Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠢᠨ ᠨᠠᠷ ᠠᠯᠪᠠᠨ ᠶᠣᠰᠣᠨ ᠤ ᠬᠡᠯᠡᠯᠴᠡᠭᠡ ᠬᠢᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠢᠨ ᠨᠠᠷ 2022 ᠣᠨ ᠤ 11 ᠳ᠋ᠤᠭᠡᠷ ᠰᠠᠷ᠎ᠠ ᠢᠢᠨ 28 ᠍ ᠤ ᠡᠳᠦᠷ ᠬᠢᠲᠠᠳ ᠤᠨ ᠠᠷᠠᠳ ᠤᠨ ᠶᠡᠬᠡ ᠬᠤᠷᠠᠯ ᠤᠨ ᠣᠷᠳᠣᠨ ᠳᠤ ᠠᠯᠪᠠᠨ ᠶᠣᠰᠣᠨ ᠤ ᠬᠡᠯᠡᠯᠴᠡᠭᠡ ᠬᠢᠪᠡ᠃

ᠲᠥᠷᠦ ᠢᠢᠨ ᠲᠡᠷᠢᠭᠦᠨ ᠨᠠᠷ ᠮᠣᠩ᠋ᠭᠣᠯ᠂ ᠬᠢᠲᠠᠳ ᠤᠨ ᠢᠵᠢ ᠪᠥᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠠᠮᠵᠢᠯᠲᠠ ᠲᠠᠢ ᠥᠷᠭᠡᠵᠢᠨ ᠬᠥᠭ᠍ᠵᠢᠵᠦ ᠪᠤᠢ ᠢᠢ ᠲᠡᠮᠳᠡᠭᠯᠡᠵᠦ᠂ ᠲᠠᠯ ᠤᠳ ᠤᠨ ᠬᠠᠷᠢᠯᠴᠠᠨ ᠣᠢᠢᠯᠠᠭᠠᠯᠴᠠᠯ᠂ ᠤᠯᠤᠰ ᠲᠥᠷᠦ ᠢᠢᠨ ᠢᠲᠡᠭᠡᠯᠴᠡᠯ ᠢ ᠪᠡᠬᠢᠵᠢᠭᠦᠯᠵᠦ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠰᠠᠯᠪᠤᠷᠢ ᠲᠤ ᠭᠦᠨᠵᠡᠭᠡᠢᠢᠷᠡᠭᠦᠯᠦᠨ ᠬᠥᠭ᠍ᠵᠢᠭᠦᠯᠬᠦ ᠪᠡᠷ ᠰᠠᠨᠠᠯ ᠨᠢᠭᠡᠳᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠠᠢ ᠰᠠᠢᠢᠨ ᠬᠥᠷᠰᠢ ᠢᠢᠨ ᠨᠠᠢᠢᠷᠰᠠᠭ ᠬᠠᠷᠢᠯᠴᠠᠭ᠎ᠠ ᠲᠠᠢ ᠪᠠᠢᠢᠬᠤ ᠨᠢ ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠪᠣᠳᠣᠯᠭ᠎ᠠ ᠢᠢᠨ ᠡᠩ ᠲᠡᠷᠢᠭᠦᠨ ᠦ ᠵᠣᠷᠢᠯᠲᠠ ᠭᠡᠳᠡᠭ ᠢ ᠲᠡᠮᠳᠡᠭᠯᠡᠵᠦ᠂ ᠣᠯᠠᠨ ᠤᠯᠤᠰ ᠤᠨ ᠨᠥᠬᠥᠴᠡᠯ ᠪᠠᠢᠢᠳᠠᠯ ᠡᠭᠡᠳᠡᠷᠡᠭᠡ ᠲᠡᠢ᠂ ᠳᠡᠯᠡᠬᠡᠢ ᠳ᠋ᠠᠬᠢᠨ ᠳᠤ ᠴᠠᠷ᠎ ᠲᠠᠬᠤᠯ ᠦᠷᠭᠦᠯᠵᠢᠯᠡᠵᠦ᠂ ᠰᠢᠨ᠎ᠡ ᠰᠣᠷᠢᠯᠲᠠ ᠨᠤᠭᠤᠳ ᠲᠠᠢ ᠲᠤᠯᠭᠠᠷᠴᠤ ᠪᠤᠢ ᠠᠮᠠᠷ ᠦᠭᠡᠢ ᠡᠨᠡ ᠦᠶ᠎ᠡ ᠳᠥ ᠮᠣᠩ᠋ᠭᠣᠯ᠂ ᠬᠢᠲᠠᠳ ᠬᠣᠶᠠᠷ ᠤᠯᠤᠰ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠠᠨ ᠤᠯᠠᠮ ᠪᠡᠬᠢᠵᠢᠭᠦᠯᠬᠦ ᠨᠢ ᠴᠢᠬᠤᠯᠠ ᠪᠣᠯᠬᠤ ᠢᠢ ᠣᠨᠴᠠᠯᠠᠨ ᠲᠡᠮᠳᠡᠭᠯᠡᠪᠡ᠃

ᠬᠣᠶᠠᠷ ᠤᠯᠤᠰ ᠤᠨ ᠲᠥᠷᠥ ᠢᠢᠨ ᠲᠡᠷᠢᠭᠦᠨ ᠨᠠᠷ ᠮᠣᠩ᠋ᠭᠣᠯ᠂ ᠬᠢᠲᠠᠳ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠥᠨᠥ ᠢᠢᠨ ᠪᠠᠢᠢᠳᠠᠯ ᠢ ᠳ᠋ᠦᠩᠨᠡᠵᠦ᠂ ᠬᠠᠮᠲᠤ ᠢᠢᠨ ᠠᠵᠢᠯᠯᠠᠭᠠᠨ ᠤ ᠴᠢᠨᠠᠭᠰᠢᠳᠠ ᠢᠢᠨ ᠴᠢᠭᠯᠡᠯ ᠢ ᠲᠣᠳᠣᠷᠬᠠᠢᠢᠯᠠᠵᠤ᠂ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠢᠢᠯᠴᠢᠯᠠᠯ ᠤᠨ ᠳᠠᠪᠲᠠᠮᠵᠢ ᠢᠢ ᠬᠠᠳᠠᠭᠠᠯᠠᠬᠤ᠂ ᠬᠣᠶᠠᠷ ᠲᠠᠯ᠎ᠠ ᠢᠢᠨ ᠬᠤᠳᠠᠯᠳᠤᠭᠠᠨ ᠤ ᠬᠡᠮᠵᠢᠶ᠎ᠡ ᠢᠢ ᠢᠷᠡᠬᠦ ᠲᠠᠪᠤᠨ ᠵᠢᠯ ᠳᠥ 20 ᠲᠡᠷᠪᠤᠮ ᠠᠮ᠂ ᠳ᠋ᠣᠯᠯᠠᠷ ᠲᠤ ᠬᠦᠷᠭᠡᠬᠦ᠂ ᠠᠭᠤᠯᠠ ᠠᠭᠤᠷᠬᠠᠢ ᠢᠢᠨ ᠪᠠᠷᠠᠭ᠎ᠠ ᠪᠦᠲᠦᠭᠡᠭ᠍ᠳᠡᠬᠦᠨ ᠦ ᠡᠺᠰᠫᠣᠷᠲ ᠢ ᠨᠡᠮᠡᠭᠳᠡᠭᠦᠯᠬᠦ᠂ ᠨᠡᠭᠦᠷᠡᠰᠦ ᠤᠷᠲᠤ ᠬᠤᠭᠤᠴᠠᠭᠠᠨ ᠳᠤ ᠲᠣᠭᠲᠠᠪᠤᠷᠢᠲᠠᠢ ᠡᠺᠰᠫᠣᠷᠲ᠋ᠯᠠᠬᠤ᠂ ᠬᠤᠳᠠᠯᠳᠤᠭᠠᠨ ᠤ ᠪᠦᠲᠦᠴᠡ ᠢᠢ ᠲᠥᠷᠦᠯᠵᠢᠭᠦᠯᠬᠦ᠂ ᠭᠠᠵᠠᠷ ᠤᠨ ᠲᠣᠰᠤᠨ ᠤ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠪᠤᠴᠠᠯᠲᠠ ᠦᠭᠡᠢ ᠲᠤᠰᠠᠯᠠᠮᠵᠢ᠂ ᠬᠥᠩ᠋ᠭᠡᠯᠡᠯᠲᠡ ᠲᠡᠢ ᠵᠢᠭᠡᠯᠡ ᠢᠢᠨ ᠬᠦᠷᠢᠶᠡᠨ ᠳᠥ ᠬᠠᠮᠲᠤᠷᠠᠨ ᠬᠡᠷᠡᠭᠵᠢᠭᠦᠯᠵᠦ ᠪᠤᠢ ᠪᠦᠲᠦᠭᠡᠨ ᠪᠠᠢᠢᠭᠤᠯᠤᠯᠲᠠ ᠢᠢᠨ ᠲᠥᠰᠥᠯ ᠦᠳ ᠦᠨ ᠶᠠᠪᠤᠴᠠ ᠢᠢ ᠤᠷᠤᠭᠰᠢᠯᠠᠭᠤᠯᠬᠤ ᠵᠡᠷᠭᠡ ᠠᠰᠠᠭᠤᠳᠠᠯ ᠢᠶᠠᠷ ᠳᠡᠯᠭᠡᠷᠡᠩ᠋ᠭᠦᠢ ᠰᠠᠨᠠᠯ ᠰᠤᠯᠢᠯᠴᠠᠪᠠ᠃

ᠬᠣᠶᠠᠷ ᠣᠷᠣᠨ ᠤ ᠬᠢᠯᠢ ᠢᠢᠨ ᠪᠣᠭᠣᠮᠲᠠ ᠢᠢᠨ ᠦᠢᠯᠡ ᠠᠵᠢᠯᠯᠠᠭ᠎ᠠ ᠢᠢ ᠡᠷᠴᠢᠮᠵᠢᠭᠦᠯᠬᠦ ᠬᠦᠷᠢᠶᠡᠨ ᠳᠥ ᠭᠠᠰᠢᠭᠤᠨᠰᠤᠬᠠᠢᠢᠳᠤ-ᠭᠠᠭᠴᠠ ᠮᠤᠳᠤ ᠲᠡᠮᠦᠷ ᠵᠠᠮ ᠤᠨ ᠪᠣᠭᠣᠮᠲᠠ ᠢᠢᠨ ᠪᠦᠲᠦᠭᠡᠨ ᠪᠠᠢᠢᠭᠤᠯᠤᠯᠲᠠ ᠢᠢᠨ ᠠᠵᠢᠯ ᠢ ᠡᠷᠴᠢᠮᠵᠢᠭᠦᠯᠬᠦ᠂ ᠬᠠᠩ᠋ᠭᠢ-ᠮᠠᠨᠳᠤᠯ ᠪᠣᠭᠣᠮᠲᠠ ᠢᠢ ᠲᠡᠮᠦᠷ ᠵᠠᠮ ᠢᠶᠠᠷ ᠬᠣᠯᠪᠣᠬᠤ᠂ ᠵᠠᠮ ᠤᠨ-ᠡᠭᠦᠳᠡ-ᠡᠷᠢᠶᠡᠨ ᠵᠡᠷᠭᠡ ᠪᠣᠭᠣᠮᠲᠠ ᠨᠤᠭᠤᠳ ᠤᠨ ᠳᠡᠳ᠋ ᠪᠦᠲᠦᠴᠡ ᠢᠢ ᠰᠠᠢᠢᠵᠢᠷᠠᠭᠤᠯᠬᠤ᠂ ᠰᠢᠨ᠎ᠡ ᠲᠧᠭᠨᠢᠭ᠂ ᠲᠧᠭᠨᠣᠯᠣᠭᠢ ᠠᠰᠢᠭᠯᠠᠬᠤ ᠵᠠᠮ ᠢᠶᠠᠷ ᠬᠢᠯᠢ ᠢᠢᠨ ᠪᠣᠭᠣᠮᠲᠠ ᠨᠤᠭᠤᠳ ᠤᠨ ᠨᠡᠪᠲᠡᠷᠡᠭᠦᠯᠬᠦ ᠬᠦᠴᠦᠨ ᠴᠢᠳᠠᠯ ᠢ ᠨᠡᠮᠡᠭᠳᠡᠭᠦᠯᠬᠦ᠂ ᠡᠷᠬᠡ ᠵᠦᠢ ᠢᠢᠨ ᠣᠷᠴᠢᠨ ᠢ ᠪᠣᠯᠪᠠᠰᠤᠷᠠᠩ᠋ᠭᠤᠢ ᠪᠣᠯᠭᠠᠬᠤ ᠠᠰᠠᠭᠤᠳᠠᠯ ᠢᠶᠠᠷ ᠶᠠᠷᠢᠯᠴᠠᠪᠠ᠃

ᠳᠡᠯᠡᠬᠡᠢ ᠢᠢᠨ ᠳᠤᠯᠠᠭᠠᠷᠠᠯ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠴᠢᠭᠯᠡᠯ ᠢᠶᠡᠷ ᠬᠡᠷᠡᠭᠵᠢᠭᠦᠯᠵᠦ ᠪᠤᠢ 《ᠲᠡᠷᠪᠤᠮ ᠮᠣᠳᠣ》 ᠦᠨᠳᠦᠰᠦᠨ ᠦ ᠬᠥᠲᠦᠯᠪᠦᠷᠢ ᠢᠢ ᠬᠢᠲᠠᠳ ᠤᠨ ᠲᠠᠯ᠎ᠠ ᠪᠥᠷᠢᠨ ᠳᠡᠮᠵᠢᠨ ᠠᠵᠢᠯᠯᠠᠬᠤ ᠪᠠᠨ ᠢᠯᠡᠷᠬᠡᠢᠢᠯᠡᠵᠦ᠂ ᠴᠢᠨᠠᠭᠰᠢᠳᠠ ᠬᠠᠮᠲᠤᠷᠠᠭᠰᠠᠨ ᠲᠥᠰᠦᠯ ᠬᠥᠲᠦᠯᠪᠦᠷᠢ ᠬᠡᠷᠡᠭᠵᠢᠭᠦᠯᠬᠦ ᠪᠡᠷ ᠰᠠᠨᠠᠯ ᠨᠢᠭᠡᠳᠪᠡ᠃ ᠲᠡᠭᠦᠨᠴᠢᠯᠡᠨ ᠴᠥᠯᠵᠢᠯᠲᠡ᠂ ᠰᠢᠷ᠎ᠠ ᠰᠢᠷᠤᠢᠢᠨ ᠰᠢᠭᠤᠷᠭ᠎ᠠ ᠲᠠᠢ ᠲᠡᠮᠡᠴᠡᠬᠦ᠂ ᠭᠠᠵᠠᠷ ᠤᠨ ᠳᠣᠷᠣᠢᠢᠲᠠᠯ ᠢ ᠪᠠᠭᠤᠷᠠᠭᠤᠯᠬᠤ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠷ ᠲᠣᠬᠢᠷᠠᠯᠴᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠣᠷᠣᠰ  ᠤᠨ ᠬᠣᠯᠪᠣᠭᠠᠨ ᠤ ᠤᠯᠤᠰ ᠤᠨ ᠭᠤᠷᠪᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠮᠠᠨ ᠤ ᠲᠠᠯ᠎ᠠ ᠠᠴᠠ ᠥᠨᠳᠥᠷ ᠠᠴᠢ ᠬᠣᠯᠪᠣᠭᠳᠠᠯ ᠥᠭᠳᠡᠭ ᠪᠣᠯᠬᠤ ᠢᠢ ᠣᠨᠴᠠᠯᠠᠵᠤ᠂ 《ᠡᠳ᠋ ᠍ ᠦᠨ ᠵᠠᠰᠠᠭ ᠤᠨ ᠺᠣᠷᠢᠳᠣᠷ ᠤᠨ ᠬᠥᠲᠥᠯᠪᠦᠷᠢ》 ᠍ ᠦᠨ ᠬᠡᠷᠡᠭᠵᠢᠯᠲᠡ ᠢᠢ ᠤᠷᠤᠭᠰᠢᠯᠠᠭᠤᠯᠬᠤ ᠲᠠᠯ᠎ᠠ ᠪᠠᠷ ᠰᠠᠨᠠᠯ ᠰᠤᠯᠢᠯᠴᠠᠪᠠ᠃ ᠲᠤᠰ ᠬᠥᠲᠥᠯᠪᠦᠷᠢ ᠢᠢ ᠪᠣᠳᠠᠲᠤ ᠪᠠᠷ ᠬᠡᠷᠡᠭᠵᠢᠭᠦᠯᠬᠦ ᠨᠢ ᠭᠤᠷᠪᠠᠨ ᠤᠯᠤᠰ ᠲᠡᠳᠦᠢ ᠦᠭᠡᠢ ᠪᠥᠰᠡ ᠨᠤᠲᠤᠭ ᠲᠤ ᠠᠴᠢ ᠬᠣᠯᠪᠣᠭᠳᠠᠯ ᠲᠠᠢ ᠭᠡᠳᠡᠭ ᠲᠥ ᠲᠠᠯ᠎ᠠ ᠨᠤᠭᠤᠳ ᠰᠠᠨᠠᠯ ᠨᠢᠭᠡᠳᠪᠡ᠃

ᠲᠡᠭᠦᠨᠴᠢᠯᠡᠨ ᠣᠯᠠᠨ ᠤᠯᠤᠰ ᠤᠨ ᠬᠠᠷᠢᠯᠴᠠᠭᠠᠨ ᠤ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠣᠯᠢᠯᠴᠠᠪᠠ᠃