Та "Internet explorer"-ийн сүүлийн хувилбар болох "Microsoft edge"-г ашиглана уу

Хэрэв "Microsoft edge"-г татах бол энд дарж татаж авна уу

《ᠶᠡᠬᠡ ᠮᠣᠩ᠋ᠭᠣᠯ ᠤᠯᠤᠰ ᠪᠠ ᠴᠢᠩ᠋ᠭᠢᠰ ᠬᠠᠭᠠᠨ ᠤ ᠥᠪ》 ᠡᠷᠳᠡᠮ ᠦᠨ ᠴᠢᠭᠤᠯᠭᠠᠨ ᠪᠣᠯᠪᠠ

ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ᠂ 《ᠮᠣᠩ᠋ᠭᠣᠯ ᠪᠠᠬᠠᠷᠬᠠᠯ ᠤᠨ ᠡᠳᠦᠷ》ᠲᠤ ᠵᠣᠷᠢᠭᠤᠯᠤᠭᠰᠠᠨ 《ᠶᠡᠬᠡ ᠮᠣᠩ᠋ᠭᠣᠯ ᠤᠯᠤᠰ ᠪᠠ ᠴᠢᠩ᠋ᠭᠢᠰ ᠬᠠᠭᠠᠨ ᠤ ᠥᠪ》 ᠡᠷᠳᠡᠮ ᠦᠨ ᠴᠢᠭᠤᠯᠭᠠᠨ ᠲᠥᠷᠦ ᠢᠢᠨ ᠣᠷᠳᠣᠨ ᠳᠤ ᠪᠣᠯᠪᠠ᠃

ᠡᠷᠳᠡᠮ ᠦᠨ ᠴᠢᠭᠤᠯᠭᠠᠨ ᠤ ᠦᠶ᠎ᠡ ᠪᠡᠷ ᠬᠡᠯᠡ ᠵᠦᠢ ᠢᠢᠨ ᠳ᠋ᠣᠺᠲ᠋ᠣᠷ᠂ ᠫᠷᠣᠹᠧᠰᠰᠣᠷ ᠪᠠ‍᠂ ᠰᠤᠮᠢᠶᠠᠪᠠᠭᠠᠲᠤᠷ 《ᠮᠣᠩ᠋ᠭᠣᠯ ᠤᠨ ᠨᠢᠭᠤᠴᠠ ᠲᠣᠪᠴᠢᠶᠠᠨ ᠰᠤᠳᠤᠯᠤᠯ ᠳ᠋ᠠᠬᠢ ᠮᠣᠩ᠋ᠭᠣᠯ ᠤᠯᠤᠰ ᠤᠨ ᠳᠥᠷᠪᠡᠨ ᠫᠠᠲ᠋ᠧᠨᠲ》᠂ ᠰᠤᠶᠤᠯ ᠤᠨ ᠭᠠᠪᠢᠶᠠᠲᠤ ᠵᠢᠳᠬᠦᠯᠲᠡᠨ᠂ ᠣᠷᠴᠢᠭᠤᠯᠤᠭᠴᠢ ᠭᠤ‍ ∙ ᠠᠺᠢᠮ᠎ ᠢᠢᠨ 《ᠱᠠᠰᠲᠢᠷ ᠤᠨ ᠴᠢᠭᠤᠯᠭᠠᠨ》 ᠪᠦᠲᠦᠭᠡᠯ ᠦᠨ ᠨᠡᠭᠡᠭᠡᠯᠲᠡ ᠪᠣᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠡᠷᠳᠡᠮ ᠦᠨ ᠴᠢᠭᠤᠯᠭᠠᠨ ᠳᠤ ᠣᠷᠣᠯᠴᠠᠵᠤ ᠦᠭᠡ ᠬᠡᠯᠡᠯ᠎ᠡ᠃

ᠲᠡᠷᠡ ᠪᠡᠷ᠎ᠡ ᠶᠡᠬᠡ ᠡᠵᠡᠨ ᠴᠢᠩ᠋ᠭᠢᠰ ᠬᠠᠭᠠᠨ ᠪᠣᠯᠤᠨ ᠲᠡᠭᠦᠨ ᠦ ᠵᠠᠯᠭᠠᠮᠵᠢᠯᠠᠭᠴᠢᠳ ᠤᠨ ᠲᠣᠬᠣᠨᠢᠭᠤᠯᠵᠤ ᠲᠥᠪᠬᠢᠨᠡᠭᠦᠯᠦᠭᠰᠡᠨ ᠶᠡᠬᠡ ᠭᠦᠷᠦᠨ ᠦ ᠲᠡᠦᠬᠡ᠂ ᠰᠣᠶᠣᠯ ᠢ ᠪᠢᠴᠢᠭ᠌ ᠦᠨ ᠮᠡᠷᠭᠡᠳ ᠱᠠᠰᠲᠢᠷᠯᠠᠨ ᠪᠢᠴᠢᠵᠦ᠂ ᠲᠥᠷᠦᠳᠦ ᠶᠣᠰᠣ᠂ ᠬᠡᠪ ᠵᠠᠩᠰᠢᠯ ᠢᠶᠠᠷ ᠢᠶᠠᠨ ᠥᠪᠯᠡᠭᠦᠯᠦᠨ ᠤᠯᠠᠮᠵᠢᠯᠠᠭᠤᠯᠵᠤ ᠢᠷᠡᠭᠰᠡᠨ ᠢ ᠣᠨᠴᠠᠯᠠᠪᠠ᠃

