Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠺᠠ ᠢᠢᠨ ᠨᠢᠭᠡᠳᠦᠭᠰᠡᠨ ᠤᠯᠤᠰ ᠢᠢᠨ ᠢᠷᠭᠡᠨ ᠵᠠᠺ ᠤᠧᠲ᠋ᠧᠷᠹᠣᠷᠲ᠂ ᠠᠺᠠᠳᠧᠮᠢᠴᠢ ᠳᠡ‍᠂ ᠳᠣᠷᠵᠢᠭᠣᠲᠤᠪ ᠨᠠᠷ ᠲᠤ 《ᠴᠢᠩ᠋ᠭᠢᠰ ᠬᠠᠭᠠᠨ》 ᠲᠡᠷᠢᠭᠦᠨ ᠵᠡᠷᠭᠡ ᠢᠢᠨ ᠣᠳᠤᠨ ᠬᠦᠷᠲᠡᠭᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠨ ᠲᠤᠯᠭᠤᠷ ᠲᠥᠷᠦ ᠢᠢᠨ 2231 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 816 ᠵᠢᠯ᠂ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 111 ᠵᠢᠯ᠂ ᠠᠷᠠᠳ ᠤᠨ ᠬᠤᠪᠢᠰᠬᠠᠯ ᠤᠨ 101 ᠵᠢᠯ᠂ ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ ᠲᠡᠦᠬᠡᠲᠦ 860 ᠵᠢᠯ ᠦᠨ ᠣᠢ᠂ 《ᠮᠣᠩ᠋ᠭᠣᠯ ᠪᠠᠬᠠᠷᠬᠠᠯ ᠤᠨ ᠡᠳᠦᠷ》 ᠢ ᠲᠣᠬᠢᠶᠠᠯᠳᠤᠭᠤᠯᠤᠨ ᠬᠣᠶᠠᠷ ᠢᠷᠭᠡᠨ ᠳᠥ ᠮᠣᠩ᠋ᠭᠣᠯ ᠤᠯᠤᠰ ᠤᠨ ᠲᠥᠷᠦ ᠢᠢᠨ ᠳᠡᠭᠡᠳᠦ ᠱᠠᠩᠨᠠᠯ᠂ 《ᠴᠢᠩ᠋ᠭᠢᠰ ᠬᠠᠭᠠᠨ》 ᠲᠡᠷᠢᠭᠦᠨ ᠵᠡᠷᠭᠡ ᠢᠢᠨ ᠣᠳᠤᠨ ᠬᠦᠷᠲᠡᠭᠡᠪᠡ᠃

《ᠴᠢᠩ᠋ᠭᠢᠰ ᠬᠠᠭᠠᠨ》 ᠲᠡᠷᠢᠭᠦᠨ ᠵᠡᠷᠭᠡ ᠢᠢᠨ ᠣᠳᠣᠨ ᠢᠶᠠᠷ᠄

ᠴᠢᠩ᠋ᠭᠢᠰ ᠬᠠᠭᠠᠨ᠂ ᠲᠡᠭᠦᠨ ᠢ ᠵᠠᠯᠭᠠᠮᠵᠢᠯᠠᠭᠴᠢᠳ ᠪᠣᠯᠤᠨ ᠮᠣᠩ᠋ᠭᠣᠯ ᠬᠠᠲᠤᠳ ᠤᠨ ᠳᠡᠯᠡᠬᠡᠢ ᠶᠢᠷᠲᠢᠨᠴᠦ ᠢᠢᠨ ᠲᠡᠦᠬᠡᠨ ᠳᠥ ᠣᠷᠣᠭᠤᠯᠤᠭᠰᠠᠨ ᠬᠤᠪᠢ ᠨᠡᠮᠡᠷᠢ᠂ ᠭᠠᠪᠢᠶ᠎ᠠ ᠵᠢᠳᠬᠦᠯ ᠢ ᠰᠤᠷᠪᠤᠯᠵᠢᠯᠠᠨ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠦᠨᠡᠯᠡᠨ ᠳ᠋ᠦᠩᠨᠡᠭᠰᠡᠨ 《ᠥᠨᠥ ᠢᠢᠨ ᠶᠢᠷᠲᠢᠨᠴᠦ ᠢᠢ ᠦᠨᠳᠦᠰᠦᠯᠡᠭᠴᠢ ᠴᠢᠩ᠋ᠭᠢᠰ ᠬᠠᠭᠠᠨ》᠂ 《ᠮᠣᠩ᠋ᠭᠣᠯ ᠤᠨ ᠶᠡᠬᠡ ᠬᠠᠲᠤᠳ ᠤᠨ ᠨᠢᠭᠤᠴᠠ ᠲᠣᠪᠴᠢᠶᠠᠨ》᠂ 《ᠴᠢᠩ᠋ᠭᠢᠰ ᠬᠠᠭᠠᠨ ᠪᠠ ᠡᠷᠬᠢᠮ ᠳᠡᠭᠡᠳᠦ ᠦᠨᠡᠨ ᠦ ᠡᠷᠢᠯᠳᠦ》 ᠵᠡᠷᠭᠡ ᠰᠤᠳᠤᠯᠭᠠᠨ ᠤ ᠪᠦᠲᠦᠭᠡᠯ᠂ ᠨᠣᠮ ᠵᠣᠬᠢᠶᠠᠯ ᠲᠤᠭᠤᠷᠪᠢᠭᠰᠠᠨ᠃ ᠡᠨᠡᠬᠦ ᠪᠦᠲᠦᠭᠡᠯ ᠦᠳ ᠨᠢ ᠣᠯᠠᠨ ᠬᠡᠯᠡ ᠪᠡᠷ ᠣᠷᠴᠢᠭᠤᠯᠤᠭᠳᠠᠨ ᠳᠡᠯᠡᠬᠡᠢ ᠨᠡᠢᠢᠲᠡ ᠢᠢᠨ ᠬᠦᠷᠲᠡᠭᠡᠯ ᠪᠣᠯᠬᠤ ᠳᠤ ᠪᠠᠨ ᠮᠣᠩ᠋ᠭᠣᠯᠴᠤᠳ ᠤᠨ ᠲᠠᠯᠠᠭᠠᠷᠬᠢ ᠲᠡᠦᠬᠡᠨ ᠪᠣᠳᠠᠲᠤ ᠣᠢᠢᠯᠠᠭᠠᠯᠲᠠ ᠢᠢ ᠥᠨᠥ ᠢᠢᠨ ᠳᠡᠯᠡᠬᠡᠢ ᠶᠢᠷᠲᠢᠨᠴᠦ ᠳ᠋ᠥ ᠳᠠᠬᠢᠨ ᠲᠠᠨᠢᠭᠤᠯᠵᠤ᠂ ᠴᠢᠩ᠋ᠭᠢᠰ ᠬᠠᠭᠠᠨ ᠰᠤᠳᠤᠯᠤᠯ ᠢ ᠬᠥᠭ᠍ᠵᠢᠭᠦᠯᠬᠦ ᠳᠥ ᠣᠨᠤᠴᠤᠭᠠᠢ ᠬᠤᠪᠢ ᠨᠡᠮᠡᠷᠢ ᠣᠷᠣᠭᠤᠯᠤᠭᠰᠠᠨ ᠢ ᠥᠨᠳᠥᠷ ᠢᠶᠡᠷ ᠦᠨᠡᠯᠡᠨ ᠠᠮᠧᠷᠢᠺᠠ ᠢᠢᠨ ᠨᠢᠭᠡᠳᠦᠭᠰᠡᠨ ᠤᠯᠤᠰ ᠤᠨ ᠢᠷᠭᠡᠨ᠂ ᠡᠷᠳᠡᠮᠲᠡᠨ ᠰᠤᠳᠤᠯᠤᠭᠠᠴᠢ᠂ ᠳ᠋ᠣᠺᠲ᠋ᠣᠷ᠂ ᠫᠷᠣᠹᠧᠰᠰᠣᠷ ᠵᠠᠺ ᠤᠧᠲ᠋ᠧᠷᠹᠣᠷᠲ;

ᠶᠡᠬᠡ ᠡᠵᠡᠨ ᠴᠢᠩ᠋ᠭᠢᠰ ᠬᠠᠭᠠᠨ ᠤ ᠮᠣᠩ᠋ᠭᠣᠯ ᠲᠦᠮᠡᠨ ᠳᠥ ᠥᠪᠯᠡᠭᠦᠯᠦᠨ ᠦᠯᠡᠳᠡᠭᠡᠭ᠍ᠰᠡᠨ ᠭᠠᠵᠠᠷ ᠨᠤᠲᠤᠭ᠂ ᠬᠥᠷᠦᠰᠥ᠂ ᠬᠥᠷᠦᠰᠥᠨ ᠪᠦᠷᠬᠦᠪᠴᠢ ᠢᠢᠨ ᠲᠠᠯ᠎ᠠ ᠪᠠᠷ 50 ᠭᠠᠷᠤᠢ ᠰᠠᠭᠤᠷᠢ ᠰᠤᠳᠤᠯᠭ᠎ᠠ ᠬᠡᠢᠢᠨ᠂ ᠬᠡᠭᠡᠷ᠎ᠡ ᠢᠢᠨ ᠰᠢᠨᠵᠢᠯᠡᠭᠡᠨ ᠦ ᠠᠵᠢᠯ ᠵᠣᠬᠢᠶᠠᠨ ᠪᠠᠢᠢᠭᠤᠯᠵᠤ᠂ ᠬᠥᠷᠦᠰᠦᠨ ᠦ ᠭᠠᠷᠤᠯ ᠡᠭᠦᠰᠦᠯ᠂ ᠠᠩ᠋ᠭᠢᠯᠠᠯ᠂ ᠵᠢᠷᠤᠭᠯᠠᠯ᠂ ᠮᠤᠵᠢᠯᠠᠯ᠂ ᠴᠢᠨᠠᠷ ᠤᠨ ᠦᠨᠡᠯᠡᠭᠡ᠂ ᠬᠢᠮᠢ ᠹᠢᠽᠢᠺ ᠦᠨ ᠰᠢᠨᠵᠢ᠂ ᠦᠷᠡᠵᠢᠯ ᠰᠢᠮ᠎ᠡ᠂ ᠠᠰᠢᠭᠯᠠᠯᠲᠠ ᠢᠢᠨ ᠲᠠᠯ᠎ᠠ ᠪᠠᠷ ᠣᠯᠠᠨ ᠠᠷᠪᠠᠨ ᠨᠣᠮ᠂ ᠰᠤᠳᠤᠯᠭᠠᠨ ᠤ ᠪᠦᠲᠦᠭᠡᠯ ᠲᠤᠭᠤᠷᠪᠢᠭᠰᠠᠨ᠃ ᠮᠣᠩ᠋ᠭᠣᠯ ᠣᠷᠣᠨ ᠤ ᠪᠠᠨ ᠬᠥᠷᠦᠰᠦᠨ ᠦ ᠪᠦᠬᠦ ᠬᠡᠪ ᠰᠢᠨᠵᠢ᠂ ᠲᠥᠷᠦᠯ ᠵᠦᠢᠯ ᠢ ᠠᠩ᠋ᠭᠢᠯᠠᠨ ᠲᠣᠳᠣᠷᠬᠠᠢᠢᠯᠠᠵᠤ᠂ ᠲᠡᠳᠡᠭᠡᠷ ᠦᠨ ᠨᠥᠭᠡᠴᠡ ᠢᠢ ᠲᠣᠭᠠᠴᠠᠭᠠᠯᠠᠨ ᠭᠠᠷᠭᠠᠬᠤ ᠠᠷᠭ᠎ᠠ ᠵᠦᠢ ᠢᠢ ᠪᠣᠯᠪᠠᠰᠤᠷᠠᠭᠤᠯᠤᠨ ᠪᠠᠲᠤᠯᠠᠭᠠᠵᠢᠭᠤᠯᠵᠤ᠂ ᠡᠺᠣᠰᠢᠰᠲ᠋ᠧᠮ ᠦᠳ ᠦᠨ ᠬᠡᠮᠵᠢᠶᠡᠨ ᠳᠥ ᠦᠨᠡᠯᠡᠨ ᠬᠠᠮᠠᠭᠠᠯᠠᠬᠤ ᠰᠢᠨᠵᠢᠯᠡᠬᠦ ᠤᠬᠠᠭᠠᠨ ᠤ ᠮᠡᠳᠡᠯᠭᠡ ᠪᠤᠢ ᠪᠣᠯᠭᠠᠨ᠂ ᠮᠣᠩ᠋ᠭᠣᠯ ᠣᠷᠣᠨ ᠤ ᠠᠩᠬᠠᠨ ᠤ ᠬᠥᠷᠦᠰᠦᠨ ᠦ ᠵᠢᠷᠤᠭ ᠪᠣᠯᠤᠨ ᠠᠩᠬᠠᠨ ᠤ ᠰᠠᠨᠰᠠᠷ ᠤᠨ ᠭᠡᠷᠡᠯ ᠵᠢᠷᠤᠭ ᠲᠤ ᠲᠤᠯᠭᠠᠭᠤᠷᠢᠯᠠᠭᠰᠠᠨ ᠬᠥᠷᠦᠰᠦᠨ ᠦ ᠵᠢᠷᠤᠭ ᠵᠣᠬᠢᠶᠠᠵᠤ᠂ ᠬᠥᠷᠦᠰᠦ ᠰᠤᠳᠤᠯᠤᠯ ᠤᠨ ᠰᠢᠨᠵᠢᠯᠡᠬᠦ ᠤᠬᠠᠭᠠᠨ ᠤ ᠦᠨᠳᠦᠰᠦ ᠰᠠᠭᠤᠷᠢ ᠢᠢ ᠲᠠᠯᠪᠢᠭᠰᠠᠨ᠂ ᠡᠬᠡ ᠣᠷᠣᠨ ᠤ ᠪᠠᠨ ᠨᠤᠲᠤᠭ ᠳᠡᠪᠢᠰᠬᠡᠷ᠂ ᠪᠠᠢᠢᠭᠠᠯᠢ ᠢᠢᠨ ᠨᠥᠬᠥᠴᠡᠯ᠂ ᠨᠥᠭᠡᠴᠡ ᠪᠠᠶᠠᠯᠢᠭ᠂ ᠬᠦᠮᠦᠨ ᠠᠮᠠ᠂ ᠲᠡᠦᠬᠡ᠂ ᠰᠣᠶᠣᠯ᠂ ᠨᠡᠢᠢᠭᠡᠮ᠂ ᠡᠳ᠋ ᠍ ᠦᠨ ᠵᠠᠰᠠᠭ ᠤᠨ ᠲᠠᠯᠠᠭᠠᠷᠬᠢ ᠪᠦᠬᠦᠢ ᠯᠠ ᠮᠡᠳᠡᠭᠡᠯᠡᠯ ᠢ ᠪᠠᠭᠲᠠᠭᠠᠭᠰᠠᠨ ᠡᠷᠳᠡᠮ ᠰᠢᠨᠵᠢᠯᠡᠭᠡᠨ ᠦ ᠢᠵᠢ ᠪᠥᠷᠢᠨ ᠵᠢᠷᠤᠭ ᠵᠦᠢ ᠢᠢᠨ ᠰᠠᠭᠤᠷᠢ ᠪᠦᠲᠦᠭᠡᠯ ᠪᠣᠯᠬᠤ 16 ᠰᠡᠳᠦᠪᠴᠢᠯᠡᠭᠰᠡᠨ ᠪᠦᠯᠦᠭ ᠪᠦᠬᠦᠢ 300 ᠣᠷᠴᠢᠮ ᠭᠠᠵᠠᠷ ᠤᠨ ᠵᠢᠷᠤᠭ᠂ ᠰᠾᠧᠮ ᠪᠦᠬᠦᠢ ᠠᠩᠬᠠᠨ ᠤ ᠦᠨᠳᠦᠰᠦᠨ ᠦ ᠠᠲ᠋ᠯᠠᠰ ᠪᠣᠯᠬᠤ 《ᠪᠥ᠂ᠨᠠ‍᠂ ᠮᠤ‍᠂ ᠠᠷᠠᠳ ᠤᠯᠦᠰ ᠍ ᠤᠨ ᠦᠨᠳᠦᠰᠦᠨ ᠦ ᠠᠲ᠋ᠯᠠᠰ》᠍ ᠢ ᠬᠡᠪᠯᠡᠭᠦᠯᠦᠨ ᠭᠠᠷᠭᠠᠨ᠂ ᠤᠳᠠᠭ᠎ᠠ ᠳᠠᠷᠠᠭ᠎ᠠ ᠰᠢᠨᠡᠴᠢᠯᠡᠨ ᠪᠣᠯᠪᠠᠰᠤᠷᠠᠭᠤᠯᠵᠤ᠂ ᠬᠥᠷᠥᠰᠥ ᠰᠢᠷᠣᠢ᠂ ᠴᠠᠭ ᠠᠭᠤᠷ᠂ ᠪᠠᠢᠢᠭᠠᠯᠢ ᠣᠷᠴᠢᠨ ᠰᠤᠳᠤᠯᠤᠯ ᠪᠣᠯᠤᠨ ᠰᠢᠨᠵᠢᠯᠡᠬᠦ ᠤᠬᠠᠭᠠᠨ ᠤ ᠬᠥᠭ᠍ᠵᠢᠯ ᠳᠡᠪᠰᠢᠯ ᠳᠥ ᠵᠢᠩᠲᠡᠢ ᠬᠤᠪᠢ ᠨᠡᠮᠡᠷᠢ ᠣᠷᠣᠭᠤᠯᠤᠭᠰᠠᠨ ᠰᠢᠨᠵᠢᠯᠡᠬᠦ ᠤᠬᠠᠭᠠᠨ ᠤ ᠭᠠᠪᠢᠶᠠᠲᠤ ᠵᠢᠳᠬᠦᠯᠲᠡᠨ᠂ ᠠᠺᠠᠳᠧᠮᠢᠴᠢ᠂ ᠳ᠋ᠣᠺᠲ᠋ᠣᠷ᠂ ᠫᠷᠣᠹᠧᠰᠰᠣᠷ ᠳᠡᠴᠢᠩ᠋ᠭᠦᠩ᠋ᠭ᠎ᠠ ᠢᠢᠨ ᠳᠣᠷᠵᠢᠭᠣᠲᠤᠪ ᠨᠠᠷ ᠢ ᠱᠠᠩᠨᠠᠯ ᠠ᠃

ᠮᠣᠩ᠋ᠭᠣᠯ ᠤᠯᠤᠰ ᠤᠨ ᠶᠡᠷᠥᠨᠭ᠍ᠭᠡᠢᠢᠯᠥᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠤᠨ ᠲᠥᠷᠦ ᠢᠢᠨ ᠳᠡᠭᠡᠳᠦ ᠱᠠᠩᠨᠠᠯ᠂ 《ᠴᠢᠩ᠋ᠭᠢᠰ ᠬᠠᠭᠠᠨ》 ᠲᠡᠷᠢᠭᠦᠨ ᠵᠡᠷᠭᠡ ᠢᠢᠨ ᠣᠳᠤᠨ ᠬᠦᠷᠲᠡᠭᠰᠡᠨ ᠠᠮᠧᠷᠢᠺᠠ ᠢᠢᠨ ᠨᠢᠭᠡᠳᠦᠭᠰᠡᠨ ᠤᠯᠤᠰ ᠤᠨ ᠢᠷᠭᠡᠨ ᠵᠠᠺ ᠤᠧᠲ᠋ᠧᠷᠹᠣᠷᠲ ᠪᠣᠯᠤᠨ ᠠᠺᠠᠳᠧᠮᠢᠴᠢ ᠳᠡ‍᠂ ᠳᠣᠷᠵᠢᠭᠣᠲᠤᠪ ᠨᠠᠷ ᠤᠨ ᠡᠷᠳᠡᠮ ᠨᠣᠮ ᠤᠨ ᠶᠡᠬᠡ ᠦᠢᠯᠡ ᠬᠡᠷᠡᠭ ᠲᠥ ᠥᠨᠳᠦᠷ ᠠᠮᠵᠢᠯᠲᠠ ᠬᠦᠰᠡᠵᠦ᠂ ᠭᠡᠷ ᠪᠦᠯᠢ ᠳᠥ ᠨᠢ ᠠᠵᠠ ᠵᠢᠷᠭᠠᠯ᠂ ᠡᠷᠡᠭᠦᠯ ᠡᠩᠬᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠪᠡ᠃