ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠵᠠᠬᠢᠷᠤᠮᠵᠢ ᠭᠠᠷᠭᠠᠨ ᠡᠷᠳᠡᠨᠢᠴᠣᠭᠲᠤ ᠶᠢᠨ ᠰᠣᠳᠣᠨᠲᠣᠭᠣᠰ ᠢ ᠮᠡᠳᠡᠭᠡᠯᠡᠯ ᠦᠨ ᠮᠣᠩ᠋ᠭᠣᠯ ᠤᠨ ᠴᠠᠬᠢᠯᠭᠠᠨ ᠮᠡᠳᠡᠭᠡᠨ ᠦ ᠠᠭᠧᠨᠲᠯᠢᠭ᠌ ᠤᠨ ᠳᠠᠷᠤᠭ᠎ᠠ ᠪᠠᠷ ᠲᠣᠮᠢᠯᠠᠯ᠎ᠠ᠃
ᠡ᠊ ∙ ᠰᠣᠳᠣᠨᠲᠣᠭᠣᠰ ᠨᠢ ᠭᠠᠳᠠᠭᠠᠳᠤ ᠬᠡᠯᠡᠨ ᠦ ᠳᠡᠭᠡᠳᠦ ᠰᠤᠷᠭᠠᠭᠤᠯᠢ᠂ ᠰᠠᠩᠬᠦᠦ᠂ ᠡᠳ᠋ ᠍ ᠦᠨ ᠵᠠᠰᠠᠭ ᠤᠨ ᠳᠡᠭᠡᠳᠦ ᠰᠤᠷᠭᠠᠭᠤᠯᠢ ᠲᠡᠭᠦᠰᠦᠭᠰᠡᠨ᠃ ᠣᠷᠣᠰ᠂ ᠠᠩ᠋ᠭ᠍ᠯᠢ ᠬᠡᠯᠡᠨ ᠦ ᠣᠷᠴᠢᠭᠤᠯᠤᠭᠴᠢ᠂ ᠪᠠᠩᠬᠢ ᠵᠢᠭᠡᠯᠡ ᠶᠢᠨ ᠡᠳ᠋ ᠍ ᠦᠨ ᠵᠠᠰᠠᠭᠴᠢ ᠮᠡᠷᠭᠡᠵᠢᠯ ᠲᠡᠢ᠃
БНСУ ᠍ ᠤᠨ ᠺᠠᠶᠥᠨ ᠬᠢ ᠶᠡᠬᠡ ᠰᠤᠷᠭᠠᠭᠤᠯᠢ ᠶᠢᠨ ᠣᠯᠠᠨ ᠤᠯᠤᠰ ᠰᠤᠳᠤᠯᠤᠯ ᠤᠨ ᠰᠤᠷᠭᠠᠭᠤᠯᠢ ᠳᠤ ᠣᠯᠠᠨ ᠤᠯᠤᠰ ᠤᠨ ᠤᠯᠤᠰ ᠲᠥᠷᠦ ᠰᠤᠳᠤᠯᠤᠯ ᠡᠳ᠋ ᠶᠢᠨ ᠵᠠᠰᠠᠭ ᠤᠨ ᠮᠠᠭᠢᠰᠲ᠋ᠷ ᠤᠨ ᠵᠡᠷᠭᠡ ᠬᠠᠮᠠᠭᠠᠯᠠᠭᠰᠠᠨ᠃ ᠣᠯᠠᠨ ᠤᠯᠤᠰ ᠤᠨ ᠤᠯᠤᠰ ᠲᠥᠷᠦ ᠰᠤᠳᠤᠯᠤᠭᠠᠴᠢ᠂ ᠡᠳ᠋ ᠍ ᠦᠨ ᠵᠠᠰᠠᠭᠴᠢ᠃
