Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠥ ᠤᠯᠠᠮ ᠡᠷᠴᠢᠮᠲᠡᠢ ᠠᠵᠢᠯᠯᠠᠬᠤ ᠱᠠᠭᠠᠷᠳᠠᠯᠭ᠎ᠠ ᠲᠠᠢ ᠪᠠᠢᠢᠨ᠎ᠠ

ᠠᠭᠤᠷ ᠠᠮᠢᠰᠬᠤᠯ ᠤᠨ ᠥᠭᠡᠷᠡᠴᠢᠯᠡᠯᠲᠡ ᠪᠣᠯᠤᠨ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠲᠤᠬᠠᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢ ᠺᠣᠨᠸᠧᠨᠼ ᠤᠳ ᠤᠨ ᠲᠠᠯ ᠤᠳ ᠤᠨ ᠪᠠᠭ᠎ᠠ ᠬᠤᠷᠠᠯ ᠢ ᠤᠭᠲᠤᠭᠰᠠᠨ ᠠᠭᠤᠯᠵᠠᠯᠲᠠ᠂ ᠬᠡᠯᠡᠯᠴᠡᠭᠦᠯᠭᠡ ᠲᠥᠷᠥ ᠢᠢᠨ ᠣᠷᠳᠣᠨ ᠳᠤ ᠡᠬᠢᠯᠡᠯ᠎ᠡ᠃

ᠡᠨᠡ ᠤᠳᠠᠭ᠎ᠠ ᠢᠢᠨ ᠳᠡᠭᠡᠳᠦ ᠬᠡᠮᠵᠢᠶᠡᠨ ᠦ ᠠᠭᠤᠯᠵᠠᠯᠲᠠ᠂ ᠬᠡᠯᠡᠯᠴᠡᠭᠦᠯᠭᠡ ᠲᠥ 17 ᠣᠷᠣᠨ ᠤ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠨ ᠲᠡᠷᠢᠭᠦᠨ᠂ ᠣᠯᠠᠨ ᠤᠯᠤᠰ ᠤᠨ ᠪᠣᠯᠤᠨ ᠲᠥᠷᠥ᠂ ᠬᠤᠪᠢ ᠤᠨ ᠬᠡᠪᠰᠢᠯ᠂ ᠢᠷᠭᠡᠨ ᠦ ᠨᠡᠢᠢᠭᠡᠮ ᠤᠨ ᠪᠠᠢᠢᠭᠤᠯᠤᠯᠭ᠎ᠠ ᠢᠢᠨ 130 ᠣᠷᠴᠢᠮ ᠲᠥᠯᠥᠭᠡᠯᠡᠭᠴᠢ ᠣᠷᠣᠯᠴᠠᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠭᠤᠯᠵᠠᠯᠲᠠ᠂ ᠬᠡᠯᠡᠯᠴᠡᠭᠦᠯᠭᠡ ᠢᠢᠨ ᠨᠡᠭᠡᠭᠡᠵᠦ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄

《ᠡᠷᠬᠢᠮ ᠬᠦᠨᠳᠦᠳᠥ ᠵᠣᠴᠢᠳ᠂ ᠲᠥᠯᠥᠭᠡᠯᠡᠭᠴᠢᠳ ᠡ᠂

ᠡᠷᠬᠢᠮᠰᠦᠭ ᠬᠠᠲᠤᠭᠲᠠᠢ᠂ ᠨᠣᠶᠠᠳ ᠠ᠋᠂

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠭᠤᠷ ᠠᠮᠢᠰᠬᠤᠯ ᠤᠨ ᠥᠭᠡᠷᠡᠴᠢᠯᠡᠯᠲᠡ ᠪᠣᠯᠤᠨ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠲᠤᠬᠠᠢ ᠰᠠᠭᠤᠷᠢ ᠺᠣᠨᠸᠧᠨᠼ ᠤᠨ ᠲᠠᠯ ᠤᠳ ᠤᠨ ᠪᠠᠭ᠎ᠠ ᠬᠤᠷᠠᠯ ᠢ ᠤᠭᠲᠤᠨ ᠳᠡᠯᠡᠬᠡᠢ ᠢᠢᠨ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠬᠣᠮᠰᠠᠳᠠᠯ ᠢ ᠪᠠᠭᠤᠷᠠᠭᠤᠯᠬᠤ ᠲᠠᠯ᠎ᠠ ᠪᠠᠷ ᠮᠣᠩ᠋ᠭᠣᠯ ᠤᠯᠤᠰ ᠤᠨ ᠠᠪᠴᠤ ᠬᠡᠷᠡᠭᠵᠢᠭᠦᠯᠵᠦ ᠪᠠᠢᠢᠭ᠎ᠠ ᠪᠣᠳᠣᠯᠭ᠎ᠠ᠂ ᠰᠠᠨᠠᠯ᠂ ᠰᠠᠨᠠᠭᠠᠴᠢᠯᠠᠭ᠎ᠠ᠂ ᠦᠢᠯᠡ ᠠᠵᠢᠯᠯᠠᠭ᠎ᠠ ᠢᠢ ᠡᠷᠴᠢᠮᠵᠢᠭᠦᠯᠬᠦ ᠴᠢᠭᠯᠡᠯ ᠢᠶᠡᠷ ᠰᠠᠨᠠᠯ ᠪᠣᠳᠣᠯ ᠢᠶᠠᠨ ᠰᠣᠯᠢᠯᠴᠠᠵᠤ᠂ ᠵᠥᠪᠯᠡᠯᠳᠦᠬᠦ ᠪᠡᠷ ᠬᠤᠷᠠᠨ ᠴᠤᠭᠯᠠᠭᠰᠠᠨ ᠲᠠ ᠪᠦᠬᠦᠨ ᠳᠥ ᠡᠨᠡ ᠡᠳᠦᠷ ᠦᠨ ᠮᠡᠨᠳᠦ ᠢᠢ ᠬᠦᠷᠭᠡᠵᠦ᠂ ᠭᠦᠨ ᠲᠠᠯᠠᠷᠬᠠᠯ ᠢᠯᠡᠷᠬᠡᠢᠢᠯᠡᠶ᠎ᠡ᠃

ᠡᠨᠡ ᠤᠳᠠᠭ᠎ᠠ ᠢᠢᠨ ᠳᠡᠭᠡᠳᠦ ᠬᠡᠮᠵᠢᠶᠡᠨ ᠦ ᠠᠭᠤᠯᠵᠠᠯᠲᠠ᠂ ᠬᠡᠯᠡᠯᠴᠡᠭᠦᠯᠭᠡ ᠨᠢ ᠳᠡᠯᠡᠬᠡᠢ ᠨᠡᠢᠢᠲᠡ ᠪᠡᠷ ᠴᠠᠷ᠎ᠠ ᠲᠠᠬᠤᠯ ᠤᠨ ᠳᠠᠪᠠᠯᠭ᠎ᠠ ᠪᠠᠨ ᠦᠷᠭᠦᠯᠵᠢᠯᠡᠭᠰᠡᠨ᠂ ᠲᠡᠭᠦᠨ ᠡᠴᠡ ᠰᠢᠯᠲᠠᠭᠠᠯᠠᠭᠰᠠᠨ ᠬᠢᠯᠢ᠂ ᠭᠠᠢᠢᠯᠢ᠂ ᠲᠡᠭᠡᠭᠡᠪᠦᠷᠢ᠂ ᠯᠣᠭᠢᠰᠲ᠋ᠢᠭ ᠤᠨ ᠬᠦᠨᠳᠦᠷᠡᠯ᠂ ᠡᠷᠴᠢᠮ ᠬᠦᠴᠦ᠂ ᠬᠦᠨᠡᠰᠦᠨ ᠦ ᠬᠠᠩ᠋ᠭᠠᠮᠵᠢ᠂ ᠪᠠᠷᠠᠭ᠎ᠠ ᠪᠦᠲᠦᠭᠡᠭ᠍ᠳᠡᠬᠦᠨ ᠦ ᠦᠨ᠎ᠡ ᠢᠢᠨ ᠥᠰᠦᠯᠲᠡ᠂ ᠭᠧᠣᠰᠲ᠋ᠷᠠᠲ᠋ᠧᠭᠢ᠂ ᠭᠧᠣᠫᠣᠯᠢᠲ᠋ᠢᠺ ᠤᠨ ᠬᠤᠷᠴᠠᠳᠤᠮᠠᠯ ᠨᠥᠬᠥᠴᠡᠯ ᠪᠠᠢᠢᠳᠠᠯ ᠡᠭᠦᠰᠦᠭᠰᠡᠨ ᠵᠡᠷᠭᠡ ᠤᠯᠤᠰ ᠲᠥᠷᠥ᠂ ᠨᠡᠢᠢᠭᠡᠮ᠂ ᠡᠳ᠋ ᠍ ᠦᠨ ᠵᠠᠰᠠᠭ ᠤᠨ ᠲᠤᠯᠭᠠᠮᠳᠠᠭᠰᠠᠨ ᠣᠯᠠᠨ ᠠᠰᠠᠭᠤᠳᠠᠯ ᠲᠠᠢ ᠨᠢᠭᠤᠷ ᠲᠤᠯᠤᠭᠰᠠᠨ ᠬᠦᠨᠳᠦ ᠦᠶ᠎ᠡ ᠳᠥ ᠪᠣᠯᠵᠤ ᠪᠠᠢᠢᠨ᠎ᠠ᠃


