Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠠᠢᠢᠯᠴᠢᠯᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠯᠤᠪᠰᠠᠩᠳᠣᠷᠵᠢ ᠢᠢᠨ ᠪᠣᠯᠣᠷᠴᠡᠴᠡᠭ ᠦᠨ ᠬᠠᠮᠲᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ 2022 ᠣᠨ ᠤ 11 ᠳ᠋ᠤᠭᠡᠷ ᠰᠠᠷ᠎ᠠ ᠢᠢᠨ 27 -᠍ ᠤ ᠡᠳᠦᠷ ᠪᠡᠭᠡᠵᠢᠩ ᠬᠣᠲᠠᠨ ᠠ ᠬᠦᠷᠦᠯᠴᠡᠨ ᠢᠷᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠭᠠᠳᠠᠭᠠᠳᠤ ᠬᠡᠷᠡᠭ ᠦᠨ ᠳᠡᠳ᠋ ᠰᠠᠢᠢᠳ ᠰᠦᠨᠢ‍ ᠸᠡᠢᠢᠳᠤᠨ᠂ ᠭᠠᠳᠠᠭᠠᠳᠤ ᠬᠡᠷᠡᠭ ᠦᠨ ᠶᠠᠮᠤᠨ ᠤ ᠠᠽᠢ ᠢᠢᠨ ᠭᠠᠵᠠᠷ ᠤᠨ ᠵᠠᠬᠢᠷᠤᠯ ᠯᠢᠶᠤᠢ‍ ᠵᠢᠨᠢᠰᠤᠨ᠂ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠲ ∙ ᠪᠠᠳᠠᠷᠠᠯ ᠨᠠᠷ ᠤᠨ ᠲᠥᠯᠦᠭᠡᠯᠡᠭᠴᠢᠳ ᠤᠭᠲᠤᠪᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠠᠷᠭᠠᠰᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠢᠨ ᠲᠡᠢ ᠠᠯᠪᠠᠨ ᠶᠣᠰᠣᠨ ᠤ ᠬᠡᠯᠡᠯᠴᠡᠭᠡ ᠬᠢᠨ᠎ᠡ᠃ ᠮᠥᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠥ ᠢᠢᠨ ᠵᠥᠪᠯᠡᠯ ᠦᠨ ᠶᠡᠷᠦᠩᠬᠡᠢ ᠰᠠᠢᠢᠳ ᠯᠢ‍ ᠺᠥᠴᠢᠶᠠᠨ᠂ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠢᠩ᠋ᠭᠤ ᠢᠢᠨ ᠬᠣᠷᠢᠶᠠᠨ ᠤ ᠳᠠᠷᠤᠭ᠎ᠠ ᠯᠢ‍ ᠵᠠᠨᠢᠱᠤ ᠨᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠠᠷᠠᠭᠠᠯᠬᠠᠨ᠎ᠠ᠃