ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ᠂ 《ᠮᠣᠩ᠋ᠭᠣᠯ ᠪᠠᠬᠠᠷᠬᠠᠯ ᠤᠨ ᠡᠳᠦᠷ》 ᠍ ᠢ ᠲᠣᠬᠢᠶᠠᠯᠳᠤᠭᠤᠯᠤᠨ ᠵᠣᠬᠢᠶᠠᠨ ᠪᠠᠢᠢᠭᠤᠯᠤᠭᠰᠠᠨ 《ᠮᠥᠩᠬᠡ ᠲᠩᠷᠢ ᠢᠢᠨ ᠪᠢᠴᠢᠭ᠌-2022》 ᠮᠣᠩ᠋ᠭᠣᠯ ᠤᠷᠠᠨ ᠪᠢᠴᠢᠯᠭᠡ ᠢᠢᠨ ᠰᠢᠯᠢᠳᠡᠭ ᠦᠳ ᠲᠣᠳᠣᠷᠠᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠢᠢᠳ ᠯ ∙ ᠡᠩᠬᠡ-ᠠᠮᠤᠭᠤᠯᠠᠩ᠂ ᠰᠤᠶᠤᠯ ᠤᠨ ᠰᠠᠢᠢᠳ ᠴᠢ ∙ ᠨᠣᠮᠢᠨ᠂ ᠪᠣᠯᠪᠠᠰᠤᠷᠠᠯ ᠤᠨ ᠶᠡᠷᠦᠩᠬᠡᠢ ᠭᠠᠵᠠᠷ ᠤᠨ ᠳᠠᠷᠤᠭ᠎ᠠ ᠲ ∙ ᠨᠢᠮ᠎ᠠ-ᠸᠴᠢᠷ ᠨᠠᠷ ᠱᠠᠩᠨᠠᠯ ᠢ ᠨᠢ ᠭᠠᠷᠳᠠᠭᠤᠯᠪᠠ᠃
ᠭᠣᠯᠣᠮᠲᠠ ᠪᠠᠩᠬᠢᠨ ᠤ ᠭᠷᠠᠹᠢᠺ ᠳ᠋ᠢᠽᠠᠢᠢᠨᠧᠷ ᠴ᠂ ᠲᠠᠮᠢᠷ ᠤᠨ 《ᠮᠣᠩ᠋ᠭᠣᠯ ᠤᠨ ᠨᠢᠭᠤᠴᠠ ᠲᠣᠪᠴᠢᠶᠠᠨ》 ᠪᠦᠲᠦᠭᠡᠯ ᠤᠷᠠᠨ ᠪᠦᠲᠦᠭᠡᠯᠴᠢᠳ ᠦᠨ ᠦᠰᠦᠭ ᠦᠨ ᠤᠷᠠᠯᠠᠯ ᠤᠨ ᠲᠥᠷᠥᠯ ᠳᠥ ᠰᠢᠯᠢᠳᠡᠭ ᠢᠶᠡᠷ ᠰᠢᠯᠭᠠᠷᠠᠯ᠎ᠠ᠃
ᠤᠷᠠᠨ ᠪᠦᠲᠦᠭᠡᠯᠴᠢᠳ ᠦᠨ ᠠᠩ᠋ᠭᠢᠯᠠᠯ ᠳᠤ᠄
ᠵᠡᠭᠦᠨ ᠬᠦᠷᠢᠢ᠎ᠡ ᠳᠠᠰᠴᠣᠢᠢᠯᠢᠨ ᠬᠡᠢᠢᠳ ᠦᠨ ᠪᠤᠷᠬᠠᠨᠴᠢ ᠯᠠᠮᠠ᠂ 《ᠵᠡᠭᠦᠨ ᠬᠦᠷᠢᠡ》 ᠺᠣᠯᠯᠧᠵᠢ ᠢᠢᠨ ᠪᠠᠭᠰᠢ ᠮ ∙ ᠡᠷᠳᠡᠮᠪᠢᠯᠢᠭ᠌ – 《ᠴᠢᠩ᠋ᠭᠢᠰ ᠦᠨ ᠪᠢᠯᠢᠭ᠌ ᠰᠤᠷᠭᠠᠯ》;
