠷᠠᠯ ᠠᠴᠠ ᠭᠠᠷᠴᠤ᠂ ᠬᠡᠴᠢᠨᠡᠨ ᠰᠠᠶ᠎ᠠ ᠬᠦᠮᠦᠨ ᠥᠯᠥᠰᠬᠦᠯᠡᠩ᠂ ᠡᠪᠡᠳᠴᠢᠨ ᠵᠣᠪᠠᠯᠠᠩ ᠠᠴᠠ ᠠᠩ᠋ᠭᠢᠵᠢᠷᠠᠵᠤ᠂ ᠬᠡᠴᠢᠨᠡᠨ ᠰᠠᠶ᠎ᠠ ᠬᠦᠮᠦᠨ ᠬᠣᠭᠣᠯᠠ ᠬᠦᠨᠡᠰᠦ ᠲᠡᠢ᠂ ᠡᠷᠳᠡᠮ ᠪᠣᠯᠪᠠᠰᠤᠷᠠᠯ ᠲᠠᠢ᠂ ᠠᠵᠢᠯ ᠤᠨ ᠪᠠᠢᠢᠷᠢ ᠲᠠᠢ᠂ ᠤᠷᠤᠬᠤ ᠣᠷᠣᠨ ᠲᠠᠢ ᠪᠣᠯᠬᠤ ᠪᠠᠢᠢᠭᠰᠠᠨ ᠪᠣᠯ?

ᠡᠨᠡ ᠶᠡᠬᠡ ᠵᠠᠷᠤᠳᠠᠯ ᠮᠥᠩ᠋ᠭᠥ ᠢᠢ ᠬᠦᠮᠦᠨ ᠲᠥᠷᠥᠯᠬᠢᠲᠡᠨ ᠦ ᠡᠮᠦᠨ᠎ᠡ ᠲᠤᠯᠭᠠᠷᠠᠭᠠᠳ ᠪᠤᠢ ᠳᠡᠯᠡᠬᠡᠢ ᠢᠢᠨ ᠳᠤᠯᠠᠭᠠᠷᠠᠯ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠶᠡᠬᠡ ᠦᠢᠯᠡᠰ ᠲᠥ ᠵᠠᠷᠤᠴᠠᠭᠤᠯᠤᠭᠰᠠᠨ ᠪᠣᠯ ᠶᠠᠮᠠᠷ ᠶᠡᠬᠡ ᠠᠬᠢᠴᠠ ᠳᠡᠪᠰᠢᠯ ᠭᠠᠷᠴᠤ ᠪᠣᠯᠬᠤ ᠪᠠᠢᠢᠭᠰᠠᠨ ᠪᠣᠯ ᠭᠡᠳᠡᠭ ᠢ ᠳᠡᠯᠡᠬᠡᠢ ᠨᠡᠢᠢᠲᠡ ᠪᠡᠷ ᠢᠶᠡᠨ ᠡᠷᠭᠢᠴᠡᠭᠦᠯᠦᠨ ᠪᠣᠳᠣᠵᠤ᠂ ᠲᠤᠩ᠋ᠭᠠᠨ ᠦᠵᠡᠬᠦ ᠴᠠᠭ ᠨᠢᠭᠡᠨᠲᠡ ᠪᠣᠯᠵᠠᠢ᠃

ᠬᠦᠮᠦᠨ ᠲᠥᠷᠥᠯᠬᠢᠲᠡᠨ ᠥᠩ᠋ᠭᠡᠷᠡᠭᠰᠡᠨ XX ᠵᠠᠭᠤᠨ ᠳᠤ ᠳᠡᠯᠡᠬᠡᠢ ᠢᠢᠨ ᠬᠣᠶᠠᠷ ᠲᠣᠮᠣ ᠳᠠᠢᠢᠨ ᠦᠵᠡᠵᠦ᠂ ᠬᠣᠬᠢᠷᠠᠯ ᠬᠥᠨᠥᠭᠡᠯ ᠠᠮᠰᠠᠵᠤ᠂ ᠬᠦᠢᠲᠡᠨ ᠳᠠᠢᠢᠨ ᠤ ᠵᠢᠪᠡᠷᠡᠭᠦᠨ ᠠᠭᠤᠷ ᠠᠮᠢᠰᠬᠤᠯ ᠳᠤ ᠠᠮᠢᠳᠤᠷᠠᠵᠤ᠂ ᠬᠠᠭᠠᠷᠠᠯ ᠲᠠᠯᠠᠴᠠᠯ᠂ ᠱᠠᠰᠢᠨ ᠬᠣᠭᠣᠷᠣᠨᠳᠣ ᠢᠢᠨ ᠮᠥᠷᠭᠥᠯᠳᠦᠭᠡᠨ᠂ ᠲᠧᠷᠷᠣᠷᠢᠰᠮ ᠵᠡᠷᠭᠡ ᠭᠠᠢ ᠭᠠᠮᠰᠢᠭ᠂ ᠭᠠᠰᠢᠭᠤᠨ ᠵᠣᠪᠠᠯᠠᠩ ᠢ ᠬᠠᠩ᠋ᠭᠠᠯᠲᠠᠲᠠᠢ ᠲᠤᠭᠤᠯᠤᠭᠰᠠᠨ ᠠᠲᠠᠯ᠎ᠠ ᠥᠨᠥᠳᠥᠷ ᠴᠤ ᠪᠢᠳᠡᠨ ᠦ ᠳᠡᠯᠡᠬᠡᠢ ᠶᠢᠷᠲᠢᠨᠴᠦ ᠢᠢᠨ ᠨᠥᠬᠥᠴᠡᠯ ᠪᠠᠢᠢᠳᠠᠯ ᠤᠯᠠᠮ ᠪᠦᠷ ᠬᠦᠨᠳᠦᠷᠡᠵᠦ᠂ ᠦᠯᠦ ᠢᠲᠡᠭᠡᠯᠴᠡᠯ᠂ ᠦᠯᠦ ᠣᠢᠢᠯᠠᠭᠠᠯᠴᠠᠯ ᠬᠡᠲᠦ ᠳᠠᠭᠠᠭᠠᠮᠵᠢᠷᠠᠵᠤ ᠪᠠᠢᠢᠭ᠎ᠠ ᠨᠢ ᠲᠤᠢᠢᠯ ᠤᠨ ᠬᠠᠷᠠᠮᠰᠠᠯᠲᠠᠢ ᠪᠠᠢᠢᠨ᠎ᠠ᠃

