ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠦᠢᠯᠡ ᠠᠵᠢᠯᠯᠠᠭᠠᠨ ᠤ ᠮᠥᠷ ᠦᠨ ᠬᠥᠲᠦᠯᠪᠦᠷᠢ᠂ ᠮᠣᠩ᠋ᠭᠣᠯ ᠤᠯᠤᠰ ᠤᠨ ᠵᠠᠰᠠᠭ ᠤᠨ ᠭᠠᠵᠠᠷ ᠠᠴᠠ ᠪᠠᠲᠤᠯᠠᠭᠰᠠᠨ 《ᠬᠡᠦᠬᠡᠳ᠂ ᠵᠠᠯᠠᠭᠤᠴᠤᠳ ᠲᠤ ᠡᠬᠡ ᠣᠷᠣᠨᠴᠢ ᠦᠵᠡᠯ ᠲᠥᠯᠦᠪᠰᠢᠭᠦᠯᠬᠦ ᠦᠨᠳᠦᠰᠦᠨ ᠦ ᠬᠥᠲᠦᠯᠪᠦᠷᠢ》 ᠪᠣᠯᠤᠨ ᠶᠡᠬᠡ ᠡᠵᠡᠨ ᠴᠢᠩ᠋ᠭᠢᠰ ᠬᠠᠭᠠᠨ ᠮᠡᠨᠳᠦᠯᠡᠭᠰᠡᠨ ᠦ 860 ᠵᠢᠯ ᠦᠨ ᠣᠢ ᠢᠢᠨ ᠬᠦᠷᠢᠶᠡᠨ ᠳᠥ 《ᠪᠢᠳᠡᠨ ᠦ ᠪᠠᠬᠠᠷᠬᠠᠯ》 ᠲᠥᠰᠦᠯ ᠬᠡᠷᠡᠭᠵᠢᠭᠦᠯᠵᠦ ᠪᠠᠢᠢᠨ᠎ᠠ᠃
ᠲᠥᠰᠥᠯ ᠨᠢ ᠲᠤᠰᠠᠭᠠᠷ ᠲᠣᠭᠲᠠᠨᠢᠯ᠂ ᠡᠷᠬᠡ ᠴᠢᠯᠦᠭᠡᠨ ᠦ ᠦᠨ᠎ᠡ ᠴᠡᠨ ᠢ ᠣᠢᠢᠯᠠᠭᠠᠭᠤᠯᠬᠤ᠂ ᠡᠬᠡ ᠣᠷᠣᠨ ᠪᠣᠯᠤᠨ ᠮᠣᠩ᠋ᠭᠣᠯ ᠬᠦᠮᠦᠨ ᠪᠣᠯᠵᠤ ᠲᠥᠷᠦᠭᠰᠡᠨ ᠢᠶᠡᠷ ᠢᠶᠡᠨ ᠪᠠᠬᠠᠷᠬᠠᠬᠤ᠂ ᠪᠠᠢᠢᠭᠠᠯᠢ᠂ ᠲᠡᠦᠬᠡ ᠰᠤᠶᠤᠯ ᠢᠶᠠᠨ ᠬᠠᠢᠢᠷᠠᠯᠠᠨ ᠬᠠᠮᠠᠭᠠᠯᠠᠬᠤ᠂ ᠤᠯᠤᠰ ᠣᠷᠣᠨ ᠤ ᠬᠥᠭ᠍ᠵᠢᠯ ᠳ᠋ᠦ ᠬᠤᠪᠢ ᠬᠦᠮᠦᠨ ᠪᠦᠷᠢ ᠢᠢᠨ ᠣᠷᠣᠯᠴᠠᠭ᠎ᠠ ᠴᠢᠬᠤᠯᠠ ᠭᠡᠳᠡᠭ ᠢ ᠬᠡᠦᠬᠡᠳ᠂ ᠵᠠᠯᠠᠭᠤᠰ ᠲᠤ ᠣᠢᠢᠯᠠᠭᠠᠭᠤᠯᠵᠤ᠂ ᠡᠬᠡ ᠣᠷᠣᠨᠴᠢ ᠢᠷᠭᠡᠨ ᠢ ᠲᠥᠯᠦᠪᠰᠢᠭᠦᠯᠬᠦ ᠵᠣᠷᠢᠯᠭ᠎ᠠ ᠲᠠᠢ ᠶᠤᠮ᠃