《ᠪᠢᠴᠢᠭ᠌ ᠰᠤᠶᠤᠯ》 ᠲᠥᠪ ᠦᠨ ᠪᠠᠭᠰᠢ ᠮ ∙ ᠪᠤᠶᠠᠨᠬᠢᠰᠢᠭ᠌ – 《ᠴᠢᠩ᠋ᠭᠢᠰ ᠦᠨ ᠶᠡᠬᠡ ᠥᠴᠢᠭ》;
ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠥᠪᠥᠷ ᠮᠣᠩ᠋ᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠣᠲᠠ ᠢᠢᠨ ᠳᠡᠰ ᠦᠨ ᠲᠥᠯᠥᠭᠡᠯᠡᠭᠴᠢ ᠠ᠊ ∙ ᠮᠡᠷᠭᠡᠨᠪᠠᠲᠤ – 《ᠡᠵᠡᠨ ᠴᠢᠩ᠋ᠭᠢᠰ ᠦᠨ ᠰᠠᠩ ᠣᠷᠣᠰᠢᠪᠠᠢ》;
ᠪᠠᠭᠰᠢ ᠨᠠᠷ ᠤᠨ ᠠᠩ᠋ᠭᠢᠯᠠᠯ ᠳᠤ᠄
ᠮᠣᠩ᠋ᠭᠣᠯ ᠤᠨ ᠬᠡᠦᠬᠡᠳ ᠦᠨ ᠤᠷᠠᠯᠠᠨ ᠪᠦᠲᠦᠭᠡᠬᠦ ᠲᠥᠪ ᠦᠨ ᠪᠠᠭᠰᠢ ᠦ᠊ ∙ ᠮᠥᠩᠬᠡᠪᠠᠯᠵᠢᠷ – 《ᠣᠶᠤᠨ ᠲᠦᠯᠬᠢᠭᠦᠷ》;
ᠨᠡᠢᠢᠰᠯᠡᠯ ᠦᠨ ᠶᠡᠷᠦᠩᠬᠡᠢ ᠪᠣᠯᠪᠠᠰᠤᠷᠠᠯ ᠤᠨ 《ᠲᠡᠮᠦᠵᠢᠨ》 ᠠᠯᠲ᠋ᠧᠷᠨᠠᠲ᠋ᠢᠸ ᠰᠤᠷᠭᠠᠭᠤᠯᠢ ᠢᠢᠨ ᠪᠠᠭᠰᠢ ᠭ ∙ ᠰᠠᠢᠢᠨᠵᠢᠷᠭᠠᠯ – 《ᠬᠠᠷᠠᠬᠣᠷᠣᠮ》;
ᠨᠡᠢᠢᠰᠯᠡᠯ ᠦᠨ ᠶᠡᠷᠦᠩᠬᠡᠢ ᠪᠣᠯᠪᠠᠰᠤᠷᠠᠯ ᠤᠨ 5 ᠳ᠋ᠤᠭᠠᠷ ᠰᠤᠷᠭᠠᠭᠤᠯᠢ ᠢᠢᠨ ᠪᠠᠭᠰᠢ ᠪ᠂ ᠳᠠᠸᠠᠴᠢᠯᠠᠭᠤᠨ – 《ᠴᠢᠩ᠋ᠭᠢᠰ ᠬᠠᠭᠠᠨ ᠤ ᠪᠢᠯᠢᠭ᠌ ᠰᠤᠷᠭᠠᠯ》;
8-10 ᠳ᠋ᠤᠭᠠᠷ ᠠᠩᠬᠢ ᠢᠢᠨ ᠰᠤᠷᠤᠭᠴᠢᠳ ᠤᠨ ᠠᠩ᠋ᠭᠢᠯᠠᠯ ᠳᠤ᠄