ᠡᠢᠢᠮᠦ ᠡᠴᠡ ᠥᠩ᠋ᠭᠡᠷᠡᠭᠰᠡᠨ ᠲᠡᠦᠬᠡ ᠢᠢᠨ ᠠᠯᠳᠠᠭ᠎ᠠ ᠣᠨᠣᠭᠣᠨ ᠠᠴᠠ ᠰᠤᠷᠭᠠᠮᠵᠢ ᠠᠪᠴᠤ᠂ ᠥᠨᠥ ᠴᠠᠭ ᠤᠨ ᠬᠦᠨᠳᠦᠷᠡᠯᠲᠡᠢ ᠦᠶ᠎ᠡ ᠳᠥ ᠬᠠᠷᠢᠯᠴᠠᠨ ᠢᠲᠡᠭᠡᠯᠴᠡᠯ᠂ ᠬᠠᠷᠢᠯᠴᠠᠨ ᠣᠢᠢᠯᠠᠭᠠᠯᠴᠠᠯ᠂ ᠬᠠᠷᠢᠯᠴᠠᠨ ᠬᠦᠨᠳᠦᠳᠬᠡᠯ ᠢ ᠡᠷᠬᠢᠮᠯᠡᠨ᠂ ᠠᠯᠢᠪᠠ ᠦᠯᠦ ᠣᠢᠢᠯᠠᠭᠠᠯᠴᠠᠯ᠂ ᠵᠥᠷᠢᠴᠡᠯ ᠮᠥᠷᠭᠥᠯᠳᠦᠭᠡᠨ᠂ ᠳᠠᠢᠢᠨ ᠲᠤᠯᠤᠭᠠᠨ ᠢ ᠡᠩᠬᠡ ᠲᠠᠢᠢᠪᠤᠩᠴᠢ ᠬᠠᠨᠳᠤᠯᠭ᠎ᠠ᠂ ᠡᠩᠬᠡ ᠢᠢᠨ ᠶᠠᠷᠢᠶ᠎ᠠ ᠬᠡᠯᠡᠯᠴᠡᠭᠡᠨ ᠦ ᠵᠠᠮ ᠢᠶᠠᠷ ᠰᠢᠢᠳᠪᠦᠷᠢᠯᠡᠬᠦ ᠢᠢ ᠢᠮᠠᠭᠲᠠ ᠵᠣᠷᠢᠵᠤ ᠠᠵᠢᠯᠯᠠᠬᠤ ᠶᠣᠰᠣᠲᠠᠢ ᠶᠤᠮ᠃

ᠲᠡᠷᠲᠡᠭᠡᠬᠢ ᠨᠠᠢᠮᠠᠨ ᠵᠠᠭᠤᠨ ᠤ ᠡᠮᠦᠨ᠎ᠡ ᠮᠣᠩ᠋ᠭᠣᠯᠴᠤᠳ ᠪᠢᠳᠡᠨ ᠦ ᠡᠪᠦᠭᠡ ᠳᠡᠭᠡᠳᠦᠰ ᠶᠡᠬᠡ ᠡᠵᠡᠨ ᠴᠢᠩ᠋ᠭᠢᠰ ᠬᠠᠭᠠᠨ ᠮᠣᠩ᠋ᠭᠣᠯ ᠲᠤᠭᠤᠷᠭᠠᠲᠠᠨ ᠢ ᠨᠢᠭᠡᠳᠬᠡᠨ᠂ ᠮᠥᠩᠬᠡ ᠬᠥᠬᠡ ᠲᠩᠷᠢ ᠢᠢᠨ ᠬᠦᠴᠦᠨ ᠳ᠋ᠣᠷ ᠶᠡᠬᠡ ᠮᠣᠩ᠋ᠭᠣᠯ ᠤᠯᠤᠰ ᠢ ᠪᠠᠢᠢᠭᠤᠯᠵᠤ᠂ ᠣᠯᠠᠨ ᠵᠠᠭᠤᠨ ᠵᠢᠯ ᠦᠷᠭᠦᠯᠵᠢᠯᠡᠭᠰᠡᠨ ᠳᠠᠢᠢᠨ ᠲᠤᠯᠤᠭᠠᠨ᠂ ᠵᠥᠷᠢᠴᠡᠯ ᠮᠥᠷᠭᠥᠯᠳᠦᠭᠡᠨ ᠢ ᠡᠴᠦᠰᠯᠡᠨ᠂ ᠥᠷᠥᠨ᠎ᠡ᠂ ᠳᠣᠷᠣᠨ᠎ᠠ ᠢᠢ ᠲᠥᠷᠥᠳᠦ ᠶᠣᠰᠣ᠂ ᠬᠠᠤᠯᠢ ᠴᠠᠭᠠᠵᠠ ᠢᠢᠨ ᠳ᠋ᠣᠷ ᠲᠥᠪᠰᠢᠳᠬᠡᠨ᠂ ᠧᠦ᠋ᠷᠤᠠᠽᠢ ᠢᠢᠨ ᠥᠷᠭᠡᠨ ᠠᠭᠤᠳᠠᠮ ᠨᠤᠲᠤᠭ ᠲᠤ 《ᠮᠣᠩ᠋ᠭᠣᠯ ᠤᠨ ᠶᠡᠬᠡ ᠠᠮᠤᠷ ᠠᠮᠤᠭᠤᠯᠠᠩ》᠍ ᠢ ᠴᠣᠭᠴᠠᠯᠠᠭᠠᠭᠰᠠᠨ ᠲᠡᠦᠬᠡ ᠲᠡᠢ ᠪᠢᠯᠡ᠃