《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠬᠡᠷᠡᠭᠵᠢᠵᠦ ᠡᠬᠢᠯᠡᠭᠰᠡᠨ ᠡᠴᠡ ᠬᠣᠢᠢᠰᠢ ᠤᠯᠤᠰ ᠤᠨ ᠬᠡᠮᠵᠢᠶᠡᠨ ᠳᠥ ᠦᠢᠯᠡ ᠠᠵᠢᠯᠯᠠᠭ᠎ᠠ ᠶᠠᠪᠤᠭᠤᠯᠵᠤ ᠪᠤᠢ ᠮᠣᠳᠣ ᠦᠷᠡᠵᠢᠭᠦᠯᠭᠡ ᠢᠢᠨ ᠭᠠᠵᠠᠷ ᠤᠳ ᠤᠨ ᠲᠠᠷᠢᠴᠠ᠂ ᠰᠠᠭᠤᠯᠭᠠᠴᠠ ᠢᠢᠨ ᠨᠥᠭᠡᠴᠡ 37 ᠰᠠᠢ ᠠ ᠪᠣᠯᠵᠤ᠂ ᠨᠢᠭᠡ ᠵᠢᠯ ᠦᠨ ᠬᠤᠭᠤᠴᠠᠭᠠᠨ ᠳᠤ 4 ᠳ᠋ᠠᠬᠢᠨ ᠨᠡᠮᠡᠭᠳᠡᠵᠡᠢ᠃