ᠲᠡᠦᠬᠡ᠂ ᠰᠤᠶᠤᠯ ᠢᠶᠠᠨ ᠰᠤᠷᠪᠤᠯᠵᠢᠯᠠᠨ ᠰᠤᠳᠤᠯᠬᠤ᠂ ᠬᠠᠳᠠᠭᠠᠯᠠᠨ ᠬᠠᠮᠠᠭᠠᠯᠠᠬᠤ᠂ ᠲᠦᠭᠡᠭᠡᠨ ᠳᠡᠯᠭᠡᠷᠡᠭᠦᠯᠬᠦ ᠳᠥ ᠬᠢᠴᠢᠶᠡᠨ ᠵᠢᠳᠬᠦᠵᠦ᠂ ᠰᠢᠯᠢᠳᠡᠭ ᠪᠦᠲᠦᠭᠡᠯ ᠦᠳ ᠢᠶᠡᠨ ᠲᠣᠯᠢᠯᠠᠭᠤᠯᠵᠤ ᠪᠤᠢ ᠡᠷᠳᠡᠮᠲᠡᠳ ᠲᠥ ᠲᠠᠯᠠᠷᠬᠠᠯ ᠢᠯᠡᠷᠬᠡᠢᠢᠯᠡᠪᠡ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠬᠡ ᠡᠵᠡᠨ ᠴᠢᠩ᠋ᠭᠢᠰ ᠬᠠᠭᠠᠨ ᠤ ᠦᠢᠯᠡ ᠬᠡᠷᠡᠭ ᠢ ᠠᠯᠳᠠᠷᠰᠢᠭᠤᠯᠤᠨ᠂ ᠦᠨ᠎ᠡ ᠴᠡᠨ ᠢ ᠨᠢ ᠪᠠᠲᠤᠳᠬᠠᠨ ᠪᠡᠬᠢᠵᠢᠭᠦᠯᠬᠦ ᠳᠥ ᠣᠨᠤᠴᠤᠭᠠᠢ ᠠᠩᠬᠠᠷᠴᠤ ᠪᠠᠢᠢᠭ᠎ᠠ ᠢᠢ ᠲᠡᠮᠳᠡᠭᠯᠡᠪᠡ᠃