《ᠮᠣᠩ᠋ᠭᠣᠯ ᠤᠨ ᠶᠡᠬᠡ ᠠᠮᠤᠷ ᠠᠮᠤᠭᠤᠯᠠᠩ》 ᠲᠣᠭᠲᠠᠭᠠᠬᠰᠠᠨ ᠨᠢ ᠬᠦᠮᠦᠨ ᠲᠥᠷᠥᠯᠬᠢᠲᠡᠨ ᠦ ᠬᠥᠭ᠍ᠵᠢᠯ ᠳᠡᠪᠰᠢᠯ ᠳᠥ ᠴᠢᠬᠤᠯᠠ ᠡᠭᠦᠷᠭᠡ ᠭᠦᠢᠴᠡᠳᠭᠡᠵᠦ᠂ ᠤᠯᠤᠰ ᠬᠣᠭᠣᠷᠣᠨᠳᠣ ᠢᠢᠨ ᠬᠤᠳᠠᠯᠳᠤᠭ᠎ᠠ ᠠᠷᠠᠯᠵᠢᠶ᠎ᠠ ᠴᠢᠯᠦᠭᠡᠲᠡᠢ ᠪᠣᠯᠵᠤ᠂ ᠡᠯᠴᠢ ᠰᠤᠯᠢᠯᠴᠠᠬᠤ ᠶᠣᠰᠣᠨ ᠲᠣᠭᠲᠠᠵᠤ᠂ ᠪᠤᠰᠤᠳ ᠠᠷᠠᠳ ᠲᠦᠮᠡᠨ ᠳᠥ ᠥᠪᠡᠷ ᠦᠨ ᠰᠤᠶᠤᠯ᠂ ᠱᠠᠰᠢᠨ ᠢ ᠲᠤᠯᠭᠠᠯ ᠦᠭᠡᠢ ᠱᠠᠰᠢᠨ ᠤ ᠡᠷᠬᠡ ᠴᠢᠯᠦᠭᠡ᠂ ᠬᠠᠤᠯᠢ ᠳᠡᠭᠡᠳᠦᠯᠡᠬᠦ ᠶᠣᠰᠣᠨ ᠤ ᠦᠵᠡᠯ ᠰᠠᠨᠠᠭ᠎ᠠ ᠢᠢ ᠲᠤᠩᠬᠠᠭᠯᠠᠭᠰᠠᠨ ᠵᠡᠷᠭᠡ ᠨᠢ ᠮᠣᠩ᠋ᠭᠣᠯᠴᠤᠳ ᠤᠨ ᠳᠡᠯᠡᠬᠡᠢ ᠢᠢᠨ ᠲᠡᠦᠬᠡᠨ ᠳᠥ ᠣᠷᠣᠭᠤᠯᠤᠭᠰᠠᠨ ᠴᠢᠬᠤᠯᠠ ᠬᠤᠪᠢ ᠨᠡᠮᠡᠷᠢ ᠪᠠᠢᠢᠭᠰᠠᠨ ᠢ ᠳᠡᠯᠡᠬᠡᠢ ᠢᠢᠨ ᠡᠷᠳᠡᠮᠲᠡᠨ᠂ ᠰᠤᠳᠤᠯᠤᠭᠠᠴᠢᠳ ᠣᠨᠴᠠᠯᠠᠨ ᠲᠡᠮᠳᠡᠭᠯᠡᠳᠡᠭ ᠶᠤᠮ᠃

ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ ᠲᠡᠦᠬᠡᠲᠦ 800 ᠵᠢᠯ ᠦᠨ ᠣᠢ ᠢᠢ ᠲᠣᠬᠢᠶᠠᠯᠳᠤᠭᠤᠯᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 2005 ᠣᠨ ᠳᠤ ᠭᠠᠷᠭᠠᠭᠰᠠᠨ ᠲᠣᠭᠲᠠᠭᠠᠯ ᠳᠤ ᠮᠣᠩ᠋ᠭᠣᠯᠴᠤᠳ ᠤᠨ ᠬᠦᠮᠦᠨ ᠲᠥᠷᠥᠯᠬᠢᠲᠡᠨ ᠦ ᠲᠡᠦᠬᠡᠨ ᠳᠥ ᠣᠷᠣᠭᠤᠯᠤᠭᠰᠠᠨ ᠬᠤᠪᠢ ᠨᠡᠮᠡᠷᠢ ᠢᠢ ᠥᠨᠳᠥᠷ ᠢᠶᠡᠷ ᠦᠨᠡᠯᠡᠨ᠂ 《ᠮᠣᠩ᠋ᠭᠣᠯᠴᠤᠳ ᠪᠣᠯ ᠠᠽᠢ᠂ ᠧᠦ᠋ᠷᠣᠫᠠ ᠢᠢᠨ ᠣᠯᠠᠨ ᠨᠡᠢᠢᠭᠡᠮ ᠳᠥ ᠥᠪᠡᠷ ᠦᠨ ᠤᠯᠪᠠᠭ᠎ᠠ ᠢᠢ ᠦᠯᠡᠳᠡᠭᠡᠬᠦ ᠢᠢᠨ ᠵᠡᠷᠭᠡᠴᠡᠭᠡ ᠥᠷᠥᠨ᠎ᠡ᠂ ᠳᠣᠷᠣᠨ᠎ᠠ ᠢᠢᠨ ᠰᠤᠶᠤᠯ ᠤᠯᠠᠮᠵᠢᠯᠠᠯ ᠢ ᠥᠪᠡᠷᠲᠡᠭᠡᠨ ᠰᠢᠩ᠋ᠭᠡᠭᠡᠨ᠂ ᠬᠥᠮᠥᠨ ᠦ ᠦᠨᠡᠲᠦ ᠵᠦᠢᠯᠡᠰ ᠦᠨ ᠰᠣᠯᠪᠢᠴᠠᠯ᠂ ᠳᠡᠯᠡᠬᠡᠢ ᠢᠢᠨ ᠢᠷᠭᠡᠨᠰᠢᠯ ᠦᠳ ᠢ ᠬᠣᠯᠪᠣᠭᠰᠠᠨ ᠭᠦᠭᠦᠷᠭᠡ ᠪᠣᠯᠵᠤ᠂ ᠬᠤᠳᠠᠯᠳᠤᠭ᠎ᠠ᠂ ᠠᠷᠠᠯᠵᠢᠶᠠᠨ ᠤ ᠥᠷᠭᠡᠨ ᠰᠦᠯᠵᠢᠶ᠎ᠡ ᠢᠢ ᠬᠥᠭ᠍ᠵᠢᠭᠦᠯᠬᠦ᠂ ᠵᠠᠰᠠᠭ ᠵᠠᠬᠢᠷᠭ᠎ᠠ᠂ ᠰᠤᠶᠤᠯ᠂ ᠱᠠᠰᠢᠨ ᠪᠣᠯᠤᠨ ᠬᠤᠳᠠᠯᠳᠤᠭᠠᠨ ᠤ ᠲᠣᠮᠣᠬᠠᠨ ᠲᠥᠪ ᠦᠳ ᠢ ᠪᠤᠢ ᠪᠣᠯᠭᠠᠵᠤ᠂ ᠪᠦᠬᠦ ᠬᠡᠯᠪᠡᠷᠢ ᠢᠢᠨ ᠰᠤᠶᠤᠯ ᠢᠷᠭᠡᠨᠰᠢᠯ ᠬᠣᠭᠣᠷᠣᠨᠳᠣ ᠢᠢᠨ ᠶᠠᠷᠢᠶ᠎ᠠ ᠬᠡᠯᠡᠯᠴᠡᠭᠡ᠂ ᠬᠠᠷᠢᠯᠴᠠᠭ᠎ᠠ ᠢᠢ ᠬᠥᠭ᠍ᠵᠢᠭᠦᠯᠬᠦ ᠳᠥ ᠭᠦᠢᠴᠡᠳᠭᠡᠭ᠍ᠰᠡᠨ ᠴᠢᠬᠤᠯᠠ ᠡᠭᠦᠷᠭᠡ ᠢᠢ ᠬᠦᠯᠢᠶᠡᠨ ᠵᠥᠪᠰᠢᠶᠡᠷᠡᠴᠢ᠂ ᠮᠣᠩ᠋ᠭᠣᠯᠴᠤᠳ ᠤᠨ ᠰᠤᠶᠤᠯ ᠢᠷᠭᠡᠨᠰᠢᠯ ᠳᠥ ᠤᠯᠠᠮᠵᠢᠯᠠᠭᠳᠠᠨ ᠢᠷᠡᠭᠰᠡᠨ ᠪᠠᠢᠢᠭᠠᠯᠢ ᠳᠡᠯᠡᠬᠡᠢ ᠲᠡᠢ ᠪᠡᠨ ᠵᠣᠬᠢᠴᠠᠨ ᠠᠮᠢᠳᠤᠷᠠᠬᠤ ᠶᠣᠰᠣᠨ ᠤ ᠠᠴᠢ ᠬᠣᠯᠪᠣᠭᠳᠠᠯ ᠥᠨᠥ ᠢᠢᠨ ᠳᠡᠯᠡᠬᠡᠢ ᠶᠢᠷᠲᠢᠨᠴᠦ ᠳ᠋ᠥ ᠤᠯᠠᠮ ᠪᠦᠷ ᠥᠰᠦᠨ ᠨᠡᠮᠡᠭᠳᠡᠵᠦ ᠪᠤᠢ ᠢᠢ ᠣᠨᠴᠠᠯᠠᠵᠤ ᠪᠠᠢᠢᠨ᠎ᠠ》 ᠬᠡᠮᠡᠨ ᠴᠣᠬᠣᠨ ᠲᠡᠮᠳᠡᠭᠯᠡᠭᠰᠡᠨ ᠶᠤᠮ᠃