ᠡᠨᠡ ᠪᠣᠯ ᠴᠢᠮᠠᠯᠠᠬᠤ ᠪᠠᠷ ᠦᠭᠡᠢ ᠠᠮᠵᠢᠯᠲᠠ᠂ ᠦᠷ᠎ᠡ ᠳ᠋ᠦᠩ᠃ ᠴᠢᠨᠠᠭᠰᠢᠳᠠ ᠲᠠᠷᠢᠴᠠ᠂ ᠰᠠᠭᠤᠯᠭᠠᠴᠠ ᠢᠢᠨ ᠵᠢᠯ ᠦᠨ ᠨᠥᠭᠡᠴᠡ ᠢᠢ 100 ᠰᠠᠶ᠎ᠠ ᠳᠤ ᠬᠦᠷᠭᠡᠵᠦ ᠨᠡᠮᠡᠭᠳᠡᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠮᠣᠩ᠋ᠭᠣᠯ ᠤᠯᠤᠰ ᠬᠦᠯᠡᠮᠵᠢ ᠢᠢᠨ ᠬᠡᠢ ᠢᠢ ᠪᠠᠭᠤᠷᠠᠭᠤᠯᠬᠤ᠂ ᠰᠢᠩ᠋ᠭᠡᠭᠡᠯᠲᠡ ᠢᠢ ᠨᠡᠮᠡᠭᠳᠡᠭᠦᠯᠬᠦ ᠫᠠᠷᠢᠰ ᠤᠨ ᠬᠡᠯᠡᠯᠴᠡᠭᠡᠷ ᠢᠶᠡᠷ ᠬᠦᠯᠢᠶᠡᠭᠰᠡᠨ ᠡᠭᠦᠷᠭᠡ᠂ ᠠᠮᠠᠯᠠᠯᠲᠠ ᠪᠠᠨ ᠪᠡᠶᠡᠯᠡᠭᠦᠯᠬᠦ ᠢᠢᠨ ᠲᠥᠯᠥᠭᠡ ᠪᠦᠬᠦ ᠲᠦᠪᠰᠢᠨ ᠳᠥ ᠣᠨᠤᠴᠤᠭᠠᠢ ᠠᠩᠬᠠᠷᠤᠨ ᠠᠵᠢᠯᠯᠠᠵᠤ ᠪᠠᠢᠢᠨ᠎ᠠ᠃

ᠮᠣᠩ᠋ᠭᠣᠯ ᠤᠯᠤᠰ ᠤᠨ ᠢᠯᠭᠠᠷᠠᠭᠤᠯᠵᠤ ᠪᠤᠢ ᠬᠦᠯᠡᠮᠵᠢ ᠢᠢᠨ ᠬᠡᠢ ᠢᠢᠨ ᠬᠡᠮᠵᠢᠶ᠎ᠡ ᠬᠦᠮᠦᠨ ᠠᠮᠠ ᠪᠣᠯᠤᠨ ᠡᠳ᠋ ᠍ ᠦᠨ ᠵᠠᠰᠠᠭ ᠤᠨ ᠬᠡᠮᠵᠢᠶᠡᠲᠡᠢ ᠪᠡᠨ ᠬᠠᠷᠢᠴᠠᠭᠤᠯᠬᠤ ᠳᠤ ᠥᠨᠳᠥᠷ ᠲᠥ ᠲᠣᠭᠠᠴᠠᠭᠳᠠᠳᠠᠭ ᠴᠤ ᠳᠡᠯᠡᠬᠡᠢ ᠢᠢᠨ ᠨᠡᠢᠢᠲᠡ ᠬᠦᠯᠡᠮᠵᠢ ᠢᠢᠨ ᠬᠡᠢ ᠢᠢᠨ ᠢᠯᠭᠠᠷᠠᠯ ᠤᠨ ᠶᠡᠷᠦ ᠳᠥ ᠪᠡᠨ 0.1 ᠬᠤᠪᠢ ᠢ ᠡᠵᠡᠯᠡᠳᠡᠭ᠃

ᠣᠯᠠᠨ ᠤᠯᠤᠰ ᠤᠨ ᠪᠠᠢᠢᠭᠤᠯᠤᠯᠭ᠎ᠠ ᠢᠢᠨ ᠰᠤᠳᠤᠯᠭ᠎ᠠ ᠪᠠᠷ ᠮᠣᠩ᠋ᠭᠣᠯ ᠤᠯᠤᠰ ᠤᠨ ᠢᠯᠭᠠᠷᠠᠭᠤᠯᠵᠤ ᠪᠤᠢ ᠬᠦᠯᠡᠮᠵᠢ ᠢᠢᠨ ᠬᠡᠢ ᠢᠢᠨ ᠬᠡᠮᠵᠢᠶ᠎ᠡ ᠰᠡᠭᠦᠯ ᠦᠨ 20 ᠵᠢᠯ ᠳᠥ 65 ᠬᠤᠪᠢ ᠪᠠᠷ ᠥᠰᠦᠭᠰᠡᠨ ᠪᠠᠢᠢᠨ᠎ᠠ᠃ ᠡᠨᠡ ᠥᠰᠦᠯᠲᠡ ᠳ᠋ᠥ ᠡᠷᠴᠢᠮ ᠬᠦᠴᠦ᠂ ᠬᠥᠳᠡᠭᠡ ᠠᠵᠤ ᠠᠬᠤᠢ ᠪᠣᠯᠤᠨ ᠠᠵᠤ ᠦᠢᠯᠡᠳᠪᠦᠷᠢ ᠢᠢᠨ ᠰᠠᠯᠪᠤᠷᠢ ᠭᠣᠣᠯᠯᠠᠬᠤ ᠨᠥᠯᠥᠭᠡ ᠦᠵᠡᠭᠦᠯᠵᠡᠢ᠃