ᠲᠡᠷᠡ ᠪᠡᠷ᠎ᠡ ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠬᠦᠮᠦᠨ ᠠᠮᠠ ᠶᠢᠨ ᠰᠠᠩ ᠳᠤ ᠣᠷᠴᠢᠭᠤᠯᠤᠭᠴᠢ᠂ ᠠᠮᠧᠷᠢᠺᠠ ᠶᠢᠨ ᠨᠢᠭᠡᠳᠦᠭᠰᠡᠨ ᠤᠯᠤᠰ ᠶᠢᠨ ᠣᠯᠠᠨ ᠤᠯᠤᠰ ᠤᠨ ᠬᠥᠭ᠍ᠵᠢᠯ ᠦᠨ ᠠᠭᠧᠨᠲᠯᠢᠭ᠌᠂ ᠭᠠᠳᠠᠭᠠᠳᠤ ᠬᠠᠷᠢᠯᠴᠠᠭᠠᠨ ᠤ ᠶᠠᠮᠤᠨ ᠤ ᠣᠯᠠᠨ ᠲᠠᠯᠠᠲᠤ ᠬᠠᠮᠲᠤ ᠶᠢᠨ ᠠᠵᠢᠯᠯᠠᠭᠠᠨ ᠤ ᠭᠠᠵᠠᠷ ᠲᠤ ᠠᠲ᠋ᠲ᠋ᠠᠱᠧ᠂ ᠦᠨᠳᠦᠰᠦᠨ ᠦ ᠠᠶᠤᠯ ᠦᠭᠡᠢ ᠪᠠᠶᠢᠳᠠᠯ ᠤᠨ ᠵᠥᠪᠯᠡᠯ ᠳᠥ ᠮᠡᠷᠭᠡᠵᠢᠯᠲᠡᠨ᠂ 2009-2015 ᠣᠨ ᠳᠤ ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠵᠦᠪᠯᠡᠬᠦ ᠪᠥᠭᠡᠳ ᠰᠢᠳᠠᠷ ᠲᠤᠰᠠᠯᠠᠬᠤ᠂ 2015-2022 ᠣᠨ ᠳᠤ ᠮᠢᠩ᠋ᠭᠠᠨ ᠤ ᠰᠣᠷᠢᠯᠲᠠ ᠶᠢᠨ ᠬᠣᠶᠠᠷ ᠳ᠋ᠠᠬᠢ ᠺᠣᠮᠫᠠᠺᠲ ᠭᠡᠷ᠎ᠡ ᠶᠢ ᠪᠣᠯᠪᠠᠰᠤᠷᠠᠭᠤᠯᠬᠤ ᠦᠨᠳᠦᠰᠦᠨ ᠦ ᠠᠵᠢᠯ ᠤᠨ ᠠᠯᠪᠠᠨ ᠤ ᠳᠠᠷᠤᠭ᠎ᠠ᠂ ᠮᠣᠩ᠋ᠭᠣᠯ ᠤᠨ ᠮᠢᠩ᠋ᠭᠠᠨ ᠤ ᠰᠣᠷᠢᠯᠲᠠ ᠶᠢᠨ ᠰᠠᠩ ᠤᠨ ᠭᠦᠢᠴᠡᠳᠭᠡᠬᠦ ᠵᠠᠬᠢᠷᠤᠯ ᠵᠡᠷᠭᠡ ᠠᠯᠪᠠ ᠬᠠᠰᠢᠵᠤ ᠪᠠᠶᠢᠭᠰᠠᠨ᠃
ᠡ᠊ ∙ ᠰᠣᠳᠣᠨᠲᠣᠭᠣᠰ ᠨᠢ ᠣᠯᠠᠨ ᠤᠯᠤᠰ ᠤᠨ ᠬᠥᠭ᠍ᠵᠢᠯ ᠦᠨ ᠬᠠᠮᠲᠤ ᠶᠢᠨ ᠠᠵᠢᠯᠯᠠᠭᠠᠨ ᠤ ᠰᠠᠯᠪᠤᠷᠢ ᠳᠤ 30 ᠭᠠᠷᠤᠢ ᠵᠢᠯ ᠠᠵᠢᠯᠯᠠᠭᠰᠠᠨ ᠲᠤᠷᠰᠢᠯᠭ᠎ᠠ ᠲᠠᠢ ᠶᠤᠮ᠃