Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠳᠤ ᠬᠠᠷᠢᠭᠤ ᠮᠡᠨᠳᠦᠴᠢᠯᠡᠭᠡ ᠢᠯᠡᠭᠡᠪᠡ

ᠮᠣᠩ᠋ᠭᠣᠯ ᠤᠯᠤᠰ ᠨᠤᠲᠤᠭ ᠳᠡᠪᠢᠰᠬᠡᠷ ᠢᠶᠡᠨ ᠴᠥᠮ᠎ᠡ ᠢᠢᠨ ᠵᠡᠪᠰᠡᠭ ᠡᠴᠡ ᠠᠩ᠋ᠭᠢᠳᠠ ᠬᠡᠮᠡᠨ ᠵᠠᠷᠯᠠᠭᠰᠠᠨ ᠤ 30 ᠵᠢᠯ ᠦᠨ ᠣᠢ ᠢᠢ ᠲᠣᠬᠢᠶᠠᠯᠳᠤᠭᠤᠯᠤᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠭᠤᠲ᠋ᠧᠷᠷᠧᠱ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠮᠡᠨᠳᠦᠴᠢᠯᠡᠭᠡ ᠳᠡᠪᠰᠢᠭᠦᠯᠦᠭᠰᠡᠨ ᠪᠠᠢᠢᠨ᠎ᠠ᠃

ᠮᠣᠩ᠋ᠭᠣᠯ ᠤᠯᠤᠰ ᠴᠥᠮ᠎ᠡ ᠢᠢᠨ ᠵᠡᠪᠰᠡᠭ ᠬᠤᠷᠢᠶᠠᠬᠤ᠂ ᠦᠯᠦ ᠳᠡᠯᠭᠡᠷᠡᠭᠦᠯᠬᠦ ᠴᠢᠭᠯᠡᠯ ᠢᠶᠡᠷ ᠲᠤᠭᠤᠰᠢᠲᠠᠢ ᠠᠵᠢᠯᠯᠠᠵᠤ ᠪᠤᠢ ᠳᠤ ᠲᠠᠯᠠᠷᠬᠠᠵᠤ᠂ ᠴᠥᠮ᠎ᠡ ᠢᠢᠨ ᠵᠡᠪᠰᠡᠭ ᠡᠴᠡ ᠠᠩ᠋ᠭᠢᠳᠠ ᠳᠡᠯᠡᠬᠡᠢ ᠶᠢᠷᠲᠢᠨᠴᠦ ᠢᠢ ᠴᠣᠭᠴᠠᠯᠠᠭᠠᠬᠤ ᠨᠡᠢᠢᠲᠡᠯᠢᠭ ᠵᠣᠷᠢᠯᠭ᠎ᠠ ᠢᠢᠨ ᠲᠥᠯᠦᠭᠡᠬᠢ ᠳᠠᠷᠠᠭ᠎ᠠ ᠢᠢᠨ ᠠᠯᠬᠤᠮ ᠢᠶᠠᠨ ᠬᠢᠬᠦ ᠢᠢᠨ ᠲᠤᠯᠠᠳᠠ ᠴᠥᠮ᠎ᠡ ᠢᠢᠨ ᠵᠡᠪᠰᠡᠭ ᠬᠤᠷᠢᠶᠠᠬᠤ᠂ ᠦᠯᠦ ᠳᠡᠯᠭᠡᠷᠡᠭᠦᠯᠬᠦ ᠴᠢᠭᠯᠡᠯ ᠢᠶᠡᠷ ᠲᠣᠭᠲᠠᠭᠠᠭᠰᠠᠨ ᠬᠠᠮᠲᠤ ᠢᠢᠨ ᠠᠵᠢᠯᠯᠠᠭ᠎ᠠ ᠢᠢ ᠪᠠᠨ ᠦᠷᠭᠦᠯᠵᠢᠯᠡᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠢᠯᠡᠷᠬᠡᠢᠢᠯᠡᠵᠡᠢ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨᠲ᠋ᠣᠨᠢᠤ‍ ᠭᠤᠲ᠋ᠧᠷᠷᠧᠱ ᠳᠥ ᠬᠠᠷᠢᠭᠤ ᠮᠡᠨᠳᠦᠴᠢᠯᠡᠭᠡ ᠢᠯᠡᠭᠡᠯ᠎ᠡ᠃

