Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠠᠫᠣᠨ ᠤᠯᠤᠰ ᠤᠨ ᠶᠡᠷᠦᠩᠬᠡᠢ ᠰᠠᠢᠢᠳ ᠹ᠂ ᠺᠢᠱᠢᠳᠠ ᠲᠠᠢ ᠠᠯᠪᠠᠨ ᠶᠣᠰᠣᠨ ᠤ ᠬᠡᠯᠡᠯᠴᠡᠭᠡ ᠬᠢᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠠᠫᠣᠨ ᠤᠯᠤᠰ ᠤᠨ ᠵᠠᠰᠠᠭ ᠤᠨ ᠭᠠᠵᠠᠷ ᠤᠨ ᠤᠷᠢᠯᠭ᠎ᠠ ᠪᠠᠷ ᠲᠤᠰ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠶᠠᠫᠣᠨ ᠤᠯᠤᠰ ᠤᠨ ᠶᠡᠷᠦᠩᠬᠡᠢ ᠰᠠᠢᠢᠳ ᠹ᠂ ᠺᠢᠱᠢᠳᠠ ᠲᠠᠢ 2022 ᠣᠨ ᠤ 11 ᠳ᠋ᠤᠭᠡᠷ ᠰᠠᠷ᠎ᠠ ᠢᠢᠨ 29- ᠍ ᠦ ᠡᠳᠦᠷ ᠶᠡᠷᠦᠩᠬᠡᠢ ᠰᠠᠢᠢᠳ ᠤᠨ ᠥᠷᠭᠦᠭᠡᠨ ᠳᠥ ᠠᠯᠪᠠᠨ ᠶᠣᠰᠣᠨ ᠤ ᠬᠡᠯᠡᠯᠴᠡᠭᠡ ᠬᠢᠪᠡ᠃

ᠠᠯᠪᠠᠨ ᠶᠣᠰᠣᠨ ᠤ ᠬᠡᠯᠡᠯᠴᠡᠭᠡ ᠡᠯᠢᠭᠡᠰᠡᠭ ᠳᠣᠲᠣᠨᠣ᠂ ᠨᠠᠢᠢᠷᠰᠠᠭ ᠠᠭᠤᠷ ᠠᠮᠢᠰᠬᠤᠯ ᠳᠤ ᠪᠣᠯᠵᠤ᠂ ᠲᠠᠯ᠎ᠠ ᠨᠤᠭᠤᠳ ᠮᠣᠩ᠋ᠭᠣᠯ᠂ ᠶᠠᠫᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ 50 ᠵᠢᠯ ᠦᠨ ᠬᠠᠮᠲᠤ ᠢᠢᠨ ᠠᠵᠢᠯᠯᠠᠭ᠎ᠠ ᠢᠢ ᠳ᠋ᠦᠩᠨᠡᠵᠦ᠂ ᠴᠢᠨᠠᠭᠰᠢᠳᠠ ᠢᠢᠨ ᠵᠣᠷᠢᠯᠲᠠ᠂ ᠬᠡᠲᠦ ᠢᠢᠨ ᠲᠥᠯᠥᠪ ᠦᠨ ᠲᠠᠯ᠎ᠠ ᠪᠠᠷ ᠪᠣᠯᠤᠨ ᠣᠯᠠᠨ ᠤᠯᠤᠰ᠂ ᠪᠥᠰᠡ ᠨᠤᠲᠤᠭ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃
ᠠᠯᠪᠠᠨ ᠶᠣᠰᠣᠨ ᠤ ᠬᠡᠯᠡᠯᠴᠡᠭᠡᠨ ᠦ ᠦᠷ᠎ᠡ ᠳ᠋ᠦᠩ ᠳᠥ ᠲᠠᠯ᠎ᠠ ᠨᠤᠭᠤᠳ ᠮᠣᠩ᠋ᠭᠣᠯ᠂ ᠶᠠᠫᠣᠨ ᠤ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭᠠᠨ ᠤ ᠲᠦᠪᠰᠢᠨ ᠢ ᠠᠬᠢᠭᠤᠯᠤᠨ 《ᠮᠣᠩ᠋ᠭᠣᠯ ᠤᠯᠤᠰ᠂ ᠶᠠᠫᠣᠨ ᠤᠯᠤᠰ ᠤᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠍ ᠦᠨ ᠵᠠᠷᠴᠢᠮ ᠳᠤ ᠲᠤᠯᠭᠠᠭᠤᠷᠢᠯᠠᠨ ᠬᠥᠭ᠍ᠵᠢᠭᠦᠯᠬᠦ ᠪᠡᠷ ᠲᠣᠭᠲᠠᠪᠠ᠃ ᠮᠥᠨ ᠴᠢᠨᠠᠠᠠᠰᠢᠳᠠ ᠡᠷᠬᠡ ᠴᠢᠯᠦᠭᠡ᠂ ᠠᠷᠠᠳᠴᠢᠯᠠᠯ᠂ ᠬᠦᠮᠦᠨ ᠦ ᠡᠷᠬᠡ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠵᠡᠷᠭᠡ ᠨᠡᠢᠢᠲᠡᠯᠢᠭ ᠦᠨᠡᠲᠦ ᠵᠦᠢᠯᠡᠰ ᠲᠥ ᠪᠡᠨ ᠲᠤᠯᠭᠠᠭᠤᠷᠢᠯᠠᠨ ᠪᠦᠬᠦᠢ ᠯᠠ ᠰᠠᠯᠪᠤᠷᠢ ᠢᠢᠨ 《ᠬᠦᠮᠦᠨ ᠲᠥᠪ ᠲᠡᠢ》 ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢᠨ ᠰᠠᠴᠠᠭᠤ ᠳᠡᠯᠡᠬᠡᠢ ᠨᠡᠢᠢᠲᠡ ᠢᠢᠨ ᠡᠮᠦᠨ᠎ᠡ ᠲᠤᠯᠭᠠᠮᠳᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ ᠳᠥ ᠬᠠᠮᠲᠤ ᠳᠤ ᠪᠠᠨ ᠬᠤᠪᠢ ᠨᠡᠮᠡᠷᠢ ᠣᠷᠣᠭᠤᠯᠵᠤ᠂ ᠨᠢᠬᠲᠠ ᠬᠠᠮᠲᠤᠷᠠᠨ ᠠᠵᠢᠯᠯᠠᠬᠤ ᠪᠠᠷ ᠪᠣᠯᠪᠠ᠃

ᠲᠠᠯ ᠤᠳ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠵᠠᠮ ᠤᠨ ᠵᠢᠷᠤᠭᠯᠠᠯ ᠪᠣᠯᠵᠤ ᠢᠷᠡᠭᠰᠡᠨ ᠮᠣᠩ᠋ᠭᠣᠯ᠂ ᠶᠠᠫᠣᠨ ᠤ ᠰᠲ᠋ᠷᠠᠲ᠋ᠧᠭᠢ ᠢᠢᠨ ᠲᠦᠩᠰᠢᠯᠡᠯ ᠦᠨ ᠳᠤᠮᠳᠠ ᠬᠤᠭᠤᠴᠠᠭᠠᠨ ᠤ ᠬᠥᠲᠦᠯᠪᠦᠷᠢ ᠢᠢ ᠰᠢᠨᠡᠴᠢᠯᠡᠨ 《ᠮᠣᠩ᠋ᠭᠣᠯ ᠤᠯᠤᠰ᠂ ᠶᠠᠫᠣᠨ ᠤᠯᠤᠰ ᠤᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠍ ᠢᠢᠨ 10 ᠵᠢᠯ ᠦᠨ ᠦᠢᠯᠡ ᠠᠵᠢᠯᠯᠠᠭᠠᠨ ᠤ ᠬᠥᠲᠦᠯᠪᠦᠷᠢ ᠢᠢ ᠪᠠᠢᠢᠭᠤᠯᠵᠤ᠂ ᠤᠯᠤᠰ ᠲᠥᠷᠦ᠂ ᠠᠶᠤᠯ ᠦᠭᠡᠢ ᠪᠠᠢᠢᠳᠠᠯ᠂ ᠡᠳ᠋ ᠍ ᠦᠨ ᠵᠠᠰᠠᠭ᠂ ᠬᠤᠳᠠᠯᠳᠤᠭ᠎ᠠ᠂ ᠬᠥᠷᠦᠩ᠋ᠭᠡ ᠣᠷᠣᠭᠤᠯᠤᠯᠲᠠ ᠢᠢᠨ ᠬᠠᠮᠲᠤ ᠢᠢᠨ ᠠᠵᠢᠯᠯᠠᠭ᠎ᠠ ᠪᠠᠨ᠂ 《ᠬᠦᠮᠦᠨ ᠲᠥᠪ ᠲᠡᠢ》 ᠬᠥᠭ᠍ᠵᠢᠯ᠂ ᠢᠷᠭᠡᠳ ᠬᠣᠭᠣᠷᠣᠨᠳᠣ ᠢᠢᠨ ᠬᠠᠷᠢᠯᠴᠠᠨ ᠰᠣᠯᠢᠯᠴᠠᠭ᠎ᠠ᠂ ᠳᠡᠯᠡᠬᠡᠢ ᠨᠡᠢᠢᠲᠡ ᠢᠢ ᠬᠠᠮᠤᠷᠤᠭᠰᠠᠨ ᠨᠡᠢᠢᠲᠡᠯᠢᠭ ᠠᠰᠠᠭᠤᠳᠠᠯᠠᠷᠬᠢ ᠬᠠᠮᠲᠤ ᠢᠢᠨ ᠠᠵᠢᠯᠯᠠᠭ᠎ᠠ ᠵᠡᠷᠭᠡ ᠳᠥᠷᠪᠡᠨ ᠦᠨᠳᠦᠰᠦᠨ ᠴᠢᠭᠯᠡᠯ ᠳᠥ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠪᠡᠷ ᠲᠣᠬᠢᠷᠠᠯᠴᠠᠪᠠ᠃

ᠶᠠᠫᠣᠨ ᠤᠯᠤᠰ ᠨᠢ ᠮᠣᠩ᠋ᠭᠣᠯ ᠤᠯᠤᠰ ᠠᠷᠠᠳᠴᠢᠯᠠᠯ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠲᠤ ᠰᠢᠯᠵᠢᠭᠰᠡᠨ ᠡᠴᠡ ᠬᠣᠢᠢᠰᠢ ᠡᠳ᠋ ᠍ ᠦᠨ ᠵᠠᠰᠠᠭ᠂ ᠬᠥᠷᠦᠩ᠋ᠭᠡ ᠣᠷᠣᠭᠤᠯᠤᠯᠲᠠ ᠢᠢᠨ ᠰᠠᠯᠪᠤᠷᠢ ᠳ᠋ᠠᠬᠢ ᠦᠢᠯᠡ ᠠᠵᠢᠯᠯᠠᠭ᠎ᠠ ᠢᠢ ᠲᠤᠭᠤᠰᠢᠲᠠᠢ ᠳᠡᠮᠵᠢᠵᠦ ᠢᠷᠡᠭᠰᠡᠨ ᠲᠡᠷᠢᠭᠦᠨ ᠦ ᠬᠠᠨᠳᠢᠪᠯᠠᠭᠴᠢ ᠤᠯᠤᠰ ᠭᠡᠳᠡᠭ ᠢ ᠣᠨᠴᠠᠯᠠᠵᠤ᠂ ᠡᠨᠡ ᠤᠳᠠᠭ᠎ᠠ ᠢᠢᠨ ᠠᠢᠢᠯᠴᠢᠯᠠᠯ ᠤᠨ ᠦᠶ᠎ᠡ ᠪᠡᠷ ᠶᠠᠫᠣᠨ ᠤᠯᠤᠰ ᠤᠨ ᠵᠠᠰᠠᠭ ᠤᠨ ᠭᠠᠵᠠᠷ ᠤᠨ ᠪᠤᠴᠠᠯᠲᠠ ᠦᠭᠡᠢ ᠲᠤᠰᠠᠯᠠᠮᠵᠢ ᠪᠠᠷ ᠳᠠᠷᠬᠠᠨ ᠤ ᠳᠡᠳ᠋ ᠰᠲ᠋ᠠᠨᠼ ᠳᠤ ᠪᠠᠭ᠎ᠠ ᠴᠢᠳᠠᠯ ᠤᠨ ᠪᠠᠲ᠋ᠲ᠋ᠧᠷᠧᠢ ᠢᠢᠨ ᠴᠡᠨᠡᠭ ᠬᠤᠷᠢᠶᠠᠭᠤᠷ ᠰᠠᠭᠤᠷᠢᠯᠠᠭᠤᠯᠬᠤ᠂ 《ᠮᠣᠩ᠋ᠭᠣᠯ ᠤᠯᠤᠰ ᠤᠨ ᠡᠷᠴᠢᠮ ᠬᠦᠴᠦᠨ ᠦ ᠬᠠᠩ᠋ᠭᠠᠮᠵᠢ ᠢᠢ ᠰᠠᠢᠢᠵᠢᠷᠠᠭᠤᠯᠬᠤ ᠲᠥᠰᠦᠯ》᠍ ᠢ ᠬᠡᠷᠡᠭᠵᠢᠭᠦᠯᠬᠦ ᠪᠡᠷ ᠲᠣᠬᠢᠷᠠᠵᠤ᠂ ᠬᠣᠶᠠᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠰᠣᠯᠢᠯᠴᠠᠬᠤ ᠨᠣᠲ ᠪᠢᠴᠢᠭ᠌ ᠲᠥ ᠭᠠᠷ ᠤᠨ ᠦᠰᠦᠭ ᠵᠢᠷᠤᠵᠤ ᠪᠠᠢᠢᠭ᠎ᠠ ᠢᠢ ᠲᠠᠯ᠎ᠠ ᠨᠤᠭᠤᠳ ᠰᠠᠢᠢᠰᠢᠶᠠᠨ ᠲᠡᠮᠳᠡᠭᠯᠡᠪᠡ᠃

ᠮᠣᠩ᠋ᠭᠣᠯ ᠤᠯᠤᠰ ᠤᠨ ᠡᠳ᠋ ᠍ ᠦᠨ ᠵᠠᠰᠠᠭ ᠢ ᠲᠥᠷᠦᠯᠵᠢᠭᠦᠯᠦᠨ ᠬᠥᠭ᠍ᠵᠢᠭᠦᠯᠬᠦ᠂ ᠳᠣᠲᠣᠭᠠᠳᠤ ᠢᠢᠨ ᠦᠢᠯᠡᠳᠪᠦᠷᠢᠯᠡᠯ᠂ ᠲᠡᠭᠦᠨ ᠦ ᠳᠣᠲᠣᠷ᠎ᠠ ᠬᠥᠳᠡᠭᠡ ᠠᠵᠤ ᠠᠬᠤᠢ ᠢᠢᠨ ᠦᠢᠯᠡᠳᠪᠦᠷᠢᠯᠡᠯ ᠢ ᠥᠰᠬᠡᠨ ᠨᠡᠮᠡᠭᠳᠡᠭᠦᠯᠬᠦ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠶᠠᠫᠣᠨ ᠤᠯᠤᠰ ᠠᠴᠠ ᠬᠥᠷᠥᠩ᠋ᠭᠡ ᠣᠷᠣᠭᠤᠯᠤᠯᠲᠠ ᠲᠠᠲᠠᠬᠤ ᠵᠣᠷᠢᠯᠭ᠎ᠠ ᠪᠠᠷ ᠬᠠᠤᠯᠢ ᠡᠷᠬᠡ ᠵᠦᠢ ᠢᠢᠨ ᠪᠣᠯᠤᠨ ᠪᠢᠽᠨ᠋ᠧᠰ ᠦᠨ ᠣᠷᠴᠢᠨ ᠢ ᠰᠠᠢᠢᠵᠢᠷᠠᠭᠤᠯᠬᠤ ᠴᠢᠭᠯᠡᠯ ᠢᠶᠡᠷ ᠬᠣᠶᠠᠷ ᠲᠠᠯ᠎ᠠ ᠨᠢᠬᠲᠠ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠪᠡ᠃

ᠮᠣᠩ᠋ᠭᠣᠯ ᠤᠯᠤᠰ ᠤᠨ ᠡᠳ᠋ ᠍ ᠦᠨ ᠵᠠᠰᠠᠭ ᠤᠨ ᠲᠡᠷᠢᠭᠦᠯᠡᠬᠦ ᠴᠢᠭᠯᠡᠯ ᠳᠥ ᠶᠠᠫᠣᠨ ᠤᠯᠤᠰ ᠤᠨ ᠬᠥᠷᠦᠩ᠋ᠭᠡ ᠣᠷᠣᠭᠤᠯᠤᠯᠲᠠ᠂ ᠲᠧᠭᠨᠢᠭ ᠲᠧᠭᠨᠣᠯᠣᠭᠢ᠂ ᠨᠣᠤ ᠾᠠᠤ ᠢ ᠮᠣᠩ᠋ᠭᠣᠯ ᠳᠤ ᠨᠡᠪᠲᠡᠷᠡᠭᠦᠯᠬᠦ᠂ ᠬᠥᠰᠢᠭᠡ ᠢᠢᠨ ᠬᠥᠨᠳᠡᠢ ᠢᠢᠨ ᠪᠦᠲᠦᠭᠡᠨ ᠪᠠᠢᠢᠭᠤᠯᠤᠯᠲᠠ᠂ ᠭᠠᠵᠠᠷ ᠤᠨ ᠬᠣᠪᠣᠷ ᠡᠯᠧᠮᠧᠨᠲ᠂ ᠬᠣᠪᠣᠷ ᠮᠧᠲ᠋ᠠᠯ ᠵᠡᠷᠭᠡ ᠠᠰᠢᠭᠲᠤ ᠮᠠᠯᠲᠠᠮᠠᠯ ᠪᠣᠯᠤᠨ 《ᠤᠰᠤᠲᠦᠷᠦᠭᠴᠢ ᠢᠢᠨ ᠦᠢᠯᠡᠳᠪᠦᠷᠢᠯᠡᠯ ᠪᠠ ᠳᠠᠭᠠᠯᠳᠤᠬᠤ ᠪᠦᠲᠦᠭᠡᠭ᠍ᠳᠡᠬᠦᠨ ᠪᠣᠯᠪᠠᠰᠤᠷᠠᠭᠤᠯᠬᠤ》 ᠴᠢᠭᠯᠡᠯ ᠳᠥ ᠶᠠᠫᠣᠨ ᠤ ᠲᠠᠯ᠎ᠠ ᠲᠠᠢ ᠬᠠᠮᠲᠤᠷᠠᠨ ᠠᠵᠢᠯᠯᠠᠬᠤ ᠰᠣᠨᠢᠷᠬᠠᠯ᠎ᠠ ᠮᠣᠩ᠋ᠭᠣᠯ ᠤᠨ ᠲᠠᠯ᠎ᠠ ᠨᠣᠲᠠᠯᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠡᠨᠡ ᠤᠳᠠᠭ᠎ᠠ ᠢᠢᠨ ᠠᠢᠢᠯᠴᠢᠯᠠᠯ ᠤᠨ ᠬᠦᠷᠢᠶᠡᠨ ᠳᠥ ᠮᠣᠩ᠋ᠭᠣᠯ᠂ ᠶᠠᠫᠣᠨ ᠤ ᠲᠥᠷᠦ᠂ ᠬᠤᠪᠢ ᠢᠢᠨ ᠬᠡᠪᠰᠢᠯ ᠦᠨ ᠬᠠᠮᠲᠤᠷᠠᠭᠰᠠᠨ 10 ᠳ᠋ᠤᠭᠠᠷ ᠵᠥᠪᠯᠡᠯᠳᠥᠬᠥ ᠠᠭᠤᠯᠵᠠᠯᠲᠠ ᠢᠢ ᠵᠣᠬᠢᠶᠠᠨ ᠪᠠᠢᠢᠭᠤᠯᠵᠤ ᠪᠤᠢ ᠢᠢ ᠲᠠᠯ᠎ᠠ ᠨᠤᠭᠤᠳ ᠰᠠᠢᠢᠰᠢᠶᠠᠵᠤ᠂ ᠮᠣᠩ᠋ᠭᠣᠯ᠂ ᠶᠠᠫᠣᠨ ᠤ ᠤᠯᠤᠰ ᠲᠥᠷᠦ ᠢᠢᠨ ᠬᠠᠷᠢᠯᠴᠠᠭᠠᠨ ᠤ ᠪᠠᠲᠤ ᠪᠡᠬᠢ ᠰᠠᠭᠤᠷᠢᠨ ᠳᠤ ᠲᠤᠯᠭᠠᠭᠤᠷᠢᠯᠠᠨ ᠡᠳ᠋ ᠍ ᠦᠨ ᠵᠠᠰᠠᠭ᠂ ᠬᠤᠳᠠᠯᠳᠤᠭ᠎ᠠ᠂ ᠬᠥᠷᠦᠩ᠋ᠭᠡ ᠣᠷᠣᠭᠤᠯᠤᠯᠲᠠ ᠢᠢᠨ ᠴᠢᠭᠯᠡᠯ ᠳᠥ ᠬᠠᠮᠲᠤ ᠢᠢᠨ ᠠᠵᠢᠯᠯᠠᠭ᠎ᠠ ᠢᠢ ᠰᠢᠨ᠎ᠡ ᠱᠠᠲᠤᠨ ᠳᠤ ᠭᠠᠷᠭᠠᠵᠤ᠂ ᠲᠥᠷᠦ᠂ ᠬᠤᠪᠢ ᠢᠢᠨ ᠬᠡᠪᠰᠢᠯ ᠦᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ᠂ ᠡᠳ᠋ ᠍ ᠦᠨ ᠵᠠᠰᠠᠭ ᠤᠨ ᠲᠦᠩᠰᠢᠯᠡᠯ ᠦᠨ ᠬᠡᠯᠡᠯᠴᠡᠭᠡᠷ ᠦᠨ ᠦᠷ᠎ᠡ ᠥᠭ᠍ᠭᠦᠭᠡᠵᠢ ᠢᠢ ᠳᠡᠭᠡᠭ᠍ᠰᠢᠯᠡᠭᠦᠯᠬᠦ ᠴᠢᠭᠯᠡᠯ ᠳᠥ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠲᠠᠯ᠎ᠠ ᠨᠤᠭᠤᠳ ᠨᠣᠲᠠᠯᠠᠪᠠ᠃

ᠲᠥᠷᠦ᠂ ᠵᠠᠰᠠᠭ ᠤᠨ ᠲᠡᠷᠢᠭᠦᠨ ᠨᠠᠷ ᠳᠡᠯᠡᠬᠡᠢ ᠨᠡᠢᠢᠲᠡ ᠢᠢᠨ ᠲᠤᠯᠭᠠᠮᠳᠠᠭᠰᠠᠨ ᠠᠰᠠᠭᠤᠳᠠᠯ ᠪᠣᠯᠬᠤ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠶᠠᠷ ᠴᠢᠨᠠᠭᠰᠢᠳᠠ ᠬᠠᠮᠲᠤ ᠢᠢᠨ ᠠᠵᠢᠯᠯᠠᠭ᠎ᠠ ᠢᠢ ᠪᠠᠨ ᠡᠷᠴᠢᠮᠵᠢᠭᠦᠯᠬᠦ ᠪᠡᠷ ᠰᠠᠨᠠᠯ ᠨᠢᠭᠡᠳᠪᠡ᠃ ᠡᠨᠡ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠳᠡᠪᠰᠢᠭᠦᠯᠦᠭᠰᠡᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠳᠡᠮᠵᠢᠵᠦ᠂ ᠶᠠᠫᠣᠨ ᠤᠯᠤᠰ ᠤᠨ ᠵᠠᠰᠠᠭ ᠤᠨ ᠭᠠᠵᠠᠷ ᠠᠴᠠ ᠮᠣᠩ᠋ᠭᠣᠯ ᠤᠯᠤᠰ ᠲᠤ 50 ᠮᠢᠩ᠋ᠭᠠᠨ ᠮᠣᠳᠣ ᠲᠠᠷᠢᠵᠤ᠂ ᠣᠢᠢᠵᠢᠭᠤᠯᠬᠤ ᠲᠥᠰᠦᠯ ᠪᠣᠯᠤᠨ ᠮᠣᠩ᠋ᠭᠣᠯ ᠤᠨ 20 ᠮᠢᠩ᠋ᠭᠠᠨ ᠬᠡᠦᠬᠡᠳ᠂ ᠵᠠᠯᠠᠭᠤᠴᠤᠳ ᠲᠤ ᠪᠠᠢᠢᠭᠠᠯᠢ ᠣᠷᠴᠢᠨ᠂ ᠴᠥᠯᠵᠢᠯᠲᠡ᠂ ᠪᠠᠢᠢᠭᠠᠯᠢ ᠢᠢᠨ ᠭᠠᠮᠰᠢᠭ ᠠᠴᠠ ᠤᠷᠢᠳᠴᠢᠯᠠᠨ ᠰᠡᠷᠭᠡᠢᠢᠯᠡᠬᠦ ᠴᠢᠭᠯᠡᠯ ᠢᠶᠡᠷ ᠲᠠᠨᠢᠨ ᠮᠡᠳᠡᠬᠦᠢ ᠢᠢᠨ ᠰᠤᠷᠭᠠᠯᠲᠠ ᠵᠣᠬᠢᠶᠠᠨ ᠪᠠᠢᠢᠭᠤᠯᠵᠤ᠂ ᠰᠤᠷᠭᠠᠭᠴᠢ ᠪᠠᠭᠰᠢ ᠨᠠᠷ ᠢ ᠪᠡᠯᠡᠳᠬᠡᠨ ᠪᠣᠳᠠᠲᠤ ᠠᠵᠢᠯ ᠬᠡᠷᠡᠭ ᠪᠣᠯᠭᠠᠬᠤ ᠳᠤ ᠲᠤᠭᠤᠰᠢᠲᠠᠢ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃

ᠠᠯᠪᠠᠨ ᠶᠣᠰᠣᠨ ᠤ ᠬᠡᠯᠡᠯᠴᠡᠭᠡᠨ ᠦ ᠳᠠᠷᠠᠭ᠎ᠠ ᠬᠣᠶᠠᠷ ᠤᠯᠤᠰ ᠤᠨ ᠲᠥᠷᠥ᠂ ᠵᠠᠰᠠᠭ ᠤᠨ ᠲᠡᠷᠢᠭᠦᠨ ᠨᠠᠷ ᠬᠡᠪᠯᠡᠯ ᠮᠡᠳᠡᠭᠡᠯᠡᠯ ᠦᠨ ᠬᠢᠨ ᠳᠥ ᠬᠠᠨᠳᠤᠵᠤ ᠮᠡᠳᠡᠭᠡᠯᠡᠯ ᠬᠢᠪᠡ᠃

ᠡᠨᠡ ᠤᠳᠠᠭ᠎ᠠ ᠢᠢᠨ ᠠᠢᠢᠯᠴᠢᠯᠠᠯ ᠤᠨ ᠳ᠋ᠦᠩ᠋  ᠢᠢᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠶᠠᠫᠣᠨ ᠤᠯᠤᠰ ᠤᠨ ᠶᠡᠷᠦᠩᠬᠡᠢ ᠰᠠᠢᠢᠳ ᠹ᠂ ᠺᠢᠱᠢᠳᠠ ᠨᠠᠷ 《ᠮᠣᠩ᠋ᠭᠣᠯ ᠤᠯᠤᠰ᠂ ᠶᠠᠫᠣᠨ ᠤᠯᠤᠰ ᠤᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠍ ᠢ ᠬᠥᠭ᠍ᠵᠢᠭᠦᠯᠬᠦ ᠳᠥ ᠴᠢᠭᠯᠡᠭᠰᠡᠨ ᠬᠠᠮᠲᠤᠷᠠᠭᠰᠠᠨ ᠮᠡᠳᠡᠭᠳᠡᠯ ᠭᠠᠷᠭᠠᠪᠠ᠃

ᠮᠥᠨ 《ᠮᠣᠩ᠋ᠭᠣᠯ᠂ ᠶᠠᠫᠣᠨ ᠤ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠢᠢᠨ 10 ᠵᠢᠯ ᠦᠨ ᠦᠢᠯᠡ ᠠᠵᠢᠯᠯᠠᠭᠠᠨ ᠤ ᠬᠥᠲᠥᠯᠪᠦᠷᠢ ᠢᠢ ᠰᠢᠨᠡᠴᠢᠯᠡᠨ ᠪᠠᠢᠢᠭᠤᠯᠪᠠ᠃

ᠲᠡᠭᠦᠨᠴᠢᠯᠡᠨ ᠶᠠᠫᠣᠨ ᠤᠯᠤᠰ ᠤᠨ ᠵᠠᠰᠠᠭ ᠤᠨ ᠭᠠᠵᠠᠷ ᠤᠨ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠭᠦᠯᠬᠦ 《ᠮᠣᠩ᠋ᠭᠣᠯ ᠤᠯᠤᠰ ᠤᠨ ᠡᠷᠴᠢᠮ ᠬᠦᠴᠦᠨ ᠦ ᠬᠠᠩ᠋ᠭᠠᠮᠵᠢ ᠢᠢ ᠰᠠᠢᠢᠵᠢᠷᠠᠭᠤᠯᠬᠤ ᠲᠥᠰᠦᠯ》 ᠍ ᠤᠨ ᠲᠤᠬᠠᠢ ᠬᠣᠶᠠᠷ ᠤᠯᠤᠰ ᠤᠨ ᠵᠠᠰᠠᠭ ᠤᠨ ᠭᠠᠵᠠᠷ ᠤᠨ ᠬᠣᠭᠣᠷᠣᠨᠳᠣ ᠰᠣᠯᠢᠯᠴᠠᠬᠤ ᠨᠣᠲ ᠪᠢᠴᠢᠭ᠌ ᠲᠥ ᠮᠣᠩ᠋ᠭᠣᠯ ᠤᠯᠤᠰ ᠤᠨ ᠰᠠᠩ ᠤᠨ ᠰᠠᠢᠢᠳ ᠪ᠂ ᠵᠢᠪᠬᠤᠯᠠᠩ᠂ ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠶᠣ᠊ ∙ ᠬᠠᠶᠱᠢ ᠨᠠᠷ ᠭᠠᠷ ᠤᠨ ᠦᠰᠦᠭ ᠵᠢᠷᠤᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠶᠠᠫᠣᠨ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