ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠠᠫᠣᠨ ᠤ ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ /Japan International Cooperation Agency / ᠍ ᠤᠨ ᠶᠡᠷᠦᠩᠬᠡᠢᠢᠯᠡᠭᠴᠢ ᠠ᠊ ∙ ᠲᠠᠨᠠᠺᠠ ᠢ ᠬᠦᠯᠢᠶᠡᠨ ᠠᠪᠴᠤ ᠠᠭᠤᠯᠵᠠᠪᠠ᠃
ᠮᠣᠩ᠋ᠭᠣᠯ ᠤᠯᠤᠰ ᠠᠷᠠᠳᠴᠢᠯᠠᠯ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠤᠨ ᠲᠣᠭᠲᠠᠯᠴᠠᠭ᠎ᠠ ᠢᠢ ᠪᠡᠬᠢᠵᠢᠭᠦᠯᠵᠦ᠂ ᠲᠣᠭᠲᠠᠪᠤᠷᠢᠲᠠᠢ ᠬᠥᠭ᠍ᠵᠢᠯ ᠢ ᠬᠠᠩ᠋ᠭᠠᠬᠤ ᠳᠤ ᠶᠠᠫᠣᠨ ᠤᠯᠤᠰ ᠤᠨ ᠳᠡᠮᠵᠢᠯᠭᠡ᠂ ᠬᠥᠩ᠋ᠭᠡᠯᠡᠯᠲᠡ ᠲᠡᠢ ᠵᠢᠭᠡᠯᠡ᠂ ᠲᠤᠰᠠᠯᠠᠮᠵᠢ ᠣᠨᠤᠴᠤᠭᠠᠢ ᠡᠭᠦᠷᠭᠡ ᠭᠦᠢᠴᠡᠳᠭᠡᠵᠦ ᠢᠷᠡᠭᠰᠡᠨ ᠢ ᠶᠡᠷᠦᠩᠬᠡᠢᠢᠯᠡᠭᠴᠢ ᠲᠡᠮᠳᠡᠭᠯᠡᠪᠡ᠃
ᠢᠯᠠᠩ᠋ᠭᠤᠶ᠎ᠠ ᠪᠣᠯᠪᠠᠰᠤᠷᠠᠯ᠂ ᠡᠷᠡᠭᠦᠯ ᠮᠡᠨᠳᠦ᠂ ᠬᠥᠳᠡᠭᠡ ᠠᠵᠤ ᠠᠬᠤᠢ ᠵᠡᠷᠭᠡ ᠰᠠᠯᠪᠤᠷᠢ ᠲᠤ ᠲᠤᠭᠤᠰᠢᠲᠠᠢ ᠳᠡᠮᠵᠢᠯᠭᠡ ᠦᠵᠡᠭᠦᠯᠵᠦ ᠢᠷᠡᠭᠰᠡᠨ ᠢ ᠮᠣᠩ᠋ᠭᠣᠯ ᠤᠨ ᠲᠥᠷᠦ᠂ ᠵᠠᠰᠠᠭ᠂ ᠠᠷᠠᠳ ᠲᠦᠮᠡᠨ ᠥᠨᠳᠦᠷ ᠢᠶᠡᠷ ᠦᠨᠡᠯᠡᠳᠡᠭ ᠢ ᠳᠤᠷᠠᠳᠴᠤ᠂ Japan International Cooperation Agency ᠍ ᠤᠨ ᠲᠤᠰᠠᠯᠠᠮᠵᠢ ᠴᠠᠭ ᠦᠢ ᠡ ᠪᠡᠨ ᠣᠯᠤᠭᠰᠠᠨ᠂ ᠢᠷᠭᠡᠳ ᠥ ᠬᠦᠷᠲᠡᠭᠡᠮᠵᠢ ᠲᠡᠢ᠂ ᠰᠡᠳᠬᠢᠯ ᠰᠢᠩ᠋ᠭᠡᠭ᠍ᠰᠡᠨ ᠪᠠᠢᠢᠳᠠᠭ ᠢ ᠣᠨᠴᠠᠯᠠᠪᠠ᠃
ᠴᠢᠨᠠᠭᠰᠢᠳᠠ ᠠᠭᠤᠯᠠ ᠠᠭᠤᠷᠬᠠᠢ᠂ ᠭᠠᠵᠠᠷ ᠤᠨ ᠬᠣᠪᠣᠷ ᠡᠯᠧᠮᠧᠨᠲ᠂ ᠬᠥᠳᠡᠭᠡ ᠠᠵᠤ ᠠᠬᠤᠢ᠂ ᠬᠦᠨᠡᠰᠦ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠲᠤ ᠬᠠᠮᠲᠤᠷᠠᠨ ᠠᠵᠢᠯᠯᠠᠬᠤ ᠥᠷᠭᠡᠨ ᠪᠣᠯᠤᠮᠵᠢ ᠪᠠᠢᠢᠭ᠎ᠠ ᠢᠢ ᠬᠡᠯᠡᠪᠡ᠃