《ᠮᠣᠩ᠋ᠭᠣᠯ ᠤᠨ ᠶᠡᠬᠡ ᠠᠮᠤᠷ ᠠᠮᠤᠭᠤᠯᠠᠩ》 ᠨᠢ ᠥᠨᠥ ᠢᠢᠨ ᠳᠡᠯᠡᠬᠡᠢ ᠳ᠋ᠠᠬᠢᠨ ᠤ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠰᠠᠬᠢᠨ ᠬᠠᠮᠠᠭᠠᠯᠠᠬᠤ ᠢᠢᠨ ᠲᠥᠯᠦᠭᠡᠬᠢ ᠬᠠᠮᠲᠤ ᠢᠢᠨ ᠬᠦᠴᠦᠨ ᠴᠢᠷᠮᠠᠢᠢᠯᠲᠠ ᠢᠢᠨ ᠦᠨᠳᠦᠰᠦ ᠰᠠᠭᠤᠷᠢ ᠪᠣᠯᠬᠤᠢᠢᠴᠠ ᠳᠡᠪᠰᠢᠯᠲᠡᠲᠦ ᠦᠵᠡᠯ ᠰᠠᠨᠠᠭ᠎ᠠ ᠢᠢ ᠠᠭᠤᠯᠵᠤ ᠪᠠᠢᠢᠭᠰᠠᠨ ᠢ ᠡᠢᠢᠨ ᠬᠦ ᠲᠣᠳᠣ ᠢᠯᠡᠳᠬᠡᠵᠦ ᠪᠠᠢᠢᠨ᠎ᠠ᠃

ᠡᠢᠢᠮᠦ ᠡᠴᠡ ᠳᠡᠯᠡᠬᠡᠢ ᠢᠢᠨ ᠲᠡᠦᠬᠡᠨ ᠳᠥ 《ᠮᠣᠩ᠋ᠭᠣᠯ ᠤᠨ ᠶᠡᠬᠡ ᠠᠮᠤᠷ ᠠᠮᠤᠭᠤᠯᠠᠩ》 ᠳᠢᠭ᠌ ᠵᠢᠷᠤᠮ ᠢ ᠲᠣᠭᠲᠠᠭᠠᠵᠤ ᠶᠠᠪᠤᠭᠰᠠᠨ ᠮᠣᠩ᠋ᠭᠣᠯᠴᠤᠳ ᠤᠨ ᠦᠷ᠎ᠡ ᠰᠠᠳᠤ ᠪᠢᠳᠡ ᠳᠡᠯᠡᠬᠡᠢ ᠢᠢᠨ ᠤᠯᠤᠰ ᠣᠷᠣᠨ ᠨᠤᠭᠤᠳ ᠬᠠᠷᠢᠯᠴᠠᠨ ᠣᠢᠢᠯᠠᠭᠠᠯᠴᠠᠵᠤ᠂ ᠬᠠᠮᠲᠤᠷᠠᠨ ᠠᠵᠢᠯᠯᠠᠵᠤ᠂ ᠠᠯᠢᠪᠠ ᠵᠥᠷᠢᠴᠡᠯ ᠲᠡᠮᠡᠴᠡᠯ ᠢ ᠡᠩᠬᠡ ᠢᠢᠨ ᠶᠠᠷᠢᠶ᠎ᠠ ᠬᠡᠯᠡᠯᠴᠡᠭᠡᠨ ᠦ ᠵᠠᠮ ᠢᠶᠠᠷ᠂ ᠡᠪ ᠵᠦᠢ ᠪᠡᠷ ᠵᠣᠬᠢᠴᠠᠭᠤᠯᠵᠤ ᠴᠢᠳᠠᠬᠤ ᠠᠪᠠᠰᠤ ᠴᠡᠩᠬᠡᠷ ᠳᠡᠯᠡᠬᠡᠢ ᠮᠢᠨᠢ ᠠᠮᠤᠷ ᠠᠮᠤᠭᠤᠯᠠᠩ ᠪᠣᠯᠵᠤ᠂ ᠬᠦᠮᠦᠨ ᠲᠥᠷᠥᠯᠬᠢᠲᠡᠨ ᠳᠥ 《ᠳᠡᠯᠡᠬᠡᠢ ᠢᠢᠨ ᠠᠮᠤᠷ ᠠᠮᠤᠭᠤᠯᠠᠩ》 ᠢᠷᠡᠬᠦ ᠪᠣᠯᠤᠨ᠎ᠠ ᠭᠡᠳᠡᠭ ᠢ ᠬᠡᠯᠡᠬᠦ ᠢᠢᠨ ᠢᠯᠳᠠᠮ ᠳᠤ ᠡᠨᠡᠬᠦ ᠡᠩᠬᠡ ᠢᠢᠨ ᠦᠢᠯᠡᠰ ᠲᠥ ᠬᠠᠮᠲᠤᠷᠠᠨ ᠵᠢᠳᠬᠦᠬᠦ ᠢᠢ ᠳᠡᠯᠡᠬᠡᠢ ᠢᠢᠨ ᠤᠯᠤᠰ ᠲᠦᠮᠡᠨ ᠳᠥ ᠤᠷᠢᠶᠠᠯᠠᠵᠤ ᠪᠠᠢᠢᠨ᠎ᠠ᠃

