Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠦᠨᠳᠦᠰᠦᠨ ᠦ ᠦᠢᠯᠡᠳᠪᠦᠷᠢᠯᠡᠭᠴᠢ 《ᠦᠯᠡᠮᠵᠢ ᠣᠷᠭᠠᠨᠢᠭ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠪᠣᠯᠤᠨ 《ᠪᠠᠶᠠᠯᠢᠭ ᠹᠢᠢᠳ᠋》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠳᠤ ᠠᠵᠢᠯᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠦᠢᠯᠡᠳᠪᠦᠷᠢᠯᠡᠭᠴᠢ ᠠᠵᠤ ᠠᠬᠤᠢ ᠢᠢᠨ ᠨᠢᠭᠡᠴᠡ ᠨᠦᠭᠦᠳ ᠲᠥ ᠠᠵᠢᠯᠯᠠᠵᠤ ᠪᠠᠢᠢᠨ᠎ᠠ᠃

ᠲᠡᠷᠡ ᠪᠡᠷ ᠥᠨᠥᠳᠥᠷ 《ᠦᠯᠡᠮᠵᠢ ᠣᠷᠭᠠᠨᠢᠭ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠪᠣᠯᠤᠨ 《ᠪᠠᠶᠠᠯᠢᠭ ᠹᠢᠢᠳ᠋》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠋ᠳ᠋ᠤ ᠠᠵᠢᠯᠯᠠᠯ᠎ᠠ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠴᠠᠷ᠎ ᠲᠠᠬᠤᠯ ᠤᠨ ᠬᠦᠨᠳᠦ ᠵᠢᠯ ᠦᠳ ᠲᠥ ᠦᠢᠯᠡ ᠠᠵᠢᠯᠯᠠᠭ᠎ᠠ ᠢᠢ ᠪᠠᠨ ᠲᠠᠰᠤᠯᠳᠠᠭᠤᠯᠤᠯ ᠦᠭᠡᠢ᠂ ᠣᠯᠠᠨ ᠠᠷᠪᠠᠨ ᠬᠦᠮᠦᠨ ᠦ ᠠᠵᠢᠯ ᠤᠨ ᠪᠠᠢᠢᠷᠢ ᠢᠢ ᠬᠠᠳᠠᠭᠠᠯᠠᠵᠤ ᠪᠠᠢᠢᠭ᠎ᠠ ᠠᠵᠤ ᠠᠬᠤᠢ ᠢᠢᠨ ᠨᠢᠭᠡᠴᠡ ᠨᠦᠭᠦᠳ ᠦᠨ ᠤᠳᠤᠷᠢᠳᠤᠯᠭ᠎ᠠ ᠨᠤᠭᠤᠳ ᠲᠤ ᠲᠠᠯᠠᠷᠬᠠᠯ ᠢᠯᠡᠷᠬᠡᠢᠢᠯᠡᠪᠡ᠃

ᠴᠢᠨᠠᠭᠰᠢᠳᠠ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠦᠢᠯᠡᠳᠪᠦᠷᠢᠯᠡᠭᠴᠢ ᠳᠥ ᠪᠡᠨ ᠪᠦᠬᠦ ᠲᠠᠯ᠎ᠠ ᠪᠠᠷ ᠳᠡᠮᠵᠢᠬᠦ ᠢᠢᠨ ᠵᠡᠷᠭᠡᠴᠡᠭᠡ᠂ ᠢᠷᠭᠡᠳ ᠢᠶᠡᠨ ᠡᠷᠡᠭᠦᠯ᠂ ᠠᠶᠤᠯ ᠦᠭᠡᠢ ᠬᠦᠨᠡᠰᠦ ᠪᠡᠷ ᠬᠠᠩ᠋ᠭᠠᠬᠤ ᠢᠢᠨ ᠲᠥᠯᠦᠭᠡ ᠲᠥᠷᠦ᠂ ᠬᠤᠪᠢ ᠤᠨ ᠬᠡᠪᠰᠢᠯ ᠬᠠᠮᠲᠤ ᠳᠤ ᠪᠠᠨ ᠬᠦᠴᠦᠨ ᠴᠢᠷᠮᠠᠢᠢᠬᠤ ᠨᠢ ᠴᠢᠬᠤᠯᠠ ᠪᠠᠢᠢᠭ᠎ᠠ ᠢᠢ ᠬᠡᠯᠡᠪᠡ᠃

《ᠦᠯᠡᠮᠵᠢ ᠣᠷᠭᠠᠨᠢᠭ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ 11 ᠨᠡᠷ᠎ᠡ ᠲᠥᠷᠥᠯ ᠦᠨ 30 ᠰᠢᠯᠢᠨ ᠰᠠᠪᠠᠯᠠᠭ᠎ᠠ ᠲᠠᠢ ᠪᠦᠲᠦᠭᠡᠭ᠍ᠳᠡᠬᠦᠨ ᠦᠢᠯᠡᠳᠪᠦᠷᠢᠯᠡᠨ ᠵᠠᠬ᠎ᠠ ᠵᠡᠭᠡᠯᠢ ᠳᠥ ᠨᠡᠢᠢᠯᠡᠭᠦᠯᠵᠦ ᠪᠠᠢᠢᠨ᠎ᠠ. 《ᠮᠣᠨᠲ᠋ᠠᠷᠢᠮᠠᠯ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠍ ᠦᠨ ᠹᠧᠷᠮ ᠨᠢ ᠵᠢᠯ ᠳᠥ 370 ᠭᠠᠷᠤᠢ ᠲᠤᠨᠨ᠋‍᠋ ᠰᠦ᠋ᠨ᠂ 7 ᠲᠤᠨᠨ᠋‍᠋ ᠮᠢᠬ᠎ᠠ ᠦᠢᠯᠡᠳᠪᠦᠷᠢᠯᠡᠳᠡᠭ᠃

ᠮᠥᠨ 310 ᠭᠠ‍᠂ ᠲᠠᠯᠠᠪᠠᠢ ᠳᠤ ᠲᠡᠵᠢᠭᠡᠯ ᠦᠨ ᠮᠠᠨᠵᠢᠨ᠂ ᠣᠪᠢᠶᠠᠰᠤ᠂ ᠸᠠᠨᠭᠳᠤᠢ᠂ ᠠᠷᠪᠠᠢ ᠵᠡᠷᠭᠡ ᠲᠡᠵᠢᠭᠡᠯ ᠦᠨ ᠤᠷᠭᠤᠮᠠᠯ ᠲᠠᠷᠢᠶᠠᠯᠠᠵᠤ᠂ ᠵᠢᠯ ᠳᠥ 700 ᠲᠤᠨᠨ᠋‍᠋ ᠳᠠᠷᠤᠰᠢ᠂ 550 ᠲᠤᠨᠨ᠋‍᠋ ᠨᠣᠭᠣᠭᠠᠨ ᠲᠡᠵᠢᠭᠡᠯ᠂ 100 ᠲᠤᠨᠨ᠋‍᠋ ᠪᠠᠢᠢᠭᠠᠯᠢ ᠤᠨ ᠬᠠᠳᠤᠯᠠᠩ ᠪᠡᠯᠡᠳᠬᠡᠳᠡᠭ ᠪᠠᠢᠢᠨ᠎ᠠ᠃
《ᠪᠠᠶᠠᠯᠢᠭ ᠹᠢᠢᠳ᠋》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ 2018 ᠣᠨ ᠠᠴᠠ ᠡᠷᠴᠢᠮᠵᠢᠭᠰᠡᠨ ᠠᠵᠤ ᠠᠬᠤᠢ ᠢᠢᠨ ᠨᠢᠭᠡᠴᠡ ᠨᠦᠭᠦᠳ ᠲᠥ ᠤᠭᠤᠷᠠᠭ᠂ ᠠᠮᠢᠨ ᠳᠡᠮ᠂ ᠸᠢᠲ᠋ᠠᠮᠢᠨ ᠢᠶᠠᠷ ᠪᠠᠶᠠᠯᠢᠭ ᠪᠦᠲᠦᠭᠡᠭ᠍ᠳᠡᠬᠦᠨ ᠨᠡᠢᠢᠯᠡᠭᠦᠯᠵᠦ ᠪᠠᠢᠢᠨ᠎ᠠ᠃

ᠦᠢᠯᠡᠳᠪᠦᠷᠢ ᠨᠢ ᠡᠳᠦᠷ ᠲᠥ 240 ᠲᠤᠨᠨ᠋‍᠋ ᠂ ᠰᠠᠷ᠎ᠠ ᠳᠤ 5᠂000 ᠲᠤᠨᠨ᠋‍᠋ ᠪᠦᠷᠢᠨ ᠨᠠᠢᠢᠷᠠᠯᠭᠠᠳᠤ ᠲᠡᠵᠢᠭᠡᠯ ᠦᠢᠯᠡᠳᠪᠦᠷᠢᠯᠡᠬᠦ ᠬᠦᠴᠦᠨ ᠴᠢᠳᠠᠯ ᠲᠠᠢ᠃ ᠥᠨᠳᠡᠭᠡᠯᠡᠭᠴᠢ ᠰᠢᠪᠠᠭᠤᠨ ᠤ 50 ᠭᠠᠷᠤᠢ ᠠᠵᠤ ᠠᠬᠤᠢ ᠢᠢᠨ ᠨᠢᠭᠡᠴᠡ᠂ 300 ᠭᠠᠷᠤᠢ ᠢᠷᠭᠡᠨ ᠳᠥ ᠰᠠᠷ᠎ᠠ ᠪᠦᠷᠢ 600 ᠲᠤᠨᠨ᠋‍᠋ ᠥᠨᠳᠡᠭᠡᠯᠡᠭᠴᠢ ᠰᠢᠪᠠᠭᠤᠨ ᠤ ᠲᠡᠵᠢᠭᠡᠯ ᠪᠣᠷᠣᠯᠠᠭᠤᠯᠳᠠᠭ᠃ ᠮᠥᠨ ᠮᠢᠬᠠᠨ ᠤ ᠰᠢᠪᠠᠭᠤ᠂ ᠭᠠᠬᠠᠢ᠂ ᠠᠳᠤᠭᠤ᠂ ᠦᠬᠡᠷ᠂ ᠬᠣᠨᠢᠨ ᠤ ᠠᠵᠤ ᠠᠬᠤᠢ ᠨᠤᠭᠤᠳ ᠲᠤ ᠲᠡᠵᠢᠭᠡᠯ ᠢᠶᠡᠨ ᠨᠡᠢᠢᠯᠡᠭᠦᠯᠳᠡᠭ ᠪᠠᠢᠢᠨ᠎ᠠ᠃

ᠳᠣᠲᠣᠭᠠᠳᠤ ᠢᠢᠨ ᠠᠵᠤ ᠠᠬᠤᠢ ᠢᠢᠨ ᠨᠢᠭᠡᠴᠡ ᠨᠦᠭᠦᠳ ᠰᠢᠪᠠᠭᠤᠨ ᠤ ᠲᠡᠵᠢᠭᠡᠯ ᠦᠨ ᠵᠠᠬ᠎ᠠ ᠵᠡᠭᠡᠯᠢ ᠢᠢ 100 ᠬᠤᠪᠢ ᠬᠠᠩ᠋ᠭᠠᠳᠠᠭ ᠶᠤᠮ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨᠠᠭ᠎ᠠ ᠢᠢᠨ ᠬᠦᠷᠦᠯᠰᠦ᠋ᠬᠡ ᠮᠥᠨ ᠡᠳᠦᠷ 《ᠭᠠᠴᠤᠷᠠᠲᠤ ᠬᠦᠨᠡᠰᠦ》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ  ᠳᠤ ᠠᠵᠢᠯᠯᠠᠨ᠎ᠠ᠃