ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠯᠤᠪᠰᠠᠩᠳᠣᠷᠵᠢ ᠢᠢᠨ ᠪᠣᠯᠣᠷᠴᠡᠴᠡᠭ ᠦᠨ ᠬᠠᠮᠲᠤ ᠮᠣᠩ᠋ᠭᠣᠯ᠂ ᠶᠠᠫᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢ ᠲᠣᠬᠢᠶᠠᠯᠳᠤᠭᠤᠯᠤᠨ ᠶᠠᠫᠣᠨ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ 2022 ᠣᠨ ᠤ 11 ᠳ᠋ᠤᠭᠡᠷ ᠰᠠᠷ᠎ᠠ ᠢᠢᠨ 29 -᠍ ᠦ ᠡᠳᠦᠷ ᠲᠣᠺᠢᠣ᠋ ᠬᠣᠲᠠᠨ ᠠ ᠬᠦᠷᠦᠯᠴᠡᠨ ᠢᠷᠡᠯ᠎ᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠶᠠᠫᠣᠨ ᠤᠯᠤᠰ ᠤᠨ ᠭᠠᠳᠠᠭᠠᠳᠤ ᠬᠡᠷᠡᠭ ᠦᠨ ᠳᠡᠳ᠋ ᠰᠠᠢᠢᠳ ᠱ᠂ ᠲᠠᠺᠡᠢ᠂ ᠭᠠᠳᠠᠭᠠᠳᠤ ᠬᠡᠷᠡᠭ ᠦᠨ ᠶᠠᠮᠤᠨ ᠤ ᠶᠣᠰᠣᠯᠠᠯ ᠤᠨ ᠭᠠᠵᠠᠷ ᠤᠨ ᠵᠠᠬᠢᠷᠤᠯ ᠲ ∙ ᠱᠢᠮᠠᠳᠠ᠂ ᠮᠣᠩ᠋ᠭᠣᠯ ᠤᠯᠤᠰ ᠠᠴᠠ ᠶᠠᠫᠣᠨ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲ᠂ ᠪᠠᠲᠤᠵᠢᠷᠭᠠᠯ ᠨᠠᠷ ᠤᠨ ᠠᠯᠪᠠᠨ ᠤ ᠬᠦᠮᠦᠰ ᠤᠭᠲᠤᠪᠠ᠃
ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠤᠬᠢᠲᠠ ᠲ᠋ᠤ ᠪᠠᠷᠠᠭᠠᠯᠬᠠᠵᠤ᠂ ᠶᠠᠫᠣᠨ ᠤᠯᠤᠰ ᠤᠨ ᠶᠡᠷᠦᠩᠬᠡᠢ ᠰᠠᠢᠢᠳ ᠹ᠂ ᠺᠢᠱᠢᠳᠠ ᠲᠠᠢ ᠠᠯᠪᠠᠨ ᠶᠣᠰᠣᠨ ᠤ ᠬᠡᠯᠡᠯᠴᠡᠭᠡ ᠬᠢᠨ᠎ᠡ᠃
ᠮᠥᠨ ᠶᠠᠫᠣᠨ ᠤ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠬ᠂ ᠬᠣᠰᠣᠳᠠ᠂ ᠵᠥᠪᠯᠡᠬᠥ ᠨᠦᠭᠦᠳ ᠦᠨ ᠲᠠᠩᠬᠢᠮ ᠤᠨ ᠳᠠᠷᠤᠭ᠎ᠠ ᠬ ∙ ᠣᠴᠦᠵᠢ ᠪᠣᠯᠤᠨ ᠶᠠᠫᠣᠨ ᠤ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠳ᠋ᠠᠬᠢ ᠶᠠᠫᠣᠨ᠂ ᠮᠣᠩ᠋ᠭᠣᠯ ᠤᠨ ᠨᠠᠢᠢᠷᠠᠮᠳᠠᠯ ᠤᠨ ᠪᠦᠯᠦᠭ ᠦᠨ ᠳᠠᠷᠤᠭ᠎ᠠ ᠮ᠂ ᠬᠠᠶᠱᠢ᠂ ᠬᠦᠨᠳᠦᠲᠦ ᠵᠥᠪᠯᠡᠬᠦ ᠲ᠂ ᠨᠢᠺᠠᠢ ᠨᠠᠷ ᠢ ᠬᠦᠯᠢᠶᠡᠨ ᠠᠪᠴᠤ ᠠᠭᠤᠯᠵᠠᠨ᠎ᠠ᠃
ᠮᠣᠩ᠋ᠭᠣᠯ ᠤᠯᠤᠰ ᠤᠨ ᠲᠥᠷᠥ ᠢᠢᠨ ᠲᠡᠷᠢᠭᠦᠨ ᠦ ᠲᠦᠪᠰᠢᠨ ᠳᠥ 2010 ᠣᠨ ᠠᠴᠠ ᠬᠣᠢᠢᠰᠢ 12 ᠵᠢᠯ ᠦᠨ ᠳᠠᠷᠠᠭ᠎ᠠ ᠶᠠᠫᠣᠨ ᠤᠯᠤᠰ ᠲᠤ ᠬᠡᠷᠡᠭᠵᠢᠵᠦ ᠪᠤᠢ ᠲᠥᠷᠥ ᠢᠢᠨ ᠠᠢᠢᠯᠴᠢᠯᠠᠯ ᠨᠢ ᠮᠣᠩ᠋ᠭᠣᠯ᠂ ᠶᠠᠫᠣᠨ ᠤ ᠬᠠᠷᠢᠯᠴᠠᠭ᠎ᠠ ᠢᠢ ᠭᠦᠨᠵᠡᠭᠡᠢᠢᠷᠡᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠡᠬᠢᠵᠢᠭᠦᠯᠬᠦ᠂ ᠬᠣᠶᠠᠷ ᠤᠯᠤᠰ ᠤᠨ ᠬᠠᠭᠠᠰ ᠵᠠᠭᠤᠨ ᠵᠢᠯ ᠦᠨ ᠬᠠᠮᠲᠤ ᠢᠢᠨ ᠠᠵᠢᠯᠯᠠᠭ᠎ᠠ ᠢᠢ ᠳ᠋ᠦᠩᠨᠡᠵᠦ᠂ ᠢᠷᠡᠬᠦ 50 ᠵᠢᠯ ᠳᠥ ᠬᠥᠭ᠍ᠵᠢᠭᠦᠯᠬᠦ ᠬᠡᠲᠦ ᠢᠢᠨ ᠲᠥᠯᠥᠪ᠂ ᠴᠢᠭᠯᠡᠯ ᠢ ᠲᠣᠳᠣᠷᠬᠠᠢᠢᠯᠠᠬᠤ ᠳᠤ ᠠᠴᠢ ᠬᠣᠯᠪᠣᠭᠳᠠᠯ ᠲᠠᠢ ᠪᠣᠯᠤᠨ᠎ᠠ᠃