Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠰᠠᠭᠰᠤᠨ ᠪᠥᠮᠪᠥᠭᠡ ᠢᠢᠨ ᠬᠣᠯᠪᠣᠭᠠᠨ ᠤ ᠲᠥᠯᠥᠭᠡᠯᠡᠯ᠂ ᠲᠠᠮᠢᠷᠴᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠨ ᠰᠠᠭᠰᠤᠨ ᠪᠥᠮᠪᠥᠭᠡ ᠢᠢᠨ ᠬᠣᠯᠪᠣᠭᠠᠨ ᠤ ᠤᠳᠤᠷᠢᠳᠤᠯᠭ᠎ᠠ ᠨᠤᠭᠤᠳ ᠪᠣᠯᠤᠨ ᠰᠢᠭᠰᠢᠭᠡ ᠪᠠᠭ ᠤᠨ ᠲᠠᠮᠢᠷᠴᠢᠳ ᠢ ᠥᠪᠡᠷᠰᠡᠳ ᠦᠨ ᠬᠢ ᠨᠢ ᠬᠦᠰᠡᠯᠲᠡ ᠪᠡᠷ ᠬᠦᠯᠢᠶᠡᠨ ᠠᠪᠴᠤ ᠠᠭᠤᠯᠵᠠᠪᠠ᠃

ᠶᠡᠷᠦᠩᠬᠡᠢᠢᠯᠡᠭᠴᠢ ᠠᠭᠤᠯᠵᠠᠯᠲᠠ ᠢᠢᠨ ᠡᠬᠢᠨ ᠳᠥ ᠤᠯᠠᠭᠠᠨᠪᠠᠭᠠᠲᠤᠷ ᠬᠣᠲᠠᠨ ᠠ ᠪᠣᠯᠤᠭᠰᠠᠨ ᠠᠽᠢ ᠢᠢᠨ ᠠᠪᠤᠷᠭᠤ ᠰᠢᠯᠭᠠᠷᠠᠭᠤᠯᠬᠤ ᠰᠠᠭᠰᠤᠨ ᠪᠥᠮᠪᠥᠭᠡ ᠢᠢᠨ ᠲᠡᠮᠡᠴᠡᠭᠡᠨ ᠦ ᠤᠷᠢᠳᠴᠢᠯᠠᠭᠰᠠᠨ ᠱᠠᠲᠤᠨ ᠳᠤ ᠥᠷᠢᠰᠦᠯᠳᠦᠵᠦ᠂ ᠬᠡᠰᠡᠭ ᠡᠴᠡ ᠪᠡᠨ ᠰᠢᠯᠭᠠᠷᠠᠭᠰᠠᠨ ᠳᠤ ᠪᠠᠶᠠᠷ ᠬᠦᠷᠭᠡᠵᠦ᠂ ᠠᠮᠵᠢᠯᠲᠠ ᠬᠦᠰᠡᠪᠡ᠃

ᠮᠣᠩ᠋ᠭᠣᠯ ᠤᠨ ᠰᠠᠭᠰᠤᠨ ᠪᠥᠮᠪᠥᠭᠡ ᠢᠢᠨ ᠬᠣᠯᠪᠣᠭ᠎ᠠ᠂ ᠰᠢᠭᠰᠢᠭᠡ ᠪᠠᠭ ᠤᠨ ᠲᠠᠮᠢᠷᠴᠢᠳ ᠴᠢᠨᠠᠭᠰᠢᠳᠠ ᠳᠡᠯᠡᠬᠡᠢ ᠳᠦ ᠨᠡᠷ᠎ᠡ ᠠᠯᠳᠠᠷ ᠢᠶᠠᠨ ᠳᠠᠭᠤᠷᠢᠰᠬᠠᠵᠤ᠂ ᠰᠠᠭᠰᠤᠨ ᠪᠥᠮᠪᠥᠭᠡ ᠢᠢᠨ ᠬᠣᠷᠣᠬᠠᠢᠢᠲᠠᠨ ᠨᠤᠭᠤᠳ᠂ ᠦᠵᠡᠭᠴᠢ ᠲᠦᠮᠡᠨ ᠢᠶᠡᠨ ᠪᠠᠶᠠᠷᠯᠠᠭᠤᠯᠤᠨ᠎ᠠ ᠭᠡᠳᠡᠭ ᠲᠦ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃

ᠮᠣᠩ᠋ᠭᠣᠯ ᠤᠨ ᠰᠠᠭᠰᠤᠨ ᠪᠥᠮᠪᠥᠭᠡ ᠢᠢᠨ ᠬᠣᠯᠪᠣᠭ᠎ᠠ 2022-2023 ᠣᠨ ᠤ ᠦᠨᠳᠦᠰᠦᠨ ᠦ ᠳᠡᠭᠡᠳᠦ ᠯᠢᠭᠢ ᠢᠢᠨ ᠲᠡᠮᠡᠴᠡᠭᠡᠨ ᠦ ᠠᠪᠤᠷᠭᠤ ᠢᠢᠨ ᠴᠣᠮᠣ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠨᠡᠷᠡᠮᠵᠢᠲᠦ ᠪᠣᠯᠭᠠᠬᠤ ᠬᠦᠰᠡᠯᠲᠡ ᠭᠠᠷᠭᠠᠯ᠎ᠠ᠃
ᠡᠨᠡ ᠳᠠᠭᠠᠭᠤ ᠨᠠᠢᠮᠠᠨ ᠵᠢᠯ ᠲᠤᠰ ᠲᠤ ᠪᠠᠨ ᠦᠢᠯᠡ ᠠᠵᠢᠯᠯᠠᠭ᠎ᠠ ᠶᠠᠪᠤᠭᠤᠯᠵᠤ ᠪᠠᠢᠢᠭᠰᠠᠨ ᠬᠣᠯᠪᠣᠭᠠᠳ ᠨᠢᠭᠡᠳᠦᠭᠰᠡᠨ ᠬᠤᠷᠠᠯ ᠢᠶᠠᠨ ᠬᠡᠢᠢᠨ ᠳᠦᠷᠢᠮ ᠢᠶᠡᠨ ᠪᠠᠲᠤᠯᠠᠵᠤ᠂ ᠰᠢᠨ᠎ᠡ ᠶᠡᠷᠦᠩᠬᠡᠢᠢᠯᠡᠭᠴᠢ ᠪᠡᠨ ᠰᠣᠩ᠋ᠭᠣᠭᠰᠠᠨ᠃ ᠨᠢᠭᠡᠳᠴᠦ ᠨᠡᠢᠢᠯᠡᠪᠡᠯ ᠠᠮᠵᠢᠯᠲᠠ ᠳᠤ ᠬᠦᠷᠴᠦ ᠪᠣᠯᠳᠠᠭ ᠢ ᠠᠽᠢ ᠢᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠤᠷᠢᠳᠴᠢᠯᠠᠭᠰᠠᠨ ᠱᠠᠲᠤᠨ ᠤ ᠲᠡᠮᠡᠴᠡᠭᠡᠨ ᠬᠠᠷᠠᠭᠤᠯᠤᠭᠰᠠᠨ ᠭᠡᠳᠡᠭ ᠢ ᠮᠣᠩ᠋ᠭᠣᠯ ᠤᠨ ᠰᠠᠭᠰᠤᠨ ᠪᠥᠮᠪᠥᠭᠡ ᠢᠢᠨ ᠬᠣᠯᠪᠣᠭᠠᠨ ᠤ ᠤᠳᠤᠷᠢᠳᠤᠯᠭ᠎ᠠ ᠨᠤᠭᠤᠳ ᠬᠡᠯᠡᠯ᠎ᠡ᠃

ᠮᠣᠩ᠋ᠭᠣᠯ ᠤᠯᠤᠰ ᠤᠨ ᠰᠢᠭᠰᠢᠭᠡ ᠪᠠᠭ ᠠᠽᠢ ᠢᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠳᠠᠷᠠᠭ᠎ᠠ ᠢᠢᠨ ᠱᠠᠲᠤᠨ ᠳᠤ ᠭᠤᠸᠠᠮ᠂ ᠾᠣᠩᠺᠣᠩ᠂ ᠰᠢᠩ᠋ᠭᠠᠫᠦᠷᠢ ᠤᠨ ᠪᠠᠭ ᠲᠠᠢ ᠨᠢᠭᠡ ᠬᠡᠰᠡᠭ ᠲᠥ ᠣᠷᠣᠭᠠᠳ ᠪᠠᠢᠢᠭ᠎ᠠ ᠶᠤᠮ᠃