ᠮᠣᠩ᠋ᠭᠣᠯ ᠤᠯᠤᠰ ᠡᠩᠬᠡ ᠢᠢ ᠡᠷᠬᠢᠮᠯᠡᠭᠰᠡᠨ᠂ ᠨᠡᠭᠡᠭᠡᠯᠲᠡ ᠲᠡᠢ᠂ ᠣᠯᠠᠨ ᠲᠤᠯᠭᠠᠭᠤᠷᠢᠲᠤ᠂ ᠪᠡᠶ᠎ᠡ ᠳᠠᠭᠠᠭᠰᠠᠨ ᠭᠠᠳᠠᠭᠠᠳᠤ ᠪᠣᠳᠣᠯᠭ᠎ᠠ ᠢᠢ ᠲᠤᠭᠤᠰᠢᠲᠠᠢ ᠶᠠᠪᠤᠭᠤᠯᠵᠤ ᠢᠷᠡᠭᠰᠡᠨ ᠪᠥᠭᠡᠳ ᠮᠠᠨ ᠤ ᠤᠯᠤᠰ ᠤᠨ ᠡᠨᠡᠬᠦ ᠭᠠᠳᠠᠭᠠᠳᠤ ᠪᠣᠳᠣᠯᠭ᠎ᠠ ᠢᠢ ᠣᠯᠠᠨ ᠤᠯᠤᠰ ᠲᠤ ᠰᠠᠢᠢᠰᠢᠶᠠᠨ ᠳᠡᠮᠵᠢᠵᠦ ᠪᠠᠢᠢᠳᠠᠭ ᠤᠨ ᠲᠣᠳᠣ ᠢᠯᠡᠷᠡᠯ ᠨᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠭᠤᠲ᠋ᠧᠷᠷᠧᠱ ᠥᠩ᠋ᠭᠡᠷᠡᠭᠰᠡᠨ 08 ᠳ᠋ᠤᠭᠠᠷ ᠰᠠᠷ᠎ᠠ ᠳᠤ ᠮᠣᠩ᠋ᠭᠣᠯ ᠤᠯᠤᠰ ᠲᠤ ᠠᠢᠢᠯᠴᠢᠯᠠᠬᠤ ᠳᠤ ᠪᠠᠨ 《ᠮᠣᠩ᠋ᠭᠣᠯ ᠤᠯᠤᠰ ᠪᠣᠯ ᠵᠥᠷᠢᠴᠡᠯ ᠲᠡᠮᠡᠴᠡᠯ ᠲᠡᠢ ᠳᠡᠯᠡᠬᠡᠢ ᠳᠥ ᠡᠩᠬᠡ ᠲᠠᠢᠢᠪᠤᠩ ᠤᠨ ᠪᠡᠯᠭᠡ ᠲᠡᠮᠳᠡᠭ ᠪᠣᠯᠤᠭᠰᠠᠨ ᠤᠯᠤᠰ》 ᠬᠡᠮᠡᠨ ᠣᠨᠴᠠᠯᠠᠨ ᠬᠡᠯᠡᠭᠰᠡᠨ ᠶᠠᠪᠤᠳᠠᠯ ᠶᠤᠮ᠃

ᠮᠣᠩ᠋ᠭᠣᠯ ᠤᠯᠤᠰ ᠣᠯᠠᠨ ᠤᠯᠤᠰ ᠤᠨ ᠡᠩᠬᠡ ᠲᠠᠢᠢᠪᠤᠩ ᠠᠶᠤᠯ ᠦᠭᠡᠢ ᠪᠠᠢᠢᠳᠠᠯ ᠢ ᠪᠡᠬᠢᠵᠢᠭᠦᠯᠬᠦ᠂ ᠡᠩᠬᠡ ᠢᠢ ᠬᠠᠮᠠᠭᠠᠯᠠᠬᠤ ᠦᠢᠯᠡᠰ ᠲᠥ ᠢᠳᠡᠪᠬᠢᠲᠡᠢ ᠣᠷᠣᠯᠴᠠᠵᠤ᠂ ᠣᠯᠠᠨ ᠰᠠᠨᠠᠯ᠂ ᠰᠠᠨᠠᠭᠠᠴᠢᠯᠭ᠎ᠠ ᠳᠡᠪᠰᠢᠭᠦᠯᠦᠨ ᠠᠵᠢᠯᠯᠠᠭᠰᠠᠨ ᠪᠥᠭᠡᠳ ᠡᠭᠦᠨ ᠦ ᠲᠣᠳᠣ ᠵᠢᠱᠢᠶ᠎ᠡ ᠪᠣᠯ ᠥᠪᠡᠷ ᠦᠨ ᠨᠤᠲᠤᠭ ᠳᠡᠪᠢᠰᠬᠡᠷ ᠢᠶᠡᠨ ᠴᠥᠮ᠎ᠡ ᠢᠢᠨ ᠵᠡᠪᠰᠡᠭ ᠦᠭᠡᠢ ᠪᠥᠰᠡ ᠬᠡᠮᠡᠨ ᠵᠠᠷᠯᠠᠭᠰᠠᠨ ᠶᠠᠪᠤᠳᠠᠯ ᠪᠢᠯᠡ᠃

