Та "Internet explorer"-ийн сүүлийн хувилбар болох "Microsoft edge"-г ашиглана уу

Хэрэв "Microsoft edge"-г татах бол энд дарж татаж авна уу

《ᠮᠣᠩ᠋ᠭᠣᠯ ᠤᠯᠤᠰ᠂ ᠶᠠᠫᠣᠨ ᠤᠯᠤᠰ ᠤᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》᠍ ᠢ ᠬᠥᠭ᠍ᠵᠢᠭᠦᠯᠬᠦ ᠳᠥ ᠴᠢᠭᠯᠡᠭᠰᠡᠨ ᠬᠠᠮᠲᠤᠷᠠᠭᠰᠠᠨ ᠮᠡᠳᠡᠭᠳᠡᠯ ᠭᠠᠷᠭᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠶᠠᠫᠣᠨ ᠤᠯᠤᠰ ᠤᠨ ᠶᠡᠷᠦᠩᠬᠡᠢ ᠰᠠᠢᠢᠳ ᠹ᠂ ᠺᠢᠱᠢᠳᠠ ᠨᠠᠷ ᠤᠨ ᠠᠯᠪᠠᠨ ᠶᠣᠰᠣᠨ ᠤ ᠬᠡᠯᠡᠯᠴᠡᠭᠡᠨ ᠦ ᠳ᠋ᠦᠩ᠋  ᠢᠢᠡᠷ 《ᠮᠣᠩ᠋ᠭᠣᠯ ᠤᠯᠤᠰ᠂ ᠶᠠᠫᠣᠨ ᠤᠯᠤᠰ ᠤᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》᠍ ᠢ ᠬᠥᠭ᠍ᠵᠢᠭᠦᠯᠬᠦ ᠳᠥ ᠴᠢᠭᠯᠡᠭᠰᠡᠨ ᠬᠠᠮᠲᠤᠷᠠᠭᠰᠠᠨ ᠮᠡᠳᠡᠭᠳᠡᠯ ᠭᠠᠷᠭᠠᠪᠠ᠃

ᠬᠠᠮᠲᠤᠷᠠᠭᠰᠠᠨ ᠮᠡᠳᠡᠭᠳᠡᠯ ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ᠂ ᠶᠠᠫᠣᠨ ᠤᠯᠤᠰ ᠤᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ
ᠲᠤᠰᠬᠠᠢ ᠰᠲ᠋ᠷᠠᠲ᠋ᠧᠭᠢ ᠢᠢᠨ ᠲᠦᠩᠰᠢᠯᠡᠯ ᠢ ᠪᠠᠢᠢᠭᠤᠯᠬᠤ ᠳᠤ ᠴᠢᠭᠯᠡᠭᠰᠡᠨ ᠬᠠᠮᠲᠤᠷᠠᠭᠰᠠᠨ ᠮᠡᠳᠡᠭᠳᠡᠯ


2022 ᠣᠨ ᠤ 11 ᠳ᠋ᠤᠭᠡᠷ ᠰᠠᠷ᠎ᠠ ᠢᠢᠨ 29- ᠍ ᠦ ᠡᠳᠦᠷ᠂ ᠲᠣᠺᠢᠣ᠋ ᠬᠣᠲᠠ

ᠮᠣᠩ᠋ᠭᠣᠯ ᠤᠯᠤᠰ᠂ ᠶᠠᠫᠣᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ 2022 ᠣᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠠᠫᠣᠨ ᠤᠯᠤᠰ ᠤᠨ ᠵᠠᠰᠠᠭ ᠤᠨ ᠭᠠᠵᠠᠷ ᠤᠨ ᠤᠷᠢᠯᠭ᠎ᠠ ᠪᠠᠷ ᠲᠥᠷᠥ ᠢᠢᠨ ᠠᠢᠢᠯᠴᠢᠯᠠᠯ ᠬᠢᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠂ ᠶᠠᠫᠣᠨ ᠤᠯᠤᠰ ᠤᠨ ᠶᠡᠷᠦᠩᠬᠡᠢ ᠰᠠᠢᠢᠳ ᠹ᠂ ᠺᠢᠱᠢᠳᠠ ᠨᠠᠷ 11 ᠳ᠋ᠤᠭᠡᠷ ᠰᠠᠷ᠎ᠠ ᠢᠢᠨ 29 -᠍ ᠦ ᠡᠳᠦᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠡᠯᠡᠯᠴᠡᠭᠡᠨ ᠦ ᠳ᠋ᠦᠩ᠋  ᠢᠢᠡᠷ ᠡᠨᠡᠬᠦ ᠬᠠᠮᠲᠤᠷᠠᠭᠰᠠᠨ ᠮᠡᠳᠡᠭᠳᠡᠯ ᠢ ᠭᠠᠷᠭᠠᠪᠠ᠃ ᠬᠣᠶᠠᠷ ᠤᠯᠤᠰ ᠤᠨ ᠲᠥᠷᠥ᠂ ᠵᠠᠰᠠᠭ ᠤᠨ ᠲᠡᠷᠢᠭᠦᠨ ᠨᠠᠷ ᠮᠣᠩ᠋ᠭᠣᠯ ᠤᠯᠤᠰ᠂ ᠶᠠᠫᠣᠨ ᠤᠯᠤᠰ ᠬᠣᠭᠣᠷᠣᠨᠳᠣ ᠢᠢᠨ ᠬᠠᠷᠢᠯᠴᠠᠭ᠎ᠠ ᠢᠢ ᠴᠢᠨᠠᠭᠰᠢᠳᠠ ᠤᠯᠠᠮ ᠪᠡᠬᠢᠵᠢᠭᠦᠯᠬᠦ ᠢᠢᠨ ᠵᠡᠷᠭᠡᠴᠡᠭᠡ ᠴᠢᠠᠠᠠᠰᠢᠳᠠ ᠢᠢᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠪᠥᠰᠡ ᠨᠤᠲᠤᠭ᠂ ᠣᠯᠠᠨ ᠤᠯᠤᠰ ᠤᠨ ᠲᠠᠪᠴᠠᠩ ᠳᠤ ᠬᠣᠶᠠᠷ ᠤᠯᠤᠰ ᠲᠤᠰ ᠲᠤᠰ ᠲᠤ ᠪᠠᠨ 《ᠴᠢᠯᠦᠭᠡᠲᠦ᠂ ᠨᠡᠭᠡᠭᠡᠯᠲᠡ ᠲᠡᠢ᠂ ᠡᠨᠡᠳᠬᠡᠭ᠌᠂ ᠨᠣᠮᠣᠬᠠᠨ ᠳᠠᠯᠠᠢ》 ᠍ ᠦᠨ ᠦᠵᠡᠯ ᠰᠠᠨᠠᠭᠠᠨ ᠤ ᠬᠦᠷᠢᠶᠡᠨ ᠳᠥ ᠳᠡᠯᠡᠬᠡᠢ ᠨᠡᠢᠢᠲᠡ ᠢᠢ ᠬᠠᠮᠤᠷᠤᠭᠰᠠᠨ ᠨᠡᠢᠢᠲᠡᠯᠢᠭ ᠠᠰᠠᠭᠤᠳᠠᠯ ᠢ ᠰᠢᠢᠳᠪᠦᠷᠢᠯᠡᠬᠦ ᠳᠥ ᠴᠢᠭᠯᠡᠭᠰᠡᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢ ᠵᠣᠷᠢᠯᠭ᠎ᠠ ᠪᠣᠯᠭᠠᠨ 《ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》᠍ ᠢ ᠪᠠᠢᠢᠭᠤᠯᠬᠤ ᠪᠠᠷ ᠰᠠᠨᠠᠯ ᠨᠢᠭᠡᠳᠪᠡ᠃

ᠥᠨᠥ ᠢᠢ ᠬᠦᠷᠲᠡᠯᠡᠬᠢ ᠬᠣᠶᠠᠷ ᠤᠯᠤᠰ ᠤᠨ ᠬᠠᠷᠢᠯᠴᠠᠭᠠᠨ ᠤ ᠣᠯᠤᠯᠲᠠ᠂ ᠠᠮᠵᠢᠯᠲᠠ

ᠬᠣᠶᠠᠷ ᠤᠯᠤᠰ ᠤᠨ ᠲᠥᠷᠥ᠂ ᠵᠠᠰᠠᠭ ᠤᠨ ᠲᠡᠷᠢᠭᠦᠨ ᠨᠠᠷ (ᠴᠢᠨᠠᠭᠰᠢᠳᠠ 《ᠲᠠᠯ᠎ᠠ ᠨᠤᠭᠤᠳ》 ᠭᠡᠬᠦ) ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ 50 ᠵᠢᠯ ᠦᠨ ᠬᠠᠮᠲᠤ ᠢᠢᠨ ᠠᠵᠢᠯᠯᠠᠭ᠎ᠠ ᠢᠢ ᠳ᠋ᠦᠩᠨᠡᠵᠦ᠂ ᠮᠣᠩ᠋ᠭᠣᠯ ᠤᠯᠤᠰ 1990 ᠣᠨ ᠳᠤ ᠠᠷᠠᠳᠴᠢᠯᠠᠯ᠂ ᠵᠠᠬ᠎ᠠ ᠵᠡᠭᠡᠯᠢ ᠢᠢᠨ ᠴᠢᠯᠦᠭᠡᠲᠦ ᠡᠳ᠋ ᠍ ᠦᠨ ᠵᠠᠰᠠᠭ ᠲᠤ ᠰᠢᠯᠵᠢᠬᠦ ᠦᠶ᠎ᠡ ᠳᠥ ᠶᠠᠫᠣᠨ ᠤᠯᠤᠰ ᠳᠡᠯᠡᠬᠡᠢ ᠢᠢᠨ ᠤᠯᠤᠰ ᠣᠷᠣᠨ ᠢ ᠲᠦᠭᠦᠴᠢᠭᠡᠯᠡᠨ ᠳᠡᠮᠵᠢᠯᠭᠡ ᠲᠤᠰᠠᠯᠠᠯᠴᠠᠭ᠎ᠠ ᠦᠵᠡᠭᠦᠯᠦᠭᠰᠡᠨ ᠦ ᠳ᠋ᠦᠩ ᠳᠥ ᠬᠣᠶᠠᠷ ᠤᠯᠤᠰ ᠤᠨ ᠬᠠᠷᠢᠯᠴᠠᠭ᠎ᠠ ᠦᠰᠦᠷᠦᠩ᠋ᠭᠦᠢ ᠬᠥᠭ᠍ᠵᠢᠵᠦ᠂ ᠥᠨᠥ ᠴᠠᠭ ᠲᠤ ᠡᠷᠬᠡ ᠴᠢᠯᠦᠭᠡ᠂ ᠠᠷᠠᠳᠴᠢᠯᠠᠯ᠂ ᠬᠦᠮᠦᠨ ᠦ ᠡᠷᠬᠡ᠂ ᠬᠠᠤᠯᠢ ᠢᠢᠨ ᠵᠠᠰᠠᠭᠯᠠᠯ ᠵᠡᠷᠭᠡ ᠨᠡᠢᠢᠲᠡᠯᠢᠭ ᠦᠨᠡᠲᠦ ᠵᠦᠢᠯᠡᠰ ᠪᠦᠬᠦᠢ 《ᠰᠲ᠋ᠷᠠᠲ᠋ᠧᠭᠢ ᠢᠢᠨ ᠲᠦᠩᠰᠢ》 ᠪᠣᠯᠤᠭᠰᠠᠨ ᠢ ᠳᠠᠬᠢᠨ ᠨᠣᠲᠠᠯᠠᠵᠤ᠂ ᠡᠭᠦᠨ ᠢ ᠥᠨᠳᠥᠷ ᠢᠶᠡᠷ ᠦᠨᠡᠯᠡᠪᠡ᠃

ᠲᠠᠯ ᠤᠳ ᠬᠣᠶᠠᠷ ᠤᠯᠤᠰ ᠤᠨ ᠳᠠᠷᠠᠭᠠᠬᠢ ᠬᠠᠮᠲᠤ ᠢᠢᠨ ᠠᠵᠢᠯᠯᠠᠭ᠎ᠠ ᠢᠢ ᠥᠨᠥ ᠢᠢ ᠬᠦᠷᠲᠡᠯᠡᠬᠢ ᠬᠤᠭᠤᠴᠠᠭᠠᠨ ᠳᠤ᠂ ᠲᠡᠷᠡ ᠳᠤᠮᠳᠠ ᠪᠠᠨ 1996 ᠣᠨ ᠳᠤ 《ᠢᠵᠢ ᠪᠦᠷᠢᠨ ᠲᠦᠩᠰᠢᠯᠡᠯ》᠂ 2010 ᠣᠨ ᠳᠤ 《ᠰᠲ᠋ᠷᠠᠲ᠋ᠧᠭᠢ ᠢᠢᠨ ᠲᠦᠩᠰᠢᠯᠡᠯ》 ᠢ ᠪᠠᠢᠢᠭᠤᠯᠤᠭᠰᠠᠨ ᠠᠴᠠ ᠬᠣᠢᠢᠰᠢ ᠳᠣᠣᠷ᠎ᠠ ᠳᠤᠷᠠᠳᠤᠭᠰᠠᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠣᠯᠤᠯᠲᠠ ᠠᠮᠵᠢᠯᠲᠠ᠂ ᠲᠤᠷᠰᠢᠯᠭ᠎ᠠ ᠬᠤᠷᠠᠮᠲᠤᠯᠠᠭᠤᠯᠬᠤ ᠢᠢᠨ ᠰᠠᠴᠠᠭᠤ ᠬᠣᠶᠠᠷ ᠤᠯᠤᠰ ᠤᠨ ᠠᠷᠠᠳ ᠢᠷᠭᠡᠳ ᠦᠨ ᠨᠠᠢᠢᠷᠰᠠᠭ ᠬᠠᠷᠢᠯᠴᠠᠭ᠎ᠠ ᠢᠢ ᠪᠡᠬᠢᠵᠢᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠪᠣᠯᠤᠭᠰᠠᠨ ᠢ ᠣᠨᠴᠠᠯᠠᠵᠤ᠂ ᠲᠠᠯᠠᠷᠬᠠᠨ ᠬᠦᠯᠢᠶᠡᠨ ᠠᠪᠤᠪᠠ᠃ ᠡᠭᠦᠨ ᠳᠥ᠄

ᠤᠯᠤᠰ ᠲᠥᠷᠥ᠂ ᠠᠶᠤᠯ ᠦᠭᠡᠢ ᠪᠠᠢᠢᠳᠠᠯ ᠤᠨ ᠰᠠᠯᠪᠤᠷᠢ ᠲᠤ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠢᠢᠯᠴᠢᠯᠠᠯ᠂ ᠵᠠᠰᠠᠭ ᠤᠨ ᠭᠠᠵᠠᠷ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠭᠦᠨᠵᠡᠭᠡᠢᠢᠷᠡᠵᠦ᠂ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠨ ᠢᠳᠡᠪᠬᠢᠲᠡᠢ ᠥᠷᠨᠢᠵᠦ ᠢᠷᠡᠭᠰᠡᠨ᠃
ᠶᠠᠫᠣᠨ ᠤᠯᠤᠰ ᠨᠢ ᠮᠣᠩ᠋ᠭᠣᠯ ᠤᠯᠤᠰ ᠠᠷᠠᠳᠴᠢᠯᠠᠯ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠲᠤ ᠰᠢᠯᠵᠢᠭᠰᠡᠨ ᠡᠴᠡ ᠬᠣᠢᠢᠰᠢ ᠡᠳ᠋ ᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢᠨ ᠰᠠᠯᠪᠤᠷᠢ ᠳ᠋ᠠᠬᠢ ᠦᠢᠯᠡ ᠠᠵᠢᠯᠯᠠᠭ᠎ᠠ ᠢᠢ ᠲᠤᠭᠤᠰᠢᠲᠠᠢ ᠳᠡᠮᠵᠢᠵᠦ ᠢᠷᠡᠭᠰᠡᠨ ᠲᠡᠷᠢᠭᠦᠨ ᠦ ᠬᠠᠨᠳᠢᠪᠯᠠᠭᠴᠢ ᠤᠯᠤᠰ ᠶᠤᠮ᠃ ᠲᠡᠭᠦᠨᠴᠢᠯᠡᠨ᠂ ᠮᠣᠩ᠋ᠭᠣᠯ ᠤᠯᠤᠰ ᠨᠢ ᠶᠠᠫᠣᠨ ᠤᠯᠤᠰ ᠲᠠᠢ ᠡᠳ᠋ ᠍ ᠦᠨ ᠵᠠᠰᠠᠭ ᠤᠨ ᠲᠦᠩᠰᠢᠯᠡᠯ ᠦᠨ ᠬᠡᠯᠡᠯᠴᠡᠭᠡᠷ ᠢ ᠠᠩᠬ᠎ᠠ ᠤᠳᠤᠭ᠎ᠠ ᠪᠠᠨ ᠪᠠᠢᠢᠭᠤᠯᠤᠭᠰᠠᠨ ᠪᠥᠭᠡᠳ ᠶᠠᠫᠣᠨ ᠤᠯᠤᠰ ᠠᠴᠠ ᠮᠣᠩ᠋ᠭᠣᠯ ᠤᠯᠤᠰ ᠲᠤ ᠬᠠᠷᠢᠯᠴᠠᠭ᠎ᠠ᠂ ᠬᠣᠯᠪᠣᠭ᠎ᠠ ᠪᠣᠯᠤᠨ ᠲᠡᠭᠡᠭᠡᠪᠦᠷᠢ᠂ ᠯᠣᠭᠢᠰᠲ᠋ᠢᠭ ᠤᠨ ᠰᠠᠯᠪᠤᠷᠢ ᠲᠤ ᠲᠣᠮᠣᠬᠠᠨ ᠬᠡᠮᠵᠢᠶᠡᠨ ᠦ ᠬᠥᠷᠥᠩ᠋ᠭᠡ ᠣᠷᠣᠭᠤᠯᠤᠯᠲᠠ ᠬᠢᠬᠦ ᠵᠡᠷᠭᠡ ᠪᠡᠷ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠨᠢᠬᠲᠠ ᠬᠥᠭ᠍ᠵᠢᠭᠦᠯᠵᠦ ᠢᠷᠡᠭᠰᠡᠨ᠃
ᠪᠣᠯᠪᠠᠰᠤᠷᠠᠯ᠂ ᠰᠤᠶᠤᠯ᠂ ᠬᠦᠮᠦᠨᠯᠢᠭ᠂ ᠢᠷᠭᠡᠳ ᠬᠣᠭᠣᠷᠣᠨᠳᠣ ᠢᠢᠨ ᠬᠠᠷᠢᠯᠴᠠᠭ᠎ᠠ᠂ 《ᠡᠪᠡᠰᠦᠨ ᠦ ᠦᠨᠳᠦᠰᠦ》 ᠬᠥᠲᠥᠯᠪᠦᠷᠢ ᠢᠢᠨ ᠬᠦᠷᠢᠶᠡᠨ ᠳᠥ ᠨᠠᠢᠢᠷᠰᠠᠭ ᠰᠣᠯᠢᠯᠴᠠᠭ᠎ᠠ᠂ ᠬᠠᠷᠢᠯᠴᠠᠨ ᠣᠢᠢᠯᠠᠭᠠᠯᠴᠠᠯ ᠭᠦᠨᠵᠡᠭᠡᠢᠢᠷᠡᠵᠦ᠂ ᠪᠦᠬᠦᠢ ᠯᠠ ᠰᠠᠯᠪᠤᠷᠢ ᠳ᠋ᠠᠬᠢ ᠬᠦᠮᠦᠨ ᠦ ᠨᠥᠭᠡᠴᠡ ᠢᠢ ᠳᠡᠮᠵᠢᠬᠦ ᠬᠠᠮᠲᠤ ᠢᠢᠨ ᠠᠵᠢᠯᠯᠠᠭ᠎ᠠ ᠢᠢ ᠦᠷᠭᠦᠯᠵᠢᠯᠡᠭᠦᠯᠦᠨ ᠬᠡᠷᠡᠭᠵᠢᠭᠦᠯᠵᠦ ᠪᠠᠢᠢᠨ᠎ᠠ᠃
ᠪᠥᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠣᠶᠠᠷ ᠲᠠᠯ᠎ᠠ ᠢᠢᠨ ᠨᠢᠬᠲᠠ ᠬᠠᠮᠲᠤ ᠢᠢᠨ ᠠᠵᠢᠯᠯᠠᠭ᠎ᠠ ᠨᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠶᠤᠯ ᠦᠭᠡᠢ ᠢᠢᠨ ᠵᠥᠪᠯᠡᠯ ᠦᠨ ᠰᠢᠨᠡᠴᠢᠯᠡᠯ ᠦᠨ ᠦᠢᠯᠡ ᠶᠠᠪᠤᠴᠠ ᠳᠤ ᠢᠯᠡᠷᠡᠯ ᠢᠶᠡᠨ ᠣᠯᠵᠤ᠂ ᠪᠣᠳᠠᠲᠤ ᠲᠦᠪᠰᠢᠨ ᠳᠥ ᠬᠥᠭ᠍ᠵᠢᠵᠦ ᠪᠠᠢᠢᠨ᠎ᠠ᠃
ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠠᠷᠠᠳ ᠢᠷᠭᠡᠳ 2011 ᠣᠨ ᠳᠤ ᠶᠠᠫᠣᠨ ᠤᠯᠤᠰ ᠤᠨ ᠵᠡᠭᠦᠨ ᠪᠥᠰᠡ ᠨᠤᠲᠤᠭ ᠪᠠᠢᠢᠭᠠᠯᠢ  ᠢᠢᠨ ᠭᠠᠮᠰᠢᠭ ᠲᠤ ᠨᠡᠷᠪᠡᠭᠳᠡᠬᠦ ᠦᠶ᠎ᠡ ᠳᠥ ᠨᠡᠩ ᠳᠠᠷᠤᠢ ᠲᠤᠰᠠᠯᠠᠮᠵᠢ ᠢᠢᠨ ᠭᠠᠷ ᠢᠶᠠᠨ ᠰᠤᠩ᠋ᠭᠠᠭᠰᠠᠨ ᠵᠡᠷᠭᠡ ᠪᠡᠷ ᠬᠠᠷᠢᠯᠴᠠᠨ ᠬᠦᠮᠦᠨᠯᠢᠭ ᠦᠨ ᠲᠤᠰᠠᠯᠠᠯᠴᠠᠭ᠎ᠠ ᠦᠵᠡᠭᠦᠯᠵᠦ ᠢᠷᠡᠭᠰᠡᠨ᠃

ᠮᠣᠩ᠋ᠭᠣᠯ᠂ ᠶᠠᠫᠣᠨ ᠤ ᠬᠠᠷᠢᠯᠴᠠᠭᠠᠨ ᠤ ᠬᠡᠲᠦ ᠢᠢᠨ ᠲᠥᠯᠥᠪ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ ᠤᠯᠤᠰ ᠤᠨ ᠣᠢᠢᠷ᠎ᠠ ᠳᠣᠲᠣᠨᠣ 《ᠭᠤᠷᠪᠠᠳᠠᠭᠴᠢ ᠬᠥᠷᠰᠢ》 ᠪᠣᠯᠬᠤ ᠶᠠᠫᠣᠨ ᠤᠯᠤᠰ ᠤᠨ ᠵᠦᠭ ᠡᠴᠡ ᠲᠤᠰ ᠤᠯᠤᠰ ᠤᠨ ᠬᠥᠭ᠍ᠵᠢᠯ᠂ ᠴᠡᠴᠡᠭᠯᠡᠯᠲᠡ ᠳᠥ ᠬᠤᠪᠢ ᠨᠡᠮᠡᠷᠢ ᠣᠷᠣᠭᠤᠯᠵᠤ ᠢᠷᠡᠭᠰᠡᠨ ᠳᠥ ᠲᠠᠯᠠᠷᠬᠠᠯ ᠢᠯᠡᠷᠬᠡᠢᠢᠯᠡᠵᠦ᠂ ᠰᠡᠭᠦᠯ ᠦᠨ 70 ᠭᠠᠷᠤᠢ ᠵᠢᠯ ᠦᠨ ᠬᠤᠭᠤᠴᠠᠭᠠᠨ ᠳᠤ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠳᠤ 《ᠡᠩᠬᠡ ᠲᠠᠢᠢᠪᠤᠩᠴᠢ ᠤᠯᠤᠰ》᠍ ᠤᠨ ᠬᠤᠪᠢ ᠪᠠᠷ ᠶᠠᠫᠣᠨ ᠤᠯᠤᠰ ᠤᠨ ᠣᠷᠣᠭᠤᠯᠤᠭᠰᠠᠨ ᠬᠤᠪᠢ ᠨᠡᠮᠡᠷᠢ ᠢᠢ ᠥᠨᠳᠥᠷ ᠢᠶᠡᠷ ᠦᠨᠡᠯᠡᠪᠡ᠃
ᠡᠭᠦᠨ ᠦ ᠵᠡᠷᠭᠡᠴᠡᠭᠡ ᠲᠠᠯ᠎ᠠ ᠨᠤᠭᠤᠳ ᠪᠥᠰᠡ ᠨᠤᠲᠤᠭ᠂ ᠣᠯᠠᠨ ᠤᠯᠤᠰ ᠤᠨ ᠨᠥᠬᠥᠴᠡᠯ ᠪᠠᠢᠢᠳᠠᠯ ᠶᠡᠬᠡᠬᠡᠨ ᠥᠭᠡᠷᠡᠴᠢᠯᠡᠭᠳᠡᠵᠦ ᠪᠠᠢᠢᠭ᠎ᠠ ᠦᠶ᠎ᠡ ᠳᠥ ᠬᠠᠤᠯᠢ ᠢᠢᠨ ᠵᠠᠰᠠᠭᠯᠠᠯ ᠳᠤ ᠰᠠᠭᠤᠷᠢᠯᠠᠭᠰᠠᠨ ᠴᠢᠯᠦᠭᠡᠲᠦ᠂ ᠨᠡᠭᠡᠭᠡᠯᠲᠡ ᠲᠡᠢ ᠣᠯᠠᠨ ᠤᠯᠤᠰ ᠤᠨ ᠳᠢᠭ᠌ ᠵᠢᠷᠤᠮ ᠢ ᠬᠠᠳᠠᠭᠠᠯᠠᠵᠤ᠂ ᠪᠡᠬᠢᠵᠢᠭᠦᠯᠬᠦ᠂ ᠡᠳ᠋ ᠍ ᠦᠨ ᠵᠠᠰᠠᠭ ᠤᠨ ᠬᠥᠭ᠍ᠵᠢᠯ ᠴᠡᠴᠡᠭᠯᠡᠯᠲᠡ ᠢᠢ ᠪᠤᠢ ᠪᠣᠯᠭᠠᠬᠤ᠂ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠬᠠᠩ᠋ᠭᠠᠬᠤ ᠠᠰᠠᠭᠤᠳᠠᠯ ᠤᠷᠢᠳᠤ ᠡᠮᠦᠨ᠎ᠡ ᠪᠠᠢᠢᠭ᠎ᠠ ᠦᠭᠡᠢ ᠪᠡᠷ ᠴᠢᠬᠤᠯᠠ ᠪᠠᠷ ᠲᠠᠯᠪᠢᠭᠳᠠᠵᠤ ᠪᠤᠢ ᠢᠢ ᠳᠠᠬᠢᠨ ᠨᠣᠲᠠᠯᠠᠪᠠ᠃ ᠮᠥᠨ ᠡᠨᠡ ᠬᠦᠷᠢᠶᠡᠨ ᠳᠥ ᠠᠯᠢᠪᠠ ᠪᠥᠰᠡ ᠨᠤᠲᠤᠭ ᠲᠤ ᠨᠥᠬᠥᠴᠡᠯ ᠪᠠᠢᠢᠳᠠᠯ ᠢ ᠬᠦᠴᠥ ᠪᠡᠷ᠂ ᠨᠢᠭᠡ ᠲᠠᠯ᠎ᠠ ᠢᠢᠨ ᠰᠢᠢᠳᠪᠦᠷᠢ ᠪᠡᠷ ᠥᠭᠡᠷᠡᠴᠢᠯᠡᠬᠦ ᠠᠰᠠᠭᠤᠳᠠᠯ ᠢ ᠦᠯᠦ ᠬᠦᠯᠢᠶᠡᠨ ᠵᠥᠪᠰᠢᠶᠡᠷᠡᠴᠥ᠂ ᠣᠯᠠᠨ ᠤᠯᠤᠰ ᠤᠨ ᠬᠠᠤᠯᠢ᠂ ᠵᠢᠷᠤᠮ ᠳᠤ ᠦᠨᠳᠦᠰᠦᠯᠡᠨ ᠮᠥᠷᠭᠥᠯᠳᠦᠭᠡᠨ ᠢ ᠡᠩᠬᠡ ᠲᠠᠢᠢᠪᠤᠩ ᠤᠨ ᠠᠷᠭ᠎ᠠ ᠪᠠᠷ ᠰᠢᠢᠳᠪᠦᠷᠢᠯᠡᠬᠦ ᠢᠢᠨ ᠴᠢᠬᠤᠯᠠ ᠢᠢ ᠳᠠᠬᠢᠨ ᠨᠣᠲᠠᠯᠠᠪᠠ᠃ ᠡᠳᠡᠭᠡᠷ ᠨᠥᠬᠥᠴᠡᠯ ᠪᠠᠢᠢᠳᠠᠯ ᠤᠨ ᠤᠯᠠᠮ ᠠᠴᠠ ᠪᠥᠰᠡ ᠨᠤᠲᠤᠭ᠂ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢ ᠪᠤᠢ ᠪᠣᠯᠭᠠᠬᠤ ᠢᠢᠨ ᠲᠥᠯᠥᠭᠡ ᠴᠢᠨᠠᠭᠰᠢᠳᠠ ᠬᠠᠮᠲᠤᠷᠠᠨ ᠠᠵᠢᠯᠯᠠᠵᠤ᠂ ᠬᠤᠪᠢ ᠨᠡᠮᠡᠷᠢ ᠤᠷᠤᠭᠤᠯᠬᠤ ᠵᠣᠷᠢᠯᠭ᠎ᠠ ᠪᠠᠷ ᠬᠣᠶᠠᠷ ᠤᠯᠤᠰ ᠤᠨ ᠬᠠᠷᠢᠯᠴᠠᠭ᠎