ᠲᠡᠢᠢᠮᠦ ᠡᠴᠡ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠥ ᠲᠡᠮᠡᠴᠡᠬᠦ᠂ ᠬᠦᠯᠡᠮᠵᠢ ᠢᠢᠨ ᠬᠡᠢ ᠢᠢᠨ ᠢᠯᠭᠠᠷᠠᠯ ᠢ ᠪᠠᠭᠤᠷᠠᠭᠤᠯᠬᠤ ᠳᠤ ᠨᠡᠢᠢᠭᠡᠮ᠂ ᠡᠳ᠋ ᠍ ᠦᠨ ᠵᠠᠰᠠᠭ ᠤᠨ ᠰᠠᠯᠪᠠᠷ ᠤᠳ ᠤᠨ ᠡᠭᠦᠷᠭᠡ᠂ ᠣᠷᠣᠯᠴᠠᠭ᠎ᠠ ᠢᠢ ᠨᠠᠷᠢᠪᠴᠢᠯᠠᠨ ᠲᠣᠳᠣᠷᠬᠠᠢᠢᠯᠠᠵᠤ᠂ ᠵᠠᠰᠠᠭᠯᠠᠯ ᠢ ᠰᠠᠢᠢᠵᠢᠷᠠᠭᠤᠯᠤᠨ᠂ ᠡᠳ᠋ ᠍ ᠦᠨ ᠵᠠᠰᠠᠭ ᠤᠨ ᠲᠥᠷᠦᠯᠵᠢᠯᠲᠡ ᠢᠢ ᠡᠷᠴᠢᠮᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠮᠣᠩ᠋ᠭᠣᠯ ᠤᠯᠤᠰ ᠭᠠᠵᠠᠷ ᠵᠦᠢ ᠢᠢᠨ ᠪᠠᠢᠢᠷᠢᠰᠢᠯ᠂ ᠪᠠᠢᠢᠭᠠᠯᠢ᠂ ᠴᠠᠭ ᠠᠭᠤᠷ ᠤᠨ ᠨᠥᠬᠥᠴᠡᠯ ᠦᠨ ᠬᠤᠪᠢ ᠳᠤ 2600 ᠭᠧᠭᠠᠸᠠᠲ ᠢᠶᠠᠷ ᠦᠨᠡᠯᠡᠭᠳᠡᠬᠦ ᠰᠡᠷᠭᠡᠭ᠍ᠳᠡᠬᠦ ᠡᠷᠴᠢᠮ ᠬᠦᠴᠦᠨ ᠦ ᠠᠰᠤᠷᠤ ᠶᠡᠬᠡ ᠨᠥᠭᠡᠴᠡ ᠲᠡᠢ ᠪᠥᠰᠡ ᠨᠤᠲᠤᠭ ᠶᠤᠮ᠃

ᠡᠨᠡ ᠨᠢ ᠰᠡᠷᠭᠡᠭ᠍ᠳᠡᠬᠦ ᠡᠷᠴᠢᠮ ᠬᠦᠴᠦᠨ ᠦ ᠦᠢᠯᠡᠳᠪᠦᠷᠢᠯᠡᠯ ᠢ ᠣᠭᠴᠣᠮ ᠨᠡᠮᠡᠭᠳᠡᠭᠦᠯᠬᠦ᠂ ᠤᠯᠠᠮ ᠢᠶᠠᠷ ᠪᠥᠰᠡ ᠨᠤᠲᠤᠭ ᠤᠨ ᠡᠷᠴᠢᠮ ᠬᠦᠴᠦᠨ ᠦ ᠬᠠᠮᠲᠤ ᠢᠢᠨ ᠠᠵᠢᠯᠯᠠᠭᠠᠨ ᠳᠤ ᠲᠣᠳᠣᠷᠬᠠᠢ ᠬᠤᠪᠢ ᠨᠡᠮᠡᠷᠢ ᠤᠷᠤᠭᠤᠯᠬᠤ ᠪᠦᠷᠢᠨ ᠪᠣᠯᠤᠮᠵᠢ ᠲᠠᠢ ᠢᠢ ᠬᠠᠷᠠᠭᠤᠯᠵᠤ ᠪᠠᠢᠢᠨ᠎ᠠ᠃

ᠲᠡᠢᠢᠮᠦ ᠡᠴᠡ ᠤᠰᠤᠨ ᠴᠠᠬᠢᠯᠭᠠᠨ ᠰᠲ᠋ᠠᠨᠼ ᠪᠣᠯᠤᠨ ᠰᠡᠷᠭᠡᠭ᠍ᠳᠡᠬᠦ ᠡᠷᠴᠢᠮ ᠬᠦᠴᠦᠨ ᠦ ᠪᠤᠰᠤᠳ ᠡᠬᠡ ᠡᠭᠦᠰᠪᠦᠷᠢ ᠢᠢ ᠠᠰᠢᠭᠯᠠᠬᠤ᠂ ᠥᠨᠳᠥᠷ ᠪᠠᠭᠲᠠᠭᠠᠮᠵᠢ ᠲᠠᠢ ᠨᠥᠭᠡᠴᠡᠯᠡᠭᠦᠷ ᠦᠨ ᠲᠥᠰᠥᠯ ᠦᠳ ᠢ ᠡᠬᠢᠯᠡᠭᠦᠯᠵᠦ᠂ ᠴᠢᠨᠠᠭᠰᠢᠳᠠ ᠡᠷᠬᠡ ᠵᠦᠢ ᠢᠢᠨ ᠪᠣᠯᠤᠨ ᠪᠣᠳᠣᠯᠭ᠎ᠠ ᠢᠢᠨ ᠰᠢᠨᠡᠴᠢᠯᠡᠯ ᠢ ᠡᠷᠴᠢᠮᠵᠢᠭᠦᠯᠬᠦ ᠪᠡᠷ ᠵᠣᠷᠢᠵᠤ ᠪᠠᠢᠢᠨ᠎ᠠ᠃