ᠥᠩ᠋ᠭᠡᠷᠡᠭᠰᠡᠨ 08 ᠳ᠋ᠤᠭᠠᠷ ᠰᠠᠷ᠎ᠠ ᠳᠤ ᠪᠣᠯᠤᠭᠰᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠮ᠎ᠡ ᠢᠢᠨ ᠵᠡᠪᠰᠡᠭ ᠢ ᠦᠯᠦ ᠳᠡᠯᠭᠡᠷᠡᠭᠦᠯᠬᠦ ᠭᠡᠷ᠎ᠡ ᠢᠢᠨ ᠬᠡᠷᠡᠭᠵᠢᠯᠲᠡ ᠢᠢ ᠬᠢᠨᠠᠨ ᠬᠡᠯᠡᠯᠴᠡᠬᠦ 10 ᠳ᠋ᠤᠭᠠᠷ ᠪᠠᠭ᠎ᠠ ᠬᠤᠷᠠᠯ ᠤᠨ ᠨᠡᠭᠡᠭᠡᠯᠲᠡ ᠳᠥ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠬᠡᠯᠡᠭᠰᠡᠨ ᠦᠭᠡᠨ ᠳᠥ ᠪᠡᠨ 《ᠳᠡᠯᠡᠬᠡᠢ ᠶᠢᠷᠲᠢᠨᠴᠦ ᠴᠥᠮ᠎ᠡ ᠢᠢᠨ ᠠᠶᠤᠯ ᠠᠴᠠ ᠶᠡᠷᠦ ᠳᠥ ᠪᠡᠨ ᠭᠠᠭᠴᠠᠬᠠᠨ ᠠᠯᠬᠤᠮ ᠤᠨ ᠵᠠᠢ ᠳᠤ ᠪᠠᠢᠢᠨ᠎ᠠ》 ᠬᠡᠮᠡᠨ ᠰᠠᠨᠠᠭᠤᠯᠤᠭᠰᠠᠨ ᠢ ᠲᠠ ᠪᠢᠳᠡ ᠮᠡᠳᠡᠵᠦ ᠪᠠᠢᠢᠭ᠎ᠠ᠃

ᠡᠢᠢᠮᠦ ᠡᠴᠡ ᠡᠨᠡᠬᠦ ᠭᠡᠷᠢᠶᠡᠨ ᠳᠥ ᠨᠢᠭᠡᠳᠦᠨ ᠣᠷᠣᠭᠰᠠᠨ ᠤᠯᠤᠰ ᠣᠷᠣᠨ ᠨᠤᠭᠤᠳ ᠠᠴᠠ ᠭᠠᠳᠠᠨ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠨᠡᠢᠢᠲᠡ ᠭᠡᠰᠢᠭᠦᠨ ᠣᠷᠣᠨ ᠨᠤᠭᠤᠳ ᠴᠥᠮ᠎ᠡ ᠢᠢᠨ ᠵᠡᠪᠰᠡᠭ ᠡᠴᠡ ᠠᠩ᠋ᠭᠢᠳᠠ ᠳᠡᠯᠡᠬᠡᠢ ᠶᠢᠷᠲᠢᠨᠴᠦ ᠢᠢ ᠪᠤᠢ ᠪᠣᠯᠭᠠᠬᠤ ᠢᠢᠨ ᠲᠥᠯᠥᠭᠡ ᠤᠯᠤᠰ ᠲᠥᠷᠥ ᠢᠢᠨ ᠬᠦᠰᠡᠯ ᠡᠷᠡᠮᠡᠯᠵᠡᠯ᠂ ᠡᠷ᠎ᠡ ᠵᠣᠷᠢᠭ ᠭᠠᠷᠭᠠᠵᠤ᠂ ᠡᠬᠡ ᠳᠡᠯᠡᠬᠡᠢ᠂ ᠡᠩᠬᠡ ᠲᠠᠢᠢᠪᠤᠩ᠂ ᠢᠷᠡᠭᠡᠳᠦᠢ ᠬᠣᠢᠢᠴᠢ ᠦᠶ᠎ᠡ ᠢᠢᠨ ᠢᠶᠡᠨ ᠲᠥᠯᠥᠭᠡ ᠰᠡᠳᠬᠢᠯ ᠵᠢᠷᠦᠬᠡ᠂ ᠢᠲᠡᠭᠡᠯ ᠦᠨᠡᠮᠰᠢᠯ ᠢᠶᠡᠷ ᠢᠶᠡᠨ ᠨᠢᠭᠡᠳᠦᠨ ᠨᠡᠢᠢᠯᠡᠵᠦ᠂ ᠬᠠᠮᠲᠤᠷᠠᠨ ᠵᠢᠳᠬᠦᠬᠦ ᠢᠢ ᠤᠷᠢᠶᠠᠯᠠᠵᠤ ᠪᠠᠢᠢᠨ᠎ᠠ᠃

ᠴᠥᠮ᠎ᠡ ᠢᠢᠨ ᠵᠡᠪᠰᠡᠭ ᠦᠭᠡᠢ ᠳᠡᠯᠡᠬᠡᠢ ᠶᠢᠷᠲᠢᠨᠴᠦ ᠢᠢ ᠪᠤᠢ ᠪᠣᠯᠭᠠᠬᠤ ᠳᠤ ᠴᠥᠮ᠎ᠡ ᠢᠢᠨ ᠵᠡᠪᠰᠡᠭ ᠢ ᠬᠤᠷᠢᠶᠠᠬᠤ᠂ ᠦᠯᠦ ᠳᠡᠯᠭᠡᠷᠡᠭᠦᠯᠬᠦ᠂ ᠪᠦᠷᠢᠨ ᠤᠰᠠᠳᠭᠠᠬᠤ᠂ ᠴᠥᠮ᠎ᠡ ᠢᠢᠨ ᠵᠡᠪᠰᠡᠭ ᠦᠭᠡᠢ ᠪᠥᠰᠡ ᠨᠤᠲᠤᠭ ᠢ ᠪᠤᠢ ᠪᠣᠯᠭᠠᠬᠤ ᠶᠠᠪᠤᠳᠠᠯ ᠬᠠᠮᠤᠭ ᠤᠨ ᠵᠥᠪ᠂ ᠦᠷ᠎ᠡ ᠳ᠋ᠦᠩ ᠲᠡᠢ ᠠᠷᠭ᠎ᠠ ᠵᠠᠮ ᠮᠥᠨ ᠬᠡᠮᠡᠨ ᠮᠣᠩ᠋ᠭᠣᠯ ᠤᠯᠤᠰ ᠦᠵᠡᠳᠡᠭ᠃

