Та "Internet explorer"-ийн сүүлийн хувилбар болох "Microsoft edge"-г ашиглана уу

Хэрэв "Microsoft edge"-г татах бол энд дарж татаж авна уу

ᠪᠠᠷᠢᠭᠠᠳ᠋ ᠢᠢᠨ ᠭᠧᠨᠧᠷᠠᠯ ᠰ ∙ ᠭᠠᠩᠪᠢᠮᠪᠠ ᠢᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠲᠣᠮᠢᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠠᠤᠯᠢ ᠪᠠᠷ ᠣᠯᠭᠣᠭᠳᠠᠭᠰᠠᠨ ᠪᠦᠷᠢᠨ ᠡᠷᠬᠡ ᠢᠢᠨ ᠢᠶᠡᠨ ᠬᠦᠷᠢᠶᠡᠨ ᠳᠥ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠢᠢ ᠤᠯᠤᠰ ᠤᠨ ᠶᠡᠬᠡ ᠬᠤᠷᠠᠯ ᠲᠠᠢ ᠵᠥᠪᠰᠢᠯᠴᠡᠨ ᠲᠣᠮᠢᠯᠠᠵᠤ᠂ ᠵᠠᠷᠯᠢᠭ ᠭᠠᠷᠭᠠᠯ᠎ᠠ᠃

ᠪᠠᠷᠢᠭᠠᠳ᠋ ᠢᠢᠨ ᠭᠧᠨᠧᠷᠠᠯ ᠰ ∙ ᠭᠠᠩᠪᠢᠮᠪᠠ ᠢᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠲᠣᠮᠢᠯᠠᠭᠰᠠᠨ ᠵᠠᠷᠯᠢᠭ ᠢ ᠪᠡᠶ᠎ᠡ ᠪᠦᠷᠢᠯᠳᠦᠬᠦᠨ ᠳᠥ ᠲᠠᠨᠢᠯᠴᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠲᠠᠮᠠᠭ᠎ᠠ ᠢᠢ ᠨᠢ ᠭᠠᠷᠳᠠᠭᠤᠯᠤᠨ ᠥᠭ᠍ᠪᠡ᠃

ᠲᠡᠷᠡ ᠪᠡᠷ ᠡᠨᠡ ᠦᠶ᠎ᠡ ᠪᠡᠷ ᠬᠡᠯᠡᠭᠰᠡᠨ ᠦᠭᠡᠨ ᠳᠥ ᠪᠡᠨ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠨᠢᠭᠡᠳᠦᠭᠡᠷ ᠣᠷᠣᠯᠠᠭᠴᠢ ᠳᠠᠷᠤᠭ᠎ᠠ ᠢᠢ ᠳᠡᠪᠰᠢᠭᠦᠯᠦᠨ ᠲᠣᠮᠢᠯᠠᠵᠤ ᠪᠠᠢᠢᠭ᠎ᠠ ᠨᠢ ᠵᠡᠪᠰᠡᠭᠲᠦ ᠬᠦᠴᠦᠨ ᠦ ᠬᠥᠭ᠍ᠵᠢᠯ ᠦᠨ ᠪᠣᠳᠣᠯᠭ᠎ᠠ᠂ ᠦᠢᠯᠡ ᠠᠵᠢᠯᠯᠠᠭᠠᠨ ᠤ ᠵᠠᠯᠭᠠᠮᠵᠢ ᠴᠢᠨᠠᠷ ᠢ ᠬᠠᠳᠠᠭᠠᠯᠠᠬᠤ᠂ ᠤᠳᠤᠷᠢᠳᠤᠯᠭ᠎ᠠ ᠢᠢᠨ ᠨᠢᠭᠡᠳᠦᠮᠡᠯ ᠪᠠᠢᠢᠳᠠᠯ ᠢ ᠬᠠᠩ᠋ᠭᠠᠬᠤ ᠵᠣᠷᠢᠯᠭ᠎ᠠ ᠲᠠᠢ ᠭᠡᠳᠡᠭ ᠢ ᠲᠣᠳᠣᠳᠬᠠᠪᠠ᠃

ᠮᠥᠨ ᠥᠨᠳᠥᠷ ᠬᠠᠷᠢᠭᠤᠴᠠᠯᠭ᠎ᠠ ᠲᠠᠢ ᠠᠯᠪᠠ ᠢᠢ ᠨᠡᠷ᠎ᠡ ᠲᠥᠷᠥ ᠲᠡᠢ ᠬᠠᠰᠢᠵᠤ᠂ ᠵᠡᠪᠰᠡᠭᠲᠦ ᠬᠦᠴᠦᠨ ᠦ ᠬᠥᠭ᠍ᠵᠢᠯ ᠳᠡᠪᠰᠢᠯ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ ᠳᠡᠰᠯᠡᠭᠴᠢ ᠭᠧᠨᠧᠷᠠᠯ ᠳ ∙ ᠭᠠᠩᠵᠣᠷᠢᠭ᠌ ᠲᠤ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳ᠋ᠯᠠᠭᠴᠢ ᠢᠢᠨ ᠨᠡᠷ᠎ᠡ ᠢᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠲᠠᠯᠠᠷᠬᠠᠯ ᠢᠯᠡᠷᠬᠡᠢᠢᠯᠡᠪᠡ᠃

ᠰ ∙ ᠭᠠᠩᠪᠢᠮᠪᠠ ᠨᠢ ᠴᠡᠷᠢᠭ ᠦᠨ ᠪᠦᠬᠦ ᠱᠠᠲᠤᠨ ᠤ ᠰᠤᠷᠭᠠᠭᠤᠯᠢ ᠲᠡᠭᠦᠰᠦᠭᠰᠡᠨ᠂ ᠵᠡᠪᠰᠡᠭᠲᠦ ᠬᠦᠴᠦᠨ ᠳ᠋ᠥ ᠲᠠᠰᠤᠷᠠᠯᠲᠠ ᠦᠭᠡᠢ 30 ᠳ᠋ᠠᠬᠢ ᠵᠢᠯ ᠳᠥ ᠪᠡᠨ ᠠᠵᠢᠯᠯᠠᠵᠤ ᠪᠠᠢᠢᠨ᠎ᠠ᠃