ᠨᠡᠢᠢᠰᠯᠡᠯ ᠦᠨ ᠶᠡᠷᠦᠩᠬᠡᠢ ᠪᠣᠯᠪᠠᠰᠤᠷᠠᠯ ᠤᠨ 23 ᠳ᠋ᠤᠭᠠᠷ ᠰᠤᠷᠭᠠᠭᠤᠯᠢ ᠢᠢᠨ 10 ᠳ᠋ᠤᠭᠠᠷ ᠠᠩᠬᠢ ᠢᠢᠨ ᠰᠤᠷᠤᠭᠴᠢ ᠪ᠂ ᠪᠠᠶᠠᠷ-ᠡᠷᠳᠡᠨᠢ – 《ᠴᠢᠩ᠋ᠭᠢᠰ ᠬᠠᠭᠠᠨ》
ᠨᠡᠢᠢᠰᠯᠡᠯ ᠦᠨ ᠶᠡᠷᠦᠩᠬᠡᠢ ᠪᠣᠯᠪᠠᠰᠤᠷᠠᠯ ᠤᠨ 16 ᠳ᠋ᠤᠭᠠᠷ ᠰᠤᠷᠭᠠᠭᠤᠯᠢ ᠢᠢᠨ 8 ᠳ᠋ᠤᠭᠠᠷ ᠠᠩᠬᠢ ᠢᠢᠨ ᠰᠤᠷᠤᠭᠴᠢ ᠮ᠂ ᠡᠩᠬᠡᠵᠢᠷᠭᠠᠯ – 《ᠴᠢᠩ᠋ᠭᠢᠰ ᠬᠠᠭᠠᠨ ᠤ ᠶᠡᠬᠡ ᠥᠴᠢᠭ》;
ᠨᠡᠢᠢᠰᠯᠡᠯ ᠦᠨ ᠶᠡᠷᠦᠩᠬᠡᠢ ᠪᠣᠯᠪᠠᠰᠤᠷᠠᠯ ᠤᠨ 151 ᠳ᠋ᠤᠭᠡᠷ ᠰᠤᠷᠭᠠᠭᠤᠯᠢ ᠢᠢᠨ 6 ᠳ᠋ᠤᠭᠠᠷ ᠠᠩᠬᠢ ᠢᠢᠨ ᠰᠤᠷᠤᠭᠴᠢ ᠽ ∙ ᠮᠥᠩᠬᠡ-ᠡᠷᠳᠡᠨᠢ – 《ᠴᠢᠩ᠋ᠭᠢᠰ》;
11-12 ᠳ᠋ᠤᠭᠠᠷ ᠠᠩᠬᠢ ᠢᠢᠨ ᠰᠤᠷᠤᠭᠴᠢᠳ ᠤᠨ ᠠᠩ᠋ᠭᠢᠯᠠᠯ ᠳᠤ᠄
ᠬᠥᠪᠰᠥᠭᠥᠯ ᠠᠢᠢᠮᠠᠭ ᠤᠨ ᠲᠣᠰᠣᠨᠴᠡᠩ᠋ᠭᠡᠯ ᠰᠤᠮᠤ ᠢᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠢᠢᠨ 12 ᠳ᠋ᠤᠭᠠᠷ ᠠᠩᠬᠢ ᠢᠢᠨ ᠰᠤᠷᠤᠭᠴᠢ ᠦ᠊ ∙ ᠡᠩᠬᠡᠵᠢᠨ – 《ᠵᠠᠮᠤᠬ᠎ᠠ ᠢᠢᠨ ᠥᠴᠢᠯ》;
ᠬᠡᠨᠲᠡᠢ ᠠᠢᠢᠮᠠᠭ ᠤᠨ ᠬᠡᠷᠯᠡᠨ ᠰᠤᠮᠤ ᠢᠢᠨ ᠶᠡᠷᠦᠩᠬᠡᠢ ᠪᠣᠯᠪᠠᠰᠤᠷᠠᠯ ᠤᠨ 1 ᠳ᠋ᠤᠭᠡᠷ ᠰᠤᠷᠭᠠᠭᠤᠯᠢ ᠢᠢᠨ 12 ᠳ᠋ᠤᠭᠠᠷ ᠠᠩᠬᠢ ᠢᠢᠨ ᠰᠤᠷᠤᠭᠴᠢ ᠪ᠂ ᠢᠴᠢᠨᠨᠣᠷᠪᠤ ᠠ – 《ᠮᠣᠩ᠋ᠭᠣᠯ ᠤᠨ ᠶᠡᠬᠡ ᠠᠮᠤᠷ ᠠᠮᠤᠭᠤᠯᠠᠩ》;
ᠨᠡᠢᠢᠰᠯᠡᠯ ᠦᠨ ᠶᠡᠷᠦᠩᠬᠡᠢ ᠪᠣᠯᠪᠠᠰᠤᠷᠠᠯ ᠤᠨ 3 ᠳ᠋ᠤᠭᠠᠷ ᠰᠤᠷᠭᠠᠭᠤᠯᠢ ᠢᠢᠨ 12 ᠳ᠋ᠤᠭᠠᠷ ᠠᠩᠬᠢ ᠢᠢᠨ ᠰᠤᠷᠤᠭᠴᠢ ᠬ᠂ ᠨᠣᠮᠢᠨ – 《ᠮᠣᠩ᠋ᠭᠣᠯ ᠤᠨ ᠨᠢᠭᠤᠴᠠ ᠲᠣᠪᠴᠢᠶᠠᠨ》 ᠪᠦᠲᠦᠭᠡᠯ ᠢᠶᠡᠷ ᠢᠶᠡᠨ ᠡᠬᠢᠨ ᠦ ᠭᠤᠷᠪᠠᠨ ᠪᠠᠢᠢᠷᠢ ᠡᠵᠡᠯᠡᠯ᠎ᠡ᠃
《ᠴᠢᠩ᠋ᠭᠢᠰ ᠬᠠᠭᠠᠨ ᠪᠠ ᠮᠣᠩ᠋ᠭᠣᠯ ᠤᠨ ᠶᠡᠬᠡ ᠠᠮᠤᠷ ᠠᠮᠤᠭᠤᠯᠠᠩ》 ᠰᠡᠳᠦᠪᠲᠦ 《ᠮᠥᠩᠬᠡ ᠲᠩᠷᠢ ᠢᠢᠨ ᠪᠢᠴᠢᠭ᠌-2022》 ᠮᠣᠩ᠋ᠭᠣᠯ ᠤᠷᠠᠨ ᠪᠢᠴᠢᠭ᠌ ᠦᠨ ᠦᠵᠡᠰᠬᠦᠯᠡᠩ ᠳᠥ ᠳᠣᠲᠣᠭᠠᠳᠤ᠂ ᠭᠠᠳᠠᠭᠠᠳᠤ ᠢᠢᠨ 333 ᠪᠦᠲᠦᠭᠡᠯ ᠢᠷᠡᠭᠰᠡᠨ ᠪᠠᠢᠢᠨ᠎ᠠ᠃ ᠡᠨᠡ ᠵᠢᠯ ᠠᠩᠬ᠎ᠠ ᠤᠳᠠᠭ᠎ᠠ ᠦᠰᠦᠭᠡᠨ ᠤᠷᠠᠯᠠᠯ ᠤᠨ ᠪᠦᠲᠦᠭᠡᠯ ᠦᠳ ᠢ ᠬᠦᠯᠢᠶᠡᠵᠦ ᠠᠪᠤᠭᠰᠠᠨ ᠪᠥᠭᠡᠳ ᠴᠢᠨᠠᠭᠰᠢᠳᠠ ᠴᠠᠬᠢᠮ ᠲᠢᠭ᠌ ᠦᠨ ᠲᠥᠷᠥᠯ ᠢ ᠨᠡᠮᠡᠬᠦ ᠪᠡᠷ ᠲᠥᠯᠥᠪᠯᠡᠵᠡᠢ᠃
《ᠮᠥᠩᠬᠡ ᠲᠩᠷᠢ ᠢᠢᠨ ᠪᠢᠴᠢᠭ᠌》 ᠦᠵᠡᠰᠬᠦᠯᠡᠩ ᠢ ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠡᠳᠦᠷ ᠢ ᠲᠣᠬᠢᠶᠠᠯᠳᠤᠭᠤᠯᠤᠨ ᠤᠯᠠᠮᠵᠢᠯᠠᠯ ᠪᠣᠯᠭᠠᠨ ᠵᠣᠬᠢᠶᠠᠨ ᠪᠠᠢᠢᠭᠤᠯᠳᠠᠭ᠃ ᠡᠨᠡ ᠬᠦᠷᠢᠶᠡᠨ ᠳᠥ ᠦᠨᠳᠦᠰᠦᠨ ᠦ ᠪᠢᠴᠢᠭ᠌ ᠦᠰᠦᠭ ᠢᠶᠡᠨ ᠰᠤᠷᠴᠤ ᠪᠠᠢᠢᠭ᠎ᠠ ᠰᠤᠷᠤᠭᠴᠢᠳ᠂ ᠪᠠᠭᠰᠢ ᠨᠠᠷ ᠪᠣᠯᠤᠨ ᠮᠣᠩ᠋ᠭᠣᠯ ᠤᠷᠠᠨ ᠪᠢᠴᠢᠯᠭᠡ ᠢᠢ ᠭᠠᠷᠮᠠᠭᠠᠢ ᠡᠵᠡᠮᠰᠢᠭᠰᠡᠨ ᠤᠷᠠᠨ ᠪᠦᠲᠦᠭᠡᠯᠴᠢᠳ ᠢ ᠬᠥᠬᠢᠬᠥᠦᠯᠡᠨ ᠤᠷᠮᠠᠰᠢᠭᠤᠯᠵᠤ᠂ ᠰᠢᠯᠢᠳᠡᠭ ᠪᠦᠲᠦᠭᠡᠯ ᠦᠳ ᠢ ᠨᠡᠢᠢᠲᠡ ᠳᠥ ᠰᠤᠷᠲᠠᠯᠴᠢᠯᠠᠨ ᠲᠠᠨᠢᠭᠤᠯᠳᠠᠭ ᠶᠤᠮ᠃
ᠦᠵᠡᠰᠬᠦᠯᠡᠩ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠰᠤᠶᠤᠯ ᠤᠨ ᠶᠠᠮᠤᠨ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠶᠠᠮᠤᠨ᠂ ᠨᠡᠢᠢᠰᠯᠡᠯ ᠦᠨ ᠵᠠᠰᠠᠭ ᠳᠠᠷᠤᠭ᠎ᠠ ᠢᠢᠨ ᠲᠠᠮᠠᠭ᠎ᠠ ᠢᠢᠨ ᠭᠠᠵᠠᠷ᠂ ᠮᠤ᠃ᠥ᠂ᠤ᠂ᠨ᠂ᠷ᠂ᠲ᠂ ᠪᠣᠯᠪᠠᠰᠤᠷᠠᠯ ᠤᠨ ᠶᠡᠷᠦᠩᠬᠡᠢ ᠭᠠᠵᠠᠷ᠂ 《ᠴᠢᠩ᠋ᠭᠢᠰ ᠬᠠᠭᠠᠨ》 ᠮᠦᠽᠧᠢ᠂ ᠮᠣᠩ᠋ᠭᠣᠯ ᠤᠨ ᠬᠡᠦᠬᠡᠳ ᠦᠨ ᠤᠷᠠᠯᠠᠨ ᠪᠦᠲᠦᠭᠡᠬᠦ ᠲᠥᠪ᠂ ᠮᠣᠩ᠋ᠭᠣᠯ ᠤᠨ ᠤᠷᠠᠴᠤᠳ ᠤᠨ ᠡᠪᠯᠡᠯ᠂ 《ᠪᠢᠴᠢᠭ᠌ ᠰᠤᠶᠤᠯ》 ᠲᠥᠪ ᠬᠠᠮᠲᠤᠷᠠᠨ ᠵᠣᠬᠢᠶᠠᠨ ᠪᠠᠢᠢᠭᠤᠯᠤᠯ᠎ᠠ᠃
《ᠮᠥᠩᠬᠡ ᠲᠩᠷᠢ ᠢᠢᠨ ᠪᠢᠴᠢᠭ᠌-2022》 ᠮᠣᠩ᠋ᠭᠣᠯ ᠤᠷᠠᠨ ᠪᠢᠴᠢᠯᠭᠡ ᠢᠢᠨ ᠦᠵᠡᠰᠬᠦᠯᠡᠩ ᠢ《ᠴᠢᠩ᠋ᠭᠢᠰ ᠬᠠᠭᠠᠨ》 ᠮᠦᠽᠧᠢ ᠳᠥ ᠲᠣᠯᠢᠯᠠᠭᠤᠯᠵᠤ ᠪᠠᠢᠢᠨ᠎ᠠ᠃