ᠲᠥᠰᠥᠯ ᠦᠨ ᠬᠦᠷᠢᠶᠡᠨ ᠳᠥ ᠲᠥᠷᠥ᠂ ᠨᠡᠢᠢᠭᠡᠮ᠂ ᠴᠡᠷᠢᠭ ᠦᠨ ᠠᠬᠠᠮᠠᠳ ᠵᠢᠳᠬᠦᠯᠲᠡᠨ ᠨᠦᠭᠦᠳ᠂ ᠡᠷᠳᠡᠮᠲᠡᠨ᠂ ᠰᠤᠳᠤᠯᠤᠭᠠᠴᠢᠳ ᠲᠤᠰᠠᠭᠠᠷ ᠲᠣᠭᠲᠠᠨᠢᠯ ᠤᠨ ᠦᠨ᠎ᠡ ᠴᠡᠨ᠂ ᠡᠬᠡ ᠣᠷᠣᠨᠴᠢ ᠪᠠᠢᠢᠬᠤ ᠢᠢᠨ ᠤᠳᠬ᠎ᠠ ᠤᠴᠢᠷ ᠢ ᠲᠠᠨᠢᠭᠤᠯᠤᠭᠰᠠᠨ ᠯᠧᠺᠼ ᠤᠩᠰᠢᠵᠤ ᠪᠠᠢᠢᠨ᠎ᠠ᠃
ᠮᠥᠨ ᠡᠪᠦᠭᠡ ᠳᠡᠭᠡᠳᠦᠰ ᠦᠨ ᠪᠠᠭᠠᠲᠤᠷᠯᠢᠭ ᠦᠢᠯᠡᠰ᠂ ᠡᠬᠡ ᠣᠷᠣᠨ ᠢᠶᠠᠨ ᠬᠠᠢᠢᠷᠠᠯᠠᠨ ᠬᠠᠮᠠᠭᠠᠯᠠᠬᠤ᠂ ᠦᠨᠳᠦᠰᠦᠨ ᠦ ᠡᠪ ᠨᠢᠭᠡᠳᠦᠯ ᠢ ᠬᠠᠩ᠋ᠭᠠᠬᠤ ᠳᠤ ᠴᠢᠭᠯᠡᠭᠰᠡᠨ ᠲᠥᠷᠦ᠂ ᠵᠠᠰᠠᠭ ᠤᠨ ᠪᠣᠳᠣᠯᠭ᠎ᠠ᠂ ᠲᠥᠷᠦ ᠢᠢᠨ ᠴᠡᠷᠢᠭ᠂ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠳᠠᠶᠠᠩ ᠳᠡᠯᠡᠬᠡᠢ ᠢᠢᠨ ᠡᠩᠬᠡ ᠢᠢᠨ ᠲᠥᠯᠦᠭᠡᠬᠢ ᠦᠢᠯᠡ ᠠᠵᠢᠯᠯᠠᠭ᠎ᠠ ᠢᠢ ᠰᠤᠷᠲᠠᠯᠴᠢᠯᠠᠨ ᠲᠠᠨᠢᠭᠤᠯᠬᠤ ᠰᠤᠷᠭᠠᠯᠲᠠ᠂ ᠰᠤᠷᠲᠠᠯᠴᠢᠯᠠᠭ᠎ᠠ᠂ ᠰᠣᠶᠣᠯ᠂ ᠤᠷᠠᠯᠢᠭ᠂ ᠰᠫᠣᠷᠲ ᠤᠨ ᠴᠣᠭᠴᠠ ᠠᠷᠭ᠎ᠠ ᠬᠡᠮᠵᠢᠶ᠎ᠡ ᠵᠣᠬᠢᠶᠠᠵᠤ ᠪᠠᠢᠢᠨ᠎ᠠ᠃
《ᠪᠢᠳᠡᠨ ᠦ ᠪᠠᠬᠠᠷᠬᠠᠯ》 ᠲᠥᠰᠥᠯ ᠢ ᠨᠡᠢᠢᠰᠯᠡᠯ᠂ ᠣᠷᠣᠨ ᠨᠤᠲᠤᠭ ᠲᠤ 2022-2023 ᠣᠨ ᠳᠤ ᠬᠡᠷᠡᠭᠵᠢᠭᠦᠯᠬᠦ ᠶᠤᠮ᠃