ᠲᠡᠭᠦᠨᠴᠢᠯᠡᠨ ᠬᠦᠯᠡᠮᠵᠢ ᠢᠢᠨ ᠬᠡᠢ ᠢᠢᠨ ᠢᠯᠭᠠᠷᠠᠯ ᠢ ᠪᠠᠭᠤᠷᠠᠭᠤᠯᠬᠤ ᠳᠤ ᠮᠧᠲ᠋ᠠᠨ ᠬᠡᠢ ᠢᠢᠨ ᠢᠯᠭᠠᠷᠠᠯ ᠳᠤ ᠣᠨᠤᠴᠤᠭᠠᠢᠢᠯᠠᠨ ᠠᠩᠬᠠᠷᠴᠤ᠂ 《ᠳᠠᠶᠠᠩ ᠳᠡᠯᠡᠬᠡᠢ ᠢᠢᠨ ᠮᠧᠲ᠋ᠠᠨ ᠤ ᠠᠮᠠᠯᠠᠯᠲᠠ》᠍ ᠳᠤ ᠰᠠᠶᠬᠠᠨ ᠨᠢᠭᠡᠳᠦᠯ ᠡ᠃
ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠦᠷ᠎ᠡ ᠳ᠋ᠦᠩ ᠲᠡᠢ ᠲᠡᠮᠡᠴᠡᠬᠦ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠮᠦᠨ᠎ᠡ ᠬᠦᠯᠢᠶᠡᠭᠰᠡᠨ ᠡᠭᠦᠷᠭᠡ ᠪᠡᠨ ᠠᠮᠵᠢᠯᠲᠠ ᠲᠠᠢ ᠪᠡᠶᠡᠯᠡᠭᠦᠯᠬᠦ ᠳᠥ ᠲᠥᠰᠥᠪ᠂ ᠰᠠᠩᠬᠦᠦ ᠢᠢᠨ ᠨᠥᠭᠡᠴᠡ ᠪᠣᠯᠤᠮᠵᠢ ᠪᠠᠨ ᠵᠥᠪ ᠲᠣᠭᠠᠴᠠᠵᠤ ᠪᠦᠷᠢᠳᠦᠭᠦᠯᠬᠦ᠂ ᠭᠠᠳᠠᠭᠠᠳᠤ ᠵᠢᠭᠡᠯᠡ᠂ ᠲᠤᠰᠠᠯᠠᠮᠵᠢ᠂ ᠬᠤᠪᠢ ᠤᠨ ᠰᠠᠯᠪᠤᠷᠢ ᠢᠢᠨ ᠰᠠᠩᠬᠦᠵᠢᠯᠲᠡ ᠢᠢ ᠣᠨᠣᠪᠴᠢᠲᠠᠢ ᠠᠰᠢᠭᠯᠠᠬᠤ᠂ ᠪᠥᠰᠡ ᠨᠤᠲᠤᠭ ᠤᠨ ᠪᠣᠯᠤᠨ ᠣᠯᠠᠨ ᠤᠯᠤᠰ ᠤᠨ ᠬᠠᠮᠲᠤᠷᠠᠭᠰᠠᠨ ᠲᠣᠮᠣᠬᠠᠨ ᠲᠥᠰᠥᠯ᠂ ᠬᠥᠲᠥᠯᠪᠦᠷᠢ ᠬᠡᠷᠡᠭᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠡᠨᠡ ᠬᠦᠷᠢᠶᠡᠨ ᠳᠥ ᠮᠣᠩ᠋ᠭᠣᠯ ᠤᠯᠤᠰ ᠤᠨ ᠪᠣᠯᠤᠨ ᠪᠥᠰᠡ ᠨᠤᠲᠤᠭ ᠤᠨ ᠬᠡᠮᠵᠢᠶᠡᠨ ᠳᠥ ᠬᠠᠮᠲᠤᠷᠠᠨ ᠬᠡᠷᠡᠭᠵᠢᠭᠦᠯᠬᠦ ᠪᠣᠯᠤᠮᠵᠢ ᠲᠠᠢ ᠪᠠᠢᠢᠭᠠᠯᠢ ᠣᠷᠴᠢᠨ ᠤ ᠲᠥᠰᠥᠯ ᠦᠳ ᠦᠨ ᠰᠠᠨᠠᠯ ᠪᠣᠯᠪᠠᠰᠤᠷᠠᠭᠤᠯᠵᠤ᠂ ᠬᠥᠷᠰᠢ ᠪᠣᠯᠤᠨ ᠪᠤᠰᠤᠳ ᠤᠯᠤᠰ ᠣᠷᠣᠨ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠲᠠᠢ ᠬᠠᠮᠲᠤᠷᠠᠨ ᠬᠡᠷᠡᠭᠵᠢᠭᠦᠯᠬᠦ ᠪᠡᠷ ᠠᠵᠢᠯᠯᠠᠵᠤ ᠪᠠᠢᠢᠨ᠎ᠠ᠃

