Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠺᠠ ᠢᠢᠨ ᠨᠢᠭᠡᠳᠦᠭᠰᠡᠨ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠠᠮᠧᠷᠢᠺᠠ ᠢᠢᠨ ᠨᠢᠭᠡᠳᠦᠭᠰᠡᠨ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠷᠢᠴᠠᠷ᠋ᠳ᠋ ᠪᠤᠢᠩ᠋ᠭᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠥᠨ ᠪᠠᠷᠢᠯ ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠯᠴᠢᠨ ᠰᠠᠢᠢᠳ ᠷᠢ‍ ∙ ᠪᠤᠢᠩ᠋ᠭᠠᠨ ᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠥᠨ ᠪᠠᠷᠢᠭᠰᠠᠨ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠬᠤ ᠦᠶ᠎ᠡ ᠪᠡᠷ ᠢᠶᠡᠨ ᠮᠣᠩ᠋ᠭᠣᠯ ᠤᠯᠤᠰ ᠤᠨ ᠴᠢᠬᠤᠯᠠ ᠭᠤᠷᠪᠠᠳᠠᠭᠴᠢ ᠬᠥᠷᠰᠢ᠂ ᠰᠲ᠋ᠷᠠᠲ᠋ᠧᠭᠢ ᠢᠢᠨ ᠲᠦᠩᠰᠢ ᠣᠷᠣᠨ ᠠᠮᠧᠷᠢᠺᠠ ᠢᠢᠨ ᠨᠢᠭᠡᠳᠦᠭᠰᠡᠨ ᠤᠯᠤᠰ ᠲᠠᠢ ᠬᠠᠷᠢᠯᠴᠠᠬᠤ ᠬᠠᠷᠢᠯᠴᠠᠭᠠᠨ ᠳᠤ ᠪᠠᠨ ᠥᠨᠳᠥᠷ ᠠᠴᠢ ᠬᠣᠯᠪᠣᠭᠳᠠᠯ ᠥᠭᠳᠡᠭ ᠪᠣᠯᠬᠤ ᠢᠢ ᠲᠡᠮᠳᠡᠭᠯᠡᠪᠡ᠃

ᠠᠮᠧᠷᠢᠺᠠ ᠢᠢᠨ ᠨᠢᠭᠡᠳᠦᠭᠰᠡᠨ ᠤᠯᠤᠰ ᠠᠴᠠ ᠮᠣᠩ᠋ᠭᠣᠯ ᠤᠯᠤᠰ ᠲᠤ ᠰᠠᠭᠤᠵᠤ ᠪᠠᠢᠢᠭᠰᠠᠨ ᠦᠶ᠎ᠡ ᠦᠶ᠎ᠡ ᠢᠢᠨ ᠡᠯᠴᠢᠨ ᠰᠠᠢᠢᠳ ᠨᠠᠷ ᠠᠷᠠᠳᠴᠢᠯᠠᠭᠰᠠᠨ ᠦᠨᠡᠲᠦ ᠵᠦᠢᠯᠡᠰ ᠲᠥ ᠰᠠᠭᠤᠷᠢᠯᠠᠭᠰᠠᠨ ᠲᠦᠩᠰᠢᠯᠡᠯ ᠦᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠡᠭᠦᠷᠭᠡ ᠭᠦᠢᠴᠡᠳᠭᠡᠵᠦ ᠢᠷᠡᠭᠰᠡᠨ ᠢ ᠣᠨᠴᠠᠯᠠᠵᠤ᠂ ᠡᠯᠴᠢᠨ ᠰᠠᠢᠢᠳ ᠷᠢ‍ ∙ ᠪᠤᠢᠩ᠋ᠭᠠᠨ ᠢ ᠬᠣᠶᠠᠷ ᠤᠯᠤᠰ ᠤᠨ ᠬᠠᠷᠢᠯᠴᠠᠭ᠎ᠠ ᠢᠢ ᠴᠢᠨᠠᠭᠰᠢᠳᠠ ᠥᠷᠭᠡᠵᠢᠭᠦᠯᠦᠨ ᠭᠦᠨᠵᠡᠭᠡᠢᠢᠷᠡᠭᠦᠯᠬᠦ ᠳᠥ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠯ᠎ᠡ᠃
ᠡᠯᠴᠢᠨ ᠰᠠᠢᠢᠳ ᠷᠢ‍ ∙ ᠪᠤᠢᠩ᠋ᠭᠠᠨ ᠨᠢ ᠠᠮᠧᠷᠢᠺᠠ ᠢᠢᠨ ᠨᠢᠭᠡᠳᠦᠭᠰᠡᠨ ᠤᠯᠤᠰ ᠤᠨ ᠳ᠋ᠢᠫᠯᠣᠮᠠᠲ ᠠᠯᠪᠠᠨ ᠳᠤ 20 ᠭᠠᠷᠤᠢ ᠵᠢᠯ ᠠᠵᠢᠯᠯᠠᠭᠰᠠᠨ᠂ ᠡᠨᠡᠳᠬᠡᠭ᠌-ᠨᠣᠮᠣᠬᠠᠨ ᠳᠠᠯᠠᠢ᠂ ᠵᠡᠭᠦᠨ ᠬᠣᠢᠢᠳᠤ ᠠᠽᠢ ᠢᠢᠨ ᠪᠦᠰᠡ ᠨᠤᠲᠤᠭ᠂ ᠣᠯᠠᠨ ᠨᠡᠢᠢᠲᠡ ᠢᠢᠨ ᠬᠠᠷᠢᠯᠴᠠᠭᠠᠨ ᠤ ᠠᠰᠠᠭᠤᠳᠠᠯ ᠢᠶᠠᠷ ᠮᠡᠷᠭᠡᠰᠢᠭᠰᠡᠨ᠂ ᠠᠽᠢ᠂ ᠠᠹᠷᠢᠺᠠ᠂ ᠧᠦ᠋ᠷᠣᠫᠠ᠂ ᠣᠢᠢᠷᠠᠬᠢ ᠳᠣᠷᠣᠨᠠᠲᠤ ᠳ᠋ᠠᠬᠢ ᠠᠮᠧᠷᠢᠺᠠ ᠢᠢᠨ ᠨᠢᠭᠡᠳᠦᠭᠰᠡᠨ ᠤᠯᠤᠰ ᠤᠨ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠳ ᠲᠤ ᠠᠵᠢᠯᠯᠠᠭᠰᠠᠨ᠂ ᠲᠥᠷᠦ ᠢᠢᠨ ᠳ᠋ᠧᠫᠠᠷᠲ᠋ᠠᠮᠸᠨᠲ ᠲᠤ ᠤᠳᠤᠷᠢᠳᠬᠤ ᠠᠯᠪᠠᠨ ᠲᠤᠰᠢᠶᠠᠯ ᠢ ᠤᠳᠠᠭ᠎ᠠ ᠳᠠᠷᠠᠭ᠎ᠠ ᠬᠠᠰᠢᠵᠤ ᠪᠠᠢᠢᠭᠰᠠᠨ ᠶᠤᠮ᠃