ᠡᠢᠢᠮᠦ ᠡᠴᠡ ᠮᠣᠩ᠋ᠭᠣᠯ ᠤᠯᠤᠰ ᠴᠥᠮ᠎ᠡ ᠢᠢᠨ ᠵᠡᠪᠰᠡᠭ ᠦᠭᠡᠢ ᠰᠲ᠋ᠠᠲ᠋ᠦ᠋ᠰᠠ ᠣᠯᠠᠨ ᠤᠯᠤᠰ ᠢᠶᠠᠷ ᠬᠦᠯᠢᠶᠡᠨ ᠵᠥᠪᠰᠢᠶᠡᠷᠡᠭᠦᠯᠦᠭᠰᠡᠨ ᠨᠢ ᠳᠡᠯᠡᠬᠡᠢ ᠨᠡᠢᠢᠲᠡ ᠪᠡᠷ ᠢᠶᠡᠨ ᠴᠥᠮ᠎ᠡ ᠢᠢᠨ ᠵᠡᠪᠰᠡᠭ ᠡᠴᠡ ᠠᠩ᠋ᠭᠢᠳᠠ ᠪᠠᠢᠢᠬᠤ ᠬᠦᠴᠦᠨ ᠴᠢᠷᠮᠠᠢᠢᠯᠲᠠ ᠳᠤ ᠣᠷᠣᠭᠤᠯᠵᠤ ᠪᠤᠢ ᠪᠣᠳᠠᠲᠤ ᠬᠤᠪᠢ ᠨᠡᠮᠡᠷᠢ ᠭᠡᠵᠦ ᠦᠵᠡᠵᠦ ᠪᠠᠢᠢᠨ᠎ᠠ᠃

ᠡᠷᠬᠢᠮ ᠴᠢᠭᠤᠯᠭᠠᠨ ᠤ ᠳᠠᠷᠤᠭ᠎ᠠ ᠠ᠂

ᠳᠡᠯᠡᠬᠡᠢ ᠢᠢᠨ II ᠳᠠᠢᠢᠨ ᠤ ᠳᠠᠷᠠᠭ᠎ᠠ ᠲᠣᠭᠲᠠᠭᠠᠭᠰᠠᠨ ᠣᠯᠠᠨ ᠤᠯᠤᠰ ᠤᠨ ᠬᠠᠷᠢᠯᠴᠠᠭᠠᠨ ᠤ ᠳᠢᠭ᠌ ᠵᠢᠷᠤᠮ᠂ ᠬᠡᠮ ᠬᠡᠮᠵᠢᠶ᠎ᠡ ᠡᠷᠡᠰ ᠥᠭᠡᠷᠡᠴᠢᠯᠡᠭᠳᠡᠵᠦ ᠪᠠᠢᠢᠭ᠎ᠠ ᠡᠨᠡ ᠴᠠᠭ ᠦᠶ᠎ᠡ ᠳᠥ ᠣᠯᠠᠨ ᠲᠠᠯᠠᠲᠤ ᠬᠠᠮᠲᠤ ᠢᠢᠨ ᠠᠵᠢᠯᠯᠠᠭ᠎ᠠ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠭᠦᠢᠴᠡᠳᠭᠡᠬᠦ ᠡᠭᠦᠷᠭᠡ᠂ ᠠᠴᠢ ᠬᠣᠯᠪᠣᠭᠳᠠᠯ ᠤᠯᠠᠮ ᠪᠦᠷᠢ ᠨᠡᠮᠡᠭᠳᠡᠵᠦ ᠪᠠᠢᠢᠨ᠎ᠠ᠃

ᠡᠢᠢᠮᠦ ᠴᠤ ᠤᠴᠢᠷ ᠠᠴᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠰᠢᠨᠡᠴᠢᠯᠡᠯ ᠢ ᠡᠷᠴᠢᠮᠵᠢᠭᠦᠯᠬᠦ᠂ ᠲᠤᠰ ᠪᠠᠢᠢᠭᠤᠯᠤᠯᠭ᠎ᠠ ᠢᠢᠨ ᠪᠠᠢᠢᠷᠢ ᠰᠠᠭᠤᠷᠢ᠂ ᠡᠭᠦᠷᠭᠡ ᠢᠢ ᠪᠠᠲᠤᠳᠬᠠᠨ ᠪᠡᠬᠢᠵᠢᠭᠦᠯᠬᠦ ᠳᠥ ᠭᠡᠰᠢᠭᠦᠨ ᠤᠯᠤᠰ ᠪᠦᠷᠢ ᠢᠳᠡᠪᠬᠢᠲᠡᠢ ᠣᠷᠣᠯᠴᠠᠬᠤ ᠨᠢ ᠨᠡᠩ ᠴᠢᠬᠤᠯᠠ ᠭᠡᠵᠦ ᠦᠵᠡᠵᠦ ᠪᠠᠢᠢᠨ᠎ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠰᠢᠨᠡᠴᠢᠯᠡᠯ ᠦᠨ ᠰᠠᠭᠤᠷᠢ ᠠᠰᠠᠭᠤᠳᠠᠯ ᠨᠢ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ ᠳᠤ ᠣᠨᠤᠴᠤᠭᠠᠢ ᠡᠷᠬᠡ᠂ ᠡᠭᠦᠷᠭᠡ ᠲᠡᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠶᠤᠯ ᠦᠭᠡᠢ ᠢᠢᠨ ᠵᠥᠪᠯᠡᠯ ᠦᠨ ᠰᠢᠨᠡᠴᠢᠯᠡᠯ ᠭᠡᠵᠦ ᠮᠣᠩ᠋ᠭᠣᠯ ᠤᠯᠤᠰ ᠦᠵᠡᠳᠡᠭ᠃