ᠳᠡᠯᠡᠬᠡᠢ ᠨᠡᠢᠢᠲᠡ ᠲᠡᠳᠦᠢ ᠦᠭᠡᠢ ᠮᠣᠩ᠋ᠭᠣᠯ ᠤᠯᠤᠰ ᠲᠤ ᠲᠤᠯᠭᠠᠷᠴᠤ ᠪᠤᠢ ᠪᠠᠢᠢᠭᠠᠯᠢ ᠣᠷᠴᠢᠨ ᠤ ᠡᠷᠦᠰᠳᠡᠯ ᠦᠨ ᠡᠰᠡᠷᠭᠥ ᠦᠷ᠎ᠡ ᠳ᠋ᠦᠩ ᠲᠡᠢ ᠲᠡᠮᠡᠴᠡᠵᠦ᠂ ᠬᠣᠢᠢᠴᠢ ᠦᠶ ᠡ ᠳᠥ ᠪᠡᠨ ᠡᠷᠡᠭᠦᠯ ᠣᠷᠴᠢᠨ᠂ ᠨᠣᠭᠣᠭᠠᠨ ᠢᠷᠡᠭᠡᠳᠦᠢ ᠢᠢ ᠥᠪᠯᠡᠭᠦᠯᠬᠦ ᠳᠥ ᠲᠠ ᠪᠢᠳᠡᠨ ᠦ ᠬᠠᠮᠲᠤ ᠢᠢᠨ ᠬᠦᠴᠦ᠂ ᠲᠤᠭᠤᠰᠢᠲᠠᠢ ᠪᠣᠳᠣᠯᠭ᠎ᠠ᠂ ᠨᠢᠭᠡᠳᠦᠮᠡᠯ ᠪᠠᠢᠢᠳᠠᠯ ᠲᠤᠢᠢᠯ ᠤᠨ ᠴᠢᠬᠤᠯᠠ ᠭᠡᠳᠡᠭ ᠢ ᠬᠡᠯᠡᠶ᠎ᠡ᠃

ᠢᠷᠡᠬᠦ ᠰᠠᠷ᠎ᠠ ᠨᠤᠭᠤᠳ ᠲᠤ ᠵᠣᠬᠢᠶᠠᠨ ᠪᠠᠢᠢᠭᠤᠯᠤᠭᠳᠠᠬᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢ ᠺᠣᠨᠸᠧᠨᠼ ᠤᠨ ᠲᠠᠯ ᠤᠳ ᠤᠨ ᠪᠠᠭ᠎ᠠ ᠬᠤᠷᠠᠯ ᠤᠳ ᠢ ᠤᠭᠲᠤᠨ ᠵᠣᠬᠢᠶᠠᠨ ᠪᠠᠢᠢᠭᠤᠯᠵᠤ ᠪᠤᠢ ᠥᠨᠥᠳᠥᠷ ᠦᠨ ᠠᠭᠤᠯᠵᠠᠯᠲᠠ᠂ ᠬᠡᠯᠡᠯᠴᠡᠭᠦᠯᠭᠡ ᠪᠡᠷ ᠲᠠ ᠪᠦᠬᠦᠨ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠬᠣᠮᠰᠠᠳᠠᠯ ᠢ ᠪᠠᠭᠤᠷᠠᠭᠤᠯᠬᠤ ᠴᠢᠭᠯᠡᠯ ᠢᠶᠡᠷ ᠪᠣᠳᠠᠲᠤ ᠦᠷ᠎ᠡ ᠳ᠋ᠦᠩ ᠳᠥ ᠴᠢᠭᠯᠡᠭᠰᠡᠨ᠂ ᠠᠵᠢᠯ ᠬᠡᠷᠡᠭᠴᠢ ᠰᠠᠨᠠᠯ᠂ ᠰᠠᠨᠠᠭᠠᠴᠢᠯᠠᠭ᠎ᠠ᠂ ᠵᠥᠪᠯᠡᠮᠵᠢ ᠭᠠᠷᠭᠠᠵᠤ᠂ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠵᠦ ᠪᠠᠢᠢᠨ᠎ᠠ.》