ᠡᠷᠳᠡᠮ ᠦᠨ ᠴᠢᠭᠤᠯᠭᠠᠨ ᠢᠶᠠᠷ᠄

ᠬᠡᠯᠡ ᠰᠢᠨᠵᠢᠯᠡᠯ ᠦᠨ ᠤᠬᠠᠭᠠᠨ ᠤ ᠳ᠋ᠣᠺᠲ᠋ᠣᠷ᠂ ᠳᠡᠳ᠋ ᠫᠷᠣᠹᠧᠰᠰᠣᠷ ᠱ᠂ ᠡᠭᠡᠰᠢᠭ᠌ 《ᠮᠣᠩ᠋ᠭᠣᠯ ᠤᠨ ᠨᠢᠭᠤᠴᠠ ᠲᠣᠪᠴᠢᠶᠠᠨ ᠳ᠋ᠠᠬᠢ ᠬᠢᠲᠠᠳ ᠭᠠᠯᠢᠭ ᠬᠢᠭᠡᠳ ᠣᠷᠴᠢᠭᠤᠯᠭ᠎ᠠ》
ᠬᠡᠯᠡ ᠪᠢᠴᠢᠭ᠌ ᠦᠨ ᠤᠬᠠᠭᠠᠨ ᠤ ᠳ᠋ᠣᠺᠲ᠋ᠣᠷ ᠭ ∙ ᠪᠠᠲᠤᠰᠠᠭᠤᠷᠢ 《ᠮᠣᠩ᠋ᠭᠣᠯ ᠤᠨ ᠨᠢᠭᠤᠴᠠ ᠲᠣᠪᠴᠢᠶᠠᠨ ᠪᠠ ᠰᠣᠩ᠋ᠭᠣᠳᠠᠭ ᠵᠣᠬᠢᠶᠠᠯ ᠤᠳ ᠤᠨ ᠦᠰᠢ ᠬᠣᠨᠵᠢᠩ ᠤᠨ ᠳᠦᠷᠰᠦᠯᠡᠯ》
ᠲᠡᠦᠬᠡ ᠢᠢᠨ ᠤᠬᠠᠭᠠᠨ ᠤ ᠳ᠋ᠣᠺᠲ᠋ᠣᠷ᠂ ᠫᠷᠣᠹᠧᠰᠰᠣᠷ ᠵ ∙ ᠪᠠᠽᠠᠷᠰᠦ᠋ᠷᠦᠩ 《ᠳᠡᠯᠡᠬᠡᠢ ᠳ᠋ᠠᠬᠢᠨ ᠤ ᠴᠡᠷᠢᠭ ᠦᠨ ᠬᠡᠷᠡᠭ ᠲᠥ ᠴᠢᠩ᠋ᠭᠢᠰ ᠬᠠᠭᠠᠨ ᠤ ᠣᠷᠣᠭᠤᠯᠤᠭᠰᠠᠨ ᠬᠤᠪᠢ ᠨᠡᠮᠡᠷᠢ ᠢᠢᠨ ᠲᠤᠬᠠᠢ ᠳᠤ》
ᠶᠡᠷᠦᠩᠬᠡᠢᠢᠯᠡᠭᠴᠢ ᠢᠢᠨ ᠳᠡᠷᠭᠡᠳᠡᠬᠢ ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠠᠵᠢᠯ ᠤᠨ ᠠᠯᠪᠠᠨ ᠤ ᠳᠠᠷᠤᠭ᠎ᠠ ᠨ᠂ ᠨᠠᠷᠠᠨᠭᠡᠷᠡᠯ 《ᠬᠠᠭᠠᠨ ᠤ ᠵᠠᠷᠯᠢᠭ ᠢᠶᠠᠷ ᠪᠦᠲᠦᠭᠡᠭ᠍ᠰᠡᠨ ᠬᠠᠷᠠᠬᠣᠷᠢᠨ ᠤ ᠭᠡᠷᠡᠯᠲᠦ ᠬᠥᠰᠢᠶᠡᠨ ᠦ ᠪᠢᠴᠢᠭᠡᠰᠦ ᠢᠢᠨ ᠤᠳᠬ᠎ᠠ᠂ ᠠᠭᠤᠯᠭ᠎ᠠ》
ᠰᠢᠨᠵᠢᠯᠡᠬᠦ ᠤᠬᠠᠭᠠᠨ ᠤ ᠭᠠᠪᠢᠶᠠᠲᠤ ᠵᠢᠳᠬᠦᠯᠲᠡᠨ᠂ ᠳ᠋ᠣᠺᠲ᠋ᠣᠷ᠂ ᠫᠷᠣᠹᠧᠰᠰᠣᠷ ᠳᠢ‍᠂ ᠡᠷᠳᠡᠨᠢᠪᠠᠭᠠᠲᠤᠷ 《ᠮᠣᠩ᠋ᠭᠣᠯ ᠤᠨ ᠡᠵᠡᠨᠲᠦ ᠭᠦᠷᠦᠨ ᠦ ᠠᠷᠬᠧᠣᠯᠣᠭᠢ ᠢᠢᠨ ᠥᠪ ᠰᠤᠶᠤᠯ ᠠᠴᠠ》
ᠲᠡᠦᠬᠡ ᠢᠢᠨ ᠤᠬᠠᠭᠠᠨ ᠤ ᠳ᠋ᠣᠺᠲ᠋ᠣᠷ᠂ ᠫᠷᠣᠹᠧᠰᠰᠣᠷ ᠬ ∙ ᠱᠠᠭᠳᠤᠷ 《ᠡᠴᠢᠭᠡ ᠬᠥᠦ ᠭᠤᠷᠪᠠᠨ ᠵᠠᠩᠵᠤᠨ》
ᠲᠡᠦᠬᠡ ᠢᠢᠨ ᠤᠬᠠᠭᠠᠨ ᠤ ᠳ᠋ᠣᠺᠲ᠋ᠣᠷ ᠪ᠂ ᠡᠩᠬᠡᠴᠢᠮᠡᠭ 《ᠲᠤᠰᠠᠭᠠᠷ ᠲᠣᠭᠲᠠᠨᠢᠯ-ᠮᠣᠩ᠋ᠭᠣᠯ ᠤᠨ ᠪᠠᠬᠠᠷᠬᠠᠯ》 ᠢᠯᠡᠳᠬᠡᠯ ᠲᠠᠯᠪᠢᠵᠤ ᠬᠡᠯᠡᠯᠴᠡᠭᠦᠯᠦᠯ᠎ᠡ᠃