ᠮᠠᠨ ᠤ ᠤᠯᠤᠰ 2009 ᠣᠨ ᠠᠴᠠ ᠡᠬᠢᠯᠡᠭᠰᠡᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠶᠤᠯ ᠦᠭᠡᠢ ᠢᠢᠨ ᠵᠥᠪᠯᠡᠯ ᠦᠨ ᠰᠢᠨᠡᠴᠢᠯᠡᠯ ᠦᠨ ᠠᠰᠠᠭᠤᠳᠠᠯ ᠢᠢᠠᠷ ᠬᠢ ᠵᠠᠰᠠᠭ ᠤᠨ ᠭᠠᠵᠠᠷ ᠬᠣᠭᠣᠷᠣᠨᠳᠣ ᠢᠢᠨ ᠶᠠᠷᠢᠶ᠎ᠠ ᠬᠡᠯᠡᠯᠴᠡᠭᠡᠨ ᠳᠥ ᠲᠣᠭᠲᠠᠮᠠᠯ ᠣᠷᠣᠯᠴᠠᠵᠤ᠂ ᠵᠠᠷᠴᠢᠮ ᠤᠨ ᠪᠠᠢᠢᠷᠢ ᠰᠠᠭᠤᠷᠢ ᠪᠠᠨ ᠢᠯᠡᠷᠬᠡᠢᠢᠯᠡᠭᠰᠡᠭᠡᠷ ᠢᠷᠡᠭᠰᠡᠨ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠬᠦᠮᠦᠨ ᠦ ᠡᠷᠬᠡ᠂ ᠡᠷᠬᠡ ᠴᠢᠯᠦᠭᠡ᠂ ᠬᠥᠭ᠍ᠵᠢᠯ ᠦᠨ ᠠᠰᠠᠭᠤᠳᠠᠯ ᠢ ᠬᠡᠯᠡᠯᠴᠡᠬᠦ ᠬᠠᠮᠤᠭ ᠤᠨ ᠴᠢᠬᠤᠯᠠ ᠶᠡᠨᠳᠡᠷ ᠭᠡᠳᠡᠭ ᠢ ᠰᠡᠭᠦᠯ ᠦᠨ ᠵᠢᠯ ᠦᠳ ᠦᠨ ᠦᠢᠯᠡ ᠶᠠᠪᠤᠳᠠᠯ ᠤᠳ ᠤᠯᠠᠮ ᠪᠦᠷᠢ ᠨᠣᠲᠠᠯᠠᠨ ᠬᠠᠷᠠᠭᠤᠯᠵᠤ ᠪᠠᠢᠢᠨ᠎ᠠ᠃

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ ᠡᠭᠦᠷᠭᠡ ᠢᠢ ᠪᠠᠲᠤᠳᠬᠠᠨ ᠪᠡᠬᠢᠵᠢᠭᠦᠯᠬᠦ ᠨᠢ ᠤᠯᠤᠰ ᠣᠷᠣᠨ ᠨᠤᠭᠤᠳ ᠤᠨ ᠬᠦᠴᠦᠨ ᠦ ᠲᠡᠩᠴᠡᠪᠦᠷᠢ ᠢᠢ ᠬᠠᠩ᠋ᠭᠠᠬᠤ᠂ ᠵᠢᠵᠢᠭ ᠪᠣᠯᠤᠨ ᠬᠥᠭ᠍ᠵᠢᠵᠦ ᠪᠤᠢ ᠤᠯᠤᠰ ᠣᠷᠣᠨ ᠨᠤᠭᠤᠳ ᠤᠨ ᠪᠠᠢᠢᠷᠢ ᠰᠠᠭᠤᠷᠢ᠂ ᠳᠠᠭᠤᠤ ᠬᠣᠭᠣᠯᠠᠢ ᠢᠢ ᠢᠯᠡᠭᠦᠦ ᠲᠣᠳᠣ ᠭᠠᠷᠭᠠᠵᠤ ᠢᠷᠡᠬᠦ ᠳᠥ ᠴᠢᠬᠤᠯᠠ ᠠᠴᠢ ᠬᠣᠯᠪᠣᠭᠳᠠᠯ ᠲᠠᠢ ᠬᠡᠮᠡᠨ ᠦᠵᠡᠵᠦ ᠪᠠᠢᠢᠨ᠎ᠠ᠃

ᠡᠢᠢᠮᠦ ᠡᠴᠡ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠢᠢᠨ 《ᠪᠢᠳᠡᠨ ᠦ ᠨᠡᠢᠢᠲᠡᠯᠢᠭ ᠵᠣᠷᠢᠯᠭ᠎ᠠ》 ᠢᠯᠡᠳᠬᠡᠯ ᠳᠥ ᠳᠡᠪᠰᠢᠭᠦᠯᠦᠭᠰᠡᠨ 《ᠥᠭᠡᠷᠡᠴᠢᠯᠡᠯᠲᠡ ᠢᠢᠨ ᠲᠠᠪᠤᠨ ᠴᠢᠭᠯᠡᠯ》 ᠬᠡᠮᠡᠬᠦ ᠰᠢᠨᠡᠴᠢᠯᠡᠯ ᠦᠨ ᠵᠣᠷᠢᠯᠲᠠ ᠨᠤᠭᠤᠳ ᠢ ᠭᠡᠰᠢᠭᠦᠨ ᠣᠷᠣᠨ ᠪᠣᠯᠭᠠᠨ ᠳᠡᠮᠵᠢᠵᠦ᠂ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠬᠥᠭ᠍ᠵᠢᠯ ᠳᠡᠪᠰᠢᠯ ᠦᠨ ᠲᠥᠯᠥᠭᠡ ᠬᠠᠮᠲᠤᠷᠠᠨ ᠵᠢᠳᠬᠦᠬᠦ ᠢᠢ ᠲᠠ ᠪᠦᠬᠦᠨ ᠳᠥ ᠤᠷᠢᠶᠠᠯᠠᠵᠤ ᠪᠠᠢᠢᠨ᠎ᠠ᠃

ᠮᠥᠩᠬᠡ ᠬᠥᠬᠡ ᠲᠩᠷᠢ ᠬᠦᠮᠦᠨ ᠲᠥᠷᠥᠯᠬᠢᠲᠡᠨ ᠪᠢᠳᠡᠨ ᠢ ᠥᠨᠢ ᠮᠥᠩᠬᠡᠳ ᠢᠪᠡᠭᠡᠬᠦ ᠪᠣᠯᠲᠤᠭᠠᠢ᠃

ᠪᠠᠶᠠᠷᠯᠠᠯ᠎ᠠ》 ᠭᠡᠯ᠎ᠡ᠃