Та "Internet explorer"-ийн сүүлийн хувилбар болох "Microsoft edge"-г ашиглана уу

Хэрэв "Microsoft edge"-г татах бол энд дарж татаж авна уу

《ᠮᠥᠩᠬᠡ ᠲᠩᠷᠢ ᠶᠢᠨ ᠪᠢᠴᠢᠭ-2022》 ᠮᠣᠩ᠋ᠭᠣᠯ ᠤᠷᠠᠨ ᠪᠢᠴᠢᠯᠭᠡ ᠶᠢᠨ ᠣᠯᠠᠨ ᠤᠯᠤᠰ ᠤᠨ ᠦᠵᠡᠰᠬᠦᠯᠡᠩ ᠳᠥ ᠪᠦᠲᠦᠭᠡᠯ ᠬᠦᠯᠢᠶᠡᠨ ᠠᠪᠤᠨ᠎ᠠ

ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ᠂ 《ᠮᠣᠩ᠋ᠭᠣᠯ ᠪᠠᠬᠠᠷᠬᠠᠯ ᠤᠨ ᠡᠳᠦᠷ》 ᠍ ᠲᠥ ᠵᠣᠷᠢᠭᠤᠯᠤᠭᠰᠠᠨ 《ᠮᠥᠩᠬᠡ ᠲᠩᠷᠢ ᠶᠢᠨ ᠪᠢᠴᠢᠭ᠌-2022》 ᠮᠣᠩ᠋ᠭᠣᠯ ᠤᠷᠠᠨ ᠪᠢᠴᠢᠯᠭᠡ ᠶᠢᠨ ᠣᠯᠠᠨ ᠤᠯᠤᠰ ᠤᠨ ᠦᠵᠡᠰᠬᠦᠯᠡᠩ ᠳᠥ 2022 ᠣᠨ ᠤ 11 ᠳ᠋ᠦᠭᠡᠷ ᠰᠠᠷ᠎ᠠ ᠶᠢᠨ 07 ᠍ ᠤ ᠡᠳᠦᠷ ᠬᠦᠷᠲᠡᠯ᠎ᠡ ᠪᠦᠲᠦᠭᠡᠯ ᠬᠦᠯᠢᠶᠡᠨ ᠠᠪᠤᠨ᠎ᠠ᠃

《ᠮᠥᠩᠬᠡ ᠲᠩᠷᠢ ᠶᠢᠨ ᠪᠢᠴᠢᠭ᠌》 ᠮᠣᠩ᠋ᠭᠣᠯ ᠤᠷᠠᠨ ᠪᠢᠴᠢᠯᠭᠡ ᠶᠢᠨ ᠣᠯᠠᠨ ᠤᠯᠤᠰ ᠤᠨ ᠦᠵᠡᠰᠬᠦᠯᠡᠩ ᠢ ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠠᠭ᠎ᠠ ᠪᠠᠷ 2011 ᠣᠨ ᠠᠴᠠ ᠡᠬᠢᠯᠡᠨ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠵᠤ ᠪᠠᠶᠢᠨ᠎ᠠ᠃

ᠡᠨᠡ ᠵᠢᠯ ᠦᠨ ᠦᠵᠡᠰᠬᠦᠯᠡᠩ ᠢ 《ᠴᠢᠩ᠋ᠭᠢᠰ ᠬᠠᠭᠠᠨ ᠪᠠ ᠮᠣᠩ᠋ᠭᠣᠯ ᠤᠨ ᠶᠡᠬᠡ ᠠᠮᠤᠷ ᠠᠮᠤᠭᠤᠯᠠᠩ》 ᠰᠡᠳᠦᠪ ᠢᠶᠡᠷ ᠵᠣᠬᠢᠶᠠᠨ ᠪᠠᠶᠢᠭᠤᠯᠵᠤ ᠪᠠᠶᠢᠭ᠎ᠠ ᠶᠤᠮ᠃ ᠦᠵᠡᠰᠬᠦᠯᠡᠩ ᠦᠨ ᠪᠦᠲᠦᠭᠡᠯ ᠦᠳ ᠢ ᠥᠨᠥᠳᠥᠷ ᠡᠴᠡ ᠡᠬᠢᠯᠡᠨ ᠮᠣᠩ᠋ᠭᠣᠯ ᠤᠨ ᠬᠡᠦᠬᠡᠳ ᠦᠨ ᠤᠷᠠᠯᠠᠨ ᠪᠦᠲᠦᠭᠡᠬᠦ ᠲᠥᠪ ᠦᠨ ᠪᠠᠶᠢᠷᠢᠨ ᠳᠤ ᠪᠣᠯᠤᠨ ᠪᠢᠴᠢᠭ᠌ ᠰᠣᠶᠣᠯ ᠲᠥᠪ ᠦᠨ bichigsoyol2020@gmail.com ᠴᠠᠬᠢᠮ ᠰᠢᠤᠳᠠᠨ ᠢᠶᠠᠷ ᠬᠦᠯᠢᠶᠡᠨ ᠠᠪᠴᠤ ᠡᠬᠢᠯᠡᠯ᠎ᠡ᠃