ᠥᠩ᠋ᠭᠡᠷᠡᠭᠰᠡᠨ ᠬᠤᠭᠤᠴᠠᠭᠠᠨ ᠳᠤ ᠮᠣᠩ᠋ᠭᠣᠯ ᠤᠯᠤᠰ ᠤᠨ ᠣᠯᠠᠨ ᠤᠯᠤᠰ ᠤᠨ ᠠᠶᠤᠯ ᠦᠭᠡᠢ ᠪᠠᠢᠢᠳᠠᠯ᠂ ᠴᠥᠮ᠎ᠡ ᠢᠢᠨ ᠵᠡᠪᠰᠡᠭ ᠦᠭᠡᠢ ᠰᠲ᠋ᠠᠲ᠋ᠦ᠋ᠰ ᠢ ᠪᠡᠬᠢᠵᠢᠭᠦᠯᠬᠦ ᠦᠢᠯᠡᠰ ᠲᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠲᠤᠭᠤᠰᠢᠲᠠᠢ ᠳᠡᠮᠵᠢᠯᠭᠡ ᠦᠵᠡᠭᠦᠯᠵᠦ ᠢᠷᠡᠭᠰᠡᠨ ᠳᠥ ᠮᠣᠩ᠋ᠭᠣᠯ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠲᠠᠯᠠᠷᠬᠠᠯ ᠢᠯᠡᠷᠬᠡᠢᠢᠯᠡᠪᠡ᠃

ᠮᠥᠨ ᠮᠣᠩ᠋ᠭᠣᠯ ᠤᠯᠤᠰ ᠳᠡᠯᠡᠬᠡᠢ ᠳ᠋ᠠᠬᠢᠨ ᠳᠤ ᠴᠥᠮ᠎ᠡ ᠢᠢᠨ ᠵᠡᠪᠰᠡᠭ ᠢ ᠬᠤᠷᠢᠶᠠᠬᠤ᠂ ᠦᠯᠦ ᠳᠡᠯᠭᠡᠷᠡᠭᠦᠯᠬᠦ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦ ᠴᠢᠷᠮᠠᠢᠢᠯᠲᠠ ᠳᠤ ᠴᠢᠨᠠᠭᠰᠢᠳᠠ ᠴᠤ ᠬᠤᠪᠢ ᠨᠡᠮᠡᠷᠢ ᠪᠡᠨ ᠣᠷᠣᠭᠤᠯᠬᠤ ᠴᠢᠭᠯᠡᠯ ᠢᠶᠡᠷ ᠢᠳᠡᠪᠬᠢᠲᠡᠢ ᠠᠵᠢᠯᠯᠠᠬᠤ ᠴᠢᠨᠭ᠌ ᠬᠦᠰᠡᠯ ᠡᠷᠡᠮᠡᠯᠵᠡᠯ ᠲᠡᠢ ᠢᠢ ᠳ᠋ᠠᠬᠢᠨ ᠨᠣᠲᠠᠯᠠᠪᠠ᠃

ᠮᠣᠩ᠋ᠭᠣᠯ ᠤᠯᠤᠰ ᠨᠤᠲᠤᠭ ᠳᠡᠪᠢᠰᠬᠡᠷ ᠢᠶᠡᠨ ᠴᠥᠮ᠎ᠡ ᠢᠢᠨ ᠵᠡᠪᠰᠡᠭ ᠡᠴᠡ ᠠᠩ᠋ᠭᠢᠳᠠ ᠬᠡᠮᠡᠨ ᠵᠠᠷᠯᠠᠭᠰᠠᠨ ᠨᠢ ᠴᠥᠮ᠎ᠡ ᠢᠢᠨ ᠵᠡᠪᠰᠡᠭ ᠢ ᠬᠤᠷᠢᠶᠠᠬᠤ᠂ ᠦᠯᠦ ᠳᠡᠯᠭᠡᠷᠡᠭᠦᠯᠬᠦ᠂ ᠪᠦᠰᠡ ᠨᠤᠲᠤᠭ ᠳ᠋ᠠᠬᠢ ᠢᠲᠡᠭᠡᠯᠴᠡᠯ ᠢ ᠨᠡᠮᠡᠭᠳᠡᠭᠦᠯᠬᠦ᠂ ᠤᠯᠠᠮ ᠢᠶᠠᠷ ᠣᠯᠠᠨ ᠤᠯᠤᠰ ᠤᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠪᠡᠬᠢᠵᠢᠭᠦᠯᠬᠦ ᠦᠢᠯᠡᠰ ᠲᠥ ᠵᠣᠬᠢᠬᠤ ᠬᠤᠪᠢ ᠨᠡᠮᠡᠷᠢ ᠣᠷᠣᠭᠤᠯᠤᠭᠰᠠᠨ ᠭᠡᠵᠦ ᠦᠵᠡᠳᠡᠭ ᠢᠶᠡᠨ ᠢᠯᠡᠷᠬᠡᠢᠢᠯᠡᠪᠡ᠃