Та "Internet explorer"-ийн сүүлийн хувилбар болох "Microsoft edge"-г ашиглана уу

Хэрэв "Microsoft edge"-г татах бол энд дарж татаж авна уу

ᠠᠭᠤᠷ ᠠᠮᠢᠰᠬᠤᠯ ᠤᠨ ᠥᠭᠡᠷᠡᠴᠢᠯᠡᠯᠲᠡ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠲᠠᠯ᠎ᠠ ᠪᠠᠷ ᠬᠡᠯᠡᠯᠴᠡᠵᠦ ᠪᠠᠢᠢᠨ᠎ᠠ

ᠠᠭᠤᠷ ᠠᠮᠢᠰᠬᠤᠯ ᠤᠨ ᠥᠭᠡᠷᠡᠴᠢᠯᠡᠯᠲᠡ ᠪᠣᠯᠤᠨ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠲᠤᠬᠠᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢ ᠺᠣᠨᠸᠧᠨᠼ ᠤᠳ ᠤᠨ ᠲᠠᠯ ᠤᠳ ᠤᠨ ᠪᠠᠭ᠎ᠠ ᠬᠤᠷᠠᠯ ᠢ ᠤᠭᠲᠤᠭᠰᠠᠨ ᠠᠭᠤᠯᠵᠠᠯᠲᠠ᠂ ᠬᠡᠯᠡᠯᠴᠡᠭᠦᠯᠭᠡ ᠲᠥᠷᠥ ᠢᠢᠨ ᠣᠷᠳᠣᠨ ᠳᠤ ᠡᠬᠢᠯᠡᠯ᠎ᠡ᠃

ᠠᠭᠤᠯᠵᠠᠯᠲᠠ᠂ ᠬᠡᠯᠡᠯᠴᠡᠭᠦᠯᠭᠡ ᠪᠡᠷ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ᠂ ᠲᠡᠭᠦᠨ ᠳᠥ ᠳᠠᠰᠤᠨ ᠵᠣᠬᠢᠴᠠᠬᠤ ᠳᠤ ᠴᠢᠭᠯᠡᠭᠰᠡᠨ ᠲᠣᠭᠲᠠᠪᠤᠷᠢᠲᠠᠢ ᠰᠠᠩᠬᠦᠵᠢᠯᠲᠡ᠂ ᠬᠥᠷᠥᠩ᠋ᠭᠡ ᠣᠷᠣᠭᠤᠯᠤᠯᠲᠠ ᠢᠢᠨ ᠪᠣᠯᠤᠮᠵᠢ᠂ ᠬᠥᠭ᠍ᠵᠢᠯ ᠦᠨ ᠲᠦᠩᠰᠢᠯᠡᠭᠴᠢᠳ ᠦᠨ ᠵᠦᠭ ᠡᠴᠡ ᠪᠠᠷᠢᠮᠲᠠᠯᠠᠵᠤ ᠪᠤᠢ ᠪᠣᠳᠣᠯᠭ᠎ᠠ᠂ ᠪᠠᠢᠢᠷᠢ ᠰᠠᠭᠤᠷᠢ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠬᠡᠯᠡᠯᠴᠡᠨ᠎ᠡ᠃

ᠮᠥᠨ ᠪᠢᠣᠯᠣᠭᠢ ᠢᠢᠨ ᠣᠯᠠᠨ ᠶᠠᠩᠵᠤ ᠪᠠᠢᠢᠳᠠᠯ ᠢ ᠬᠠᠮᠠᠭᠠᠯᠠᠬᠤ᠂ ᠲᠣᠭᠲᠠᠪᠣᠷᠢ ᠲᠠᠢ ᠠᠰᠢᠭᠯᠠᠬᠤ᠂ ᠭᠧᠨᠧᠲ᠋ᠢᠭ ᠨᠥᠭᠡᠴᠡ ᠢᠢᠨ ᠠᠰᠢᠭᠯᠠᠯᠲᠠ ᠬᠠᠮᠠᠭᠠᠯᠠᠯᠲᠠ᠂ ᠪᠠᠢᠢᠭᠠᠯᠢ ᠣᠷᠴᠢᠨ ᠢ ᠨᠥᠬᠥᠨ ᠰᠡᠷᠭᠦᠭᠡᠬᠦ᠂ ᠲᠣᠭᠲᠠᠪᠤᠷᠢᠲᠠᠢ ᠬᠥᠭ᠍ᠵᠢᠯ ᠦᠨ ᠪᠣᠯᠪᠠᠰᠤᠷᠠᠯ ᠢ ᠳᠡᠮᠵᠢᠬᠦ᠂ ᠲᠣᠭᠲᠠᠪᠤᠷᠢᠲᠠᠢ ᠦᠢᠯᠡᠳᠪᠦᠷᠢᠯᠡᠯ ᠬᠡᠷᠡᠭᠯᠡᠭᠡ ᠢᠢ ᠨᠤᠲᠤᠭᠰᠢᠭᠤᠯᠬᠤ᠂ ᠲᠤᠰᠬᠠᠢ ᠬᠠᠮᠠᠭᠠᠯᠠᠯᠲᠠ ᠲᠠᠢ ᠭᠠᠵᠠᠷ ᠨᠤᠲᠤᠭ ᠤᠨ ᠰᠦᠯᠵᠢᠶ᠎ᠡ ᠢᠢ ᠦᠷᠭᠡᠳᠭᠡᠬᠦ᠂ ᠲᠡᠳᠡᠭᠡᠷ ᠦᠨ ᠮᠧᠨᠧᠵᠮᠧᠨᠲ ᠢ ᠰᠠᠢᠢᠵᠢᠷᠠᠭᠤᠯᠬᠤ ᠲᠠᠯ᠎ᠠ ᠪᠠᠷ ᠬᠡᠯᠡᠯᠴᠡᠬᠦ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠭᠤᠯᠵᠠᠯᠲᠠ᠂ ᠬᠡᠯᠡᠯᠴᠡᠭᠦᠯᠭᠡ ᠢᠢ ᠨᠡᠭᠡᠭᠡᠵᠦ ᠦᠭᠡ ᠬᠡᠯᠡᠯ᠎ᠡ᠃

ᠲᠡᠷᠡ ᠪᠡᠷ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠥᠭᠡᠯᠡᠯ ᠪᠣᠯᠤᠨ ᠲᠡᠭᠦᠨ ᠲᠡᠢ ᠲᠡᠮᠡᠴᠡᠬᠦ᠂ ᠣᠢᠢᠵᠢᠭᠤᠯᠤᠯᠲᠠ᠂ ᠨᠣᠭᠣᠭᠠᠨ ᠪᠠᠢᠢᠭᠤᠯᠤᠮᠵᠢ ᠢᠢᠨ ᠠᠴᠢ ᠬᠣᠯᠪᠣᠭᠳᠠᠯ ᠤᠨ ᠲᠠᠯᠠᠭᠠᠷᠬᠢ ᠢᠷᠭᠡᠳ᠂ ᠠᠵᠤ ᠠᠬᠤᠢ ᠢᠢᠨ ᠨᠢᠭᠡᠴᠡ ᠨᠦᠭᠦᠳ ᠦᠨ ᠣᠢᠢᠯᠠᠭᠠᠯᠲᠠ᠂ ᠬᠠᠨᠳᠤᠯᠭ᠎ᠠ ᠰᠠᠢᠢᠵᠢᠷᠠᠵᠤ᠂ ᠡᠬᠡ ᠪᠠᠢᠢᠭᠠᠯᠢ᠂ ᠬᠣᠢᠢᠴᠢ ᠦᠶ᠎ᠡ ᠢᠢᠨ ᠢᠶᠡᠨ ᠲᠥᠯᠥᠭᠡ ᠬᠠᠮᠲᠤ ᠳᠤ ᠪᠠᠨ ᠮᠣᠳᠣ ᠲᠠᠷᠢᠵᠤ᠂ ᠤᠷᠭᠤᠭᠤᠯᠤᠨ᠂ ᠠᠷᠠᠴᠢᠯᠠᠨ ᠬᠠᠮᠠᠭᠠᠯᠠᠵᠤ ᠪᠠᠢᠢᠭ᠎ᠠ ᠳᠤ ᠲᠠᠯᠠᠷᠬᠠᠯ ᠢᠯᠡᠷᠬᠡᠢᠢᠯᠡᠪᠡ᠃

ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠢᠢᠳ ᠪᠠ‍ ∙ ᠪᠠᠲᠤ-ᠡᠷᠳᠡᠨᠢ 《ᠠᠭᠤᠷ ᠠᠮᠢᠰᠬᠤᠯ ᠤᠨ ᠥᠭᠡᠷᠡᠴᠢᠯᠡᠯᠲᠡ ᠪᠣᠯᠤᠨ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠲᠣᠭᠲᠠᠪᠤᠷᠢᠲᠠᠢ ᠰᠠᠩᠬᠦᠵᠢᠯᠲᠡ᠂ ᠤᠷᠲᠤ ᠬᠤᠭᠤᠴᠠᠭᠠᠨ ᠤ ᠬᠠᠮᠲᠤ ᠢᠢᠨ ᠠᠵᠢᠯᠯᠠᠭᠠᠨ ᠤ ᠪᠣᠳᠠᠲᠤ ᠬᠡᠷᠡᠭᠵᠢᠯᠲᠡ ᠢᠢ ᠬᠠᠩ᠋ᠭᠠᠬᠤ ᠬᠦᠷᠢᠶᠡᠨ ᠳᠥ ᠪᠠᠢᠢᠭᠠᠯᠢ ᠢᠢᠨ ᠨᠥᠭᠡᠴᠡ ᠢᠢᠨ ᠳᠠᠩᠰᠠᠨ ᠤ ᠠᠷᠭᠠᠴᠢᠯᠠᠯ ᠢ ᠬᠥᠭ᠍ᠵᠢᠭᠦᠯᠬᠦ᠂ ᠡᠺᠣᠰᠢᠰᠲ᠋ᠧᠮ ᠦᠨ ᠦᠢᠯᠡᠴᠢᠯᠡᠭᠡᠨ ᠦ ᠲᠥᠯᠦᠪᠦᠷᠢ ᠢᠢᠨ ᠵᠠᠷᠴᠢᠮ ᠢ ᠨᠤᠲᠤᠭᠰᠢᠭᠤᠯᠬᠤ ᠵᠡᠷᠭᠡ ᠪᠡᠷ ᠲᠧᠭᠨᠢᠭ ᠴᠢᠳᠠᠪᠬᠢ ᠢᠢ ᠪᠡᠬᠢᠵᠢᠭᠦᠯᠬᠦ ᠬᠡᠷᠡᠭᠴᠡᠭᠡ ᠨᠡᠩ ᠥᠨᠳᠦᠷ ᠪᠠᠢᠢᠨ᠎ᠠ》 ᠭᠡᠪᠡ᠃
ᠡᠨᠡ ᠤᠳᠠᠭ᠎ᠠ ᠢᠢᠨ ᠠᠭᠤᠯᠵᠠᠯᠲᠠ᠂ ᠬᠡᠯᠡᠯᠴᠡᠭᠦᠯᠭᠡ ᠳᠥ 17 ᠣᠷᠣᠨ ᠤ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠨ ᠲᠡᠷᠢᠭᠦᠨ᠂ ᠣᠯᠠᠨ ᠤᠯᠤᠰ ᠤᠨ ᠪᠣᠯᠤᠨ ᠲᠥᠷᠦ᠂ ᠬᠤᠪᠢ ᠢᠢᠨ ᠬᠡᠪᠰᠢᠯ᠂ ᠢᠷᠭᠡᠨ ᠦ ᠨᠡᠢᠢᠭᠡᠮ ᠦᠨ ᠪᠠᠢᠢᠭᠤᠯᠤᠯᠭ᠎ᠠ ᠢᠢᠨ 130 ᠣᠷᠴᠢᠮ ᠲᠥᠯᠦᠭᠡᠯᠡᠭᠴᠢ ᠣᠷᠣᠯᠴᠠᠵᠤ ᠪᠠᠢᠢᠨ᠎ᠠ᠃