ᠠ᠊ ∙ ᠲᠠᠨᠠᠺᠠ ᠰᠡᠭᠦᠯ ᠦᠨ ᠵᠢᠯ ᠦᠳ ᠲᠥ ᠮᠣᠩ᠋ᠭᠣᠯ ᠤᠯᠤᠰ ᠲᠤ ᠬᠡᠷᠡᠭᠵᠢᠭᠦᠯᠵᠦ ᠪᠤᠢ ᠲᠥᠰᠥᠯ᠂ ᠬᠥᠲᠥᠯᠪᠦᠷᠢ ᠨᠦᠭᠦᠳ ᠦᠨ ᠦᠷ᠎ᠡ ᠳ᠋ᠦᠩ ᠢ ᠲᠣᠪᠴᠢ ᠲᠠᠨᠢᠯᠴᠠᠭᠤᠯᠵᠤ᠂ 《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠨᠢᠭᠲᠠ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃
ᠶᠡᠷᠦᠩᠬᠡᠢᠢᠯᠡᠭᠴᠢ ᠠ᠊ ∙ ᠲᠠᠨᠠᠺᠠ ᠤᠨ ᠡᠨᠡ ᠤᠳᠠᠭ᠎ᠠ ᠢᠢᠨ ᠠᠢᠢᠯᠴᠢᠯᠠᠯ ᠬᠣᠶᠠᠷ ᠣᠷᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ᠂ Japan International Cooperation Agency ᠍ ᠤᠨ ᠮᠣᠩ᠋ᠭᠣᠯ ᠳ᠋ᠠᠬᠢ ᠲᠥᠯᠦᠭᠡᠯᠡᠭᠴᠢ ᠢᠢᠨ ᠭᠠᠵᠠᠷ ᠪᠠᠢᠢᠭᠤᠯᠤᠭᠳᠠᠰᠤᠨ ᠤ 25 ᠵᠢᠯ᠂ Japan International Cooperation Agency ᠍ ᠢᠢᠨ ᠳᠠᠯᠠᠢ ᠢᠢᠨ ᠴᠢᠨᠠᠳᠤ ᠳ᠋ᠠᠬᠢ ᠰᠠᠢᠢᠨ ᠳᠤᠷ᠎ᠠ ᠢᠢᠨ ᠭᠡᠰᠢᠭᠦᠳ ᠮᠣᠩ᠋ᠭᠣᠯ ᠳᠤ ᠲᠣᠮᠢᠯᠠᠭᠳᠠᠨ ᠠᠵᠢᠯᠯᠠᠵᠤ ᠡᠬᠢᠯᠡᠭᠰᠡᠨ ᠦ 30 ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠨ᠎ᠠ᠃
ᠠ᠊ ∙ ᠲᠠᠨᠠᠺᠠ ᠨᠢ Japan International Cooperation Agency ᠍ ᠤᠨ ᠶᠡᠷᠦᠩᠬᠡᠢᠢᠯᠡᠭᠴᠢ ᠪᠡᠷ ᠬᠣᠶᠠᠷ ᠳ᠋ᠠᠬᠢ ᠤᠳᠤᠭ᠎ᠠ ᠪᠠᠨ ᠲᠣᠮᠢᠯᠠᠭᠳᠠᠨ ᠠᠵᠢᠯᠯᠠᠵᠤ ᠪᠠᠢᠢᠭ᠎ᠠ ᠪᠥᠭᠡᠳ 2014 ᠣᠨ ᠳᠤ ᠮᠣᠩ᠋ᠭᠣᠯ ᠤᠯᠤᠰ ᠲᠤ ᠠᠢᠢᠯᠴᠢᠯᠠᠵᠤ ᠪᠠᠢᠢᠭᠰᠠᠨ ᠶᠤᠮ᠃