Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 《ᠪᠦᠬᠦ ᠨᠡᠢᠢᠲᠡ ᠪᠡᠷ ᠮᠣᠳᠤ ᠲᠠᠷᠢᠬᠤ ᠦᠨᠳᠦᠰᠦᠨ ᠦ ᠡᠳᠦᠷ》 ᠍ ᠦᠨ ᠡᠳᠦᠷᠯᠢᠭ ᠲᠥ ᠤᠷᠤᠯᠴᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 《ᠪᠦᠬᠦ ᠨᠡᠢᠢᠲᠡ ᠪᠡᠷ ᠮᠣᠳᠣ ᠲᠠᠷᠢᠬᠤ ᠦᠨᠳᠦᠰᠦᠨ ᠦ ᠡᠳᠦᠷ》 ᠣᠯᠠᠨ ᠤᠯᠤᠰ ᠤᠨ ᠰᠤᠶᠤᠯ ᠤᠨ ᠴᠡᠴᠡᠷᠯᠢᠭᠲᠥ ᠬᠦᠷᠢᠶᠡᠯᠡᠩ ᠳᠥ ᠵᠣᠬᠢᠶᠠᠨ ᠪᠠᠢᠢᠭᠤᠯᠤᠭᠰᠠᠨ ᠡᠳᠦᠷᠯᠢᠭ ᠲᠥ ᠤᠷᠤᠯᠴᠠᠪᠠ᠃

ᠲᠡᠷᠡ ᠪᠡᠷ ᠡᠳᠦᠷᠯᠢᠭ ᠢ ᠨᠡᠭᠡᠭᠡᠵᠦ ᠬᠡᠯᠡᠭᠰᠡᠨ ᠦᠭᠡᠨ ᠳᠥ ᠪᠡᠨ᠂ 《ᠲᠡᠷᠪᠤᠮ ᠮᠣᠳᠣ《 ᠦᠨᠳᠦᠰᠦᠨ ᠦ ᠬᠥᠳᠡᠯᠭᠡᠭᠡᠨ ᠢ ᠳᠡᠮᠵᠢᠵᠦ᠂ ᠬᠠᠮᠲᠤᠷᠠᠨ ᠠᠵᠢᠯᠯᠠᠵᠤ ᠪᠠᠢᠢᠭ᠎ᠠ ᠪᠠᠢᠢᠭᠤᠯᠤᠯᠭ᠎ᠠ᠂ ᠠᠵᠤ ᠠᠬᠤᠢ ᠢᠢᠨ ᠨᠢᠭᠡᠴᠡ᠂ ᠢᠷᠭᠡᠳ ᠲᠥ ᠲᠠᠯᠠᠷᠬᠠᠯ ᠢᠯᠡᠷᠬᠡᠢᠢᠯᠡᠪᠡ᠃

ᠦᠨᠳᠦᠰᠦᠨ ᠦ ᠬᠥᠳᠡᠯᠭᠡᠭᠡᠨ ᠬᠡᠷᠡᠭᠵᠢᠵᠦ ᠡᠬᠢᠯᠡᠭᠰᠡᠨ ᠡᠴᠡ ᠬᠣᠢᠢᠰᠢ ᠮᠣᠳᠣ ᠦᠷᠡᠵᠢᠭᠦᠯᠭᠡ ᠢᠢᠨ ᠭᠠᠵᠠᠷ ᠤᠳ ᠤᠯᠤᠰ ᠤᠨ ᠬᠡᠮᠵᠢᠶᠡᠨ ᠳᠥ 37 ᠰᠠᠢ ᠠ ᠲᠠᠷᠢᠴᠠ᠂ ᠰᠠᠭᠤᠯᠭᠠᠴᠠ ᠢᠢᠨ ᠨᠥᠭᠡᠴᠡ ᠲᠡᠢ ᠪᠣᠯᠤᠭᠰᠠᠨ ᠨᠢ ᠵᠢᠯ ᠦᠨ ᠡᠮᠦᠨᠡᠬᠢ ᠲᠡᠢ ᠬᠠᠷᠢᠴᠠᠭᠤᠯᠬᠤ ᠳᠤ ᠳᠥᠷᠪᠡ ᠳ᠋ᠠᠬᠢᠨ ᠨᠡᠮᠡᠭᠳᠡᠭᠰᠡᠨ ᠢ ᠲᠣᠳᠣᠳᠬᠠᠪᠠ᠃

ᠴᠢᠨᠠᠭᠰᠢᠳᠠ ᠤᠳᠤᠷᠢᠳᠤᠯᠭ᠎ᠠ᠂ ᠵᠣᠬᠢᠶᠠᠨ ᠪᠠᠢᠢᠭᠤᠯᠤᠯᠲᠠ᠂ ᠰᠠᠩᠬᠦᠵᠢᠯᠲᠡ ᠵᠡᠷᠭᠡ ᠲᠥ ᠠᠩᠬᠠᠷᠬᠤ᠂ ᠲᠠᠷᠢᠴᠠ᠂ ᠰᠠᠭᠤᠯᠭᠠᠴᠠ ᠢᠢᠨ ᠨᠥᠭᠡᠴᠡ ᠢᠢ ᠤᠯᠠᠮ ᠨᠡᠮᠡᠬᠦ᠂ ᠠᠵᠤ ᠠᠬᠤᠢ ᠢᠢᠨ ᠨᠢᠭᠡᠴᠡ ᠨᠦᠭᠦᠳ ᠦᠨ ᠲᠧᠭᠨᠢᠭ ᠦᠨ ᠪᠣᠯᠤᠨ ᠬᠦᠮᠦᠨ ᠦ ᠨᠥᠭᠡᠴᠡ ᠢᠢᠨ ᠴᠢᠳᠠᠪᠬᠢ ᠢᠢ ᠰᠠᠢᠢᠵᠢᠷᠠᠭᠤᠯᠬᠤ᠂ ᠰᠠᠢᠢᠨ ᠲᠤᠷᠰᠢᠯᠭ᠎ᠠ᠂ ᠰᠢᠯᠢᠳᠡᠭ ᠲᠧᠭᠨᠣᠯᠣᠭᠢ᠂ ᠢᠨᠨᠣᠸᠠᠼ ᠨᠡᠪᠲᠡᠷᠡᠭᠦᠯᠬᠦ ᠨᠢ ᠴᠢᠬᠤᠯᠠ ᠪᠠᠢᠢᠭ᠎ᠠ ᠢᠢ ᠲᠡᠮᠳᠡᠭᠯᠡᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠠᠴᠠ ᠰᠠᠨᠠᠭᠠᠴᠢᠯᠠᠨ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ᠂ ᠮᠣᠩ᠋ᠭᠣᠯ ᠤᠯᠤᠰ ᠳ᠋ᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢᠨ ᠲᠥᠯᠥᠭᠡᠯᠡᠭᠴᠢ ᠢᠢᠨ ᠭᠠᠵᠠᠷ᠂ 《ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠨᠡᠢᠢᠭᠡᠮᠯᠢᠭ᠌》 НҮТББ ᠍ ᠲᠠᠢ ᠬᠠᠮᠲᠤᠷᠠᠨ 《ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠵᠠᠯᠠᠭᠤ ᠲᠥᠯᠥᠭᠡᠯᠡᠭᠴᠢ-ᠪᠠᠢᠢᠭᠠᠯᠢ ᠣᠷᠴᠢᠨ ᠤ ᠮᠠᠩᠯᠠᠢᠢᠯᠠᠯ》 ᠬᠥᠲᠥᠯᠪᠦᠷᠢ ᠵᠣᠬᠢᠶᠠᠨ ᠪᠠᠢᠢᠭᠤᠯᠤᠭᠰᠠᠨ᠃

ᠡᠨᠡ ᠬᠥᠲᠥᠯᠪᠦᠷᠢ ᠢᠢᠨ ᠰᠢᠯᠢᠳᠡᠭ ᠬᠣᠶᠠᠷ ᠣᠷᠣᠯᠴᠠᠭᠴᠢ ᠢᠢ ᠢᠷᠡᠬᠦ ᠰᠠᠷ᠎ᠠ ᠨᠤᠭᠤᠳ ᠲᠤ ᠠᠷᠠᠪ ᠤᠨ ᠪᠦᠭᠦᠳᠡ ᠨᠠᠢᠢᠷᠠᠮᠳᠠᠬᠤ ᠢᠭᠢᠫᠧᠲ ᠤᠯᠤᠰ ᠪᠣᠯᠤᠨ ᠺᠠᠨᠠᠳᠠ ᠤᠯᠤᠰ ᠲᠤ ᠪᠣᠯᠬᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠲᠤᠬᠠᠢ ᠰᠠᠭᠤᠷᠢ ᠺᠣᠨᠸᠧᠨᠼ ᠤᠨ ᠲᠠᠯ ᠤᠳ ᠤᠨ XXVII ᠪᠠᠭ᠎ᠠ ᠬᠤᠷᠠᠯ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠲᠤᠬᠠᠢ ᠺᠣᠨᠸᠧᠨᠼ ᠤᠨ ᠲᠠᠯ ᠤᠳ ᠤᠨ XV ᠪᠠᠭ᠎ᠠ ᠬᠤᠷᠠᠯ ᠳᠤ ᠤᠷᠤᠯᠴᠠᠬᠤ ᠡᠷᠬᠡ ᠪᠡᠷ ᠱᠠᠩᠨᠠᠭᠰᠠᠨ ᠢ ᠭᠠᠷᠳᠠᠭᠤᠯᠪᠠ᠃

ᠡᠳᠦᠷᠯᠢᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ᠂ ᠣᠯᠠᠨ ᠤᠯᠤᠰ ᠤᠨ ᠰᠤᠶᠤᠯ ᠤᠨ ᠴᠡᠴᠡᠷᠯᠢᠭᠲᠥ ᠬᠦᠷᠢᠶᠡᠯᠡᠩ᠂ ᠮᠣᠩ᠋ᠭᠣᠯ ᠤᠨ ᠮᠣᠳᠣ ᠦᠷᠡᠵᠢᠭᠦᠯᠦᠭ᠂ ᠴᠡᠴᠡᠷᠯᠢᠭᠵᠢᠭᠦᠯᠦᠯᠲᠡ ᠢᠢᠨ ᠮᠡᠷᠭᠡᠵᠢᠯ ᠦᠨ ᠪᠠᠢᠢᠭᠤᠯᠤᠯᠭ᠎ᠠ ᠨᠤᠭᠤᠳ ᠤᠨ ᠨᠢᠭᠡᠳᠦᠭᠰᠡᠨ ᠬᠣᠯᠪᠣᠭ᠎ᠠ᠂ 《ᠪᠠᠢᠢᠭᠠᠯᠢ ᠣᠷᠴᠢᠨ ᠤ ᠮᠡᠳᠡᠭᠡᠯᠡᠯ᠂ ᠰᠤᠷᠭᠠᠯᠲᠠ ᠢᠢᠨ ᠲᠥᠪ》 ᠲᠥᠷᠥ ᠢᠢᠨ ᠪᠤᠰᠤ ᠪᠠᠢᠢᠭᠤᠯᠤᠯᠭ᠎ᠠ᠂ ᠮᠣᠩ᠋ᠭᠣᠯ ᠤᠯᠤᠰ ᠤᠨ ᠶᠡᠬᠡ ᠰᠤᠷᠭᠠᠭᠤᠯᠢ ᠦᠨ 《ᠡᠺᠣᠯᠣᠭᠢ ᠤᠨ ᠪᠣᠯᠪᠠᠰᠤᠷᠠᠯ ᠤᠨ ᠲᠥᠪ》 ᠬᠠᠮᠲᠤᠷᠠᠨ ᠵᠣᠬᠢᠶᠠᠨ ᠪᠠᠢᠢᠭᠤᠯᠤᠯ᠎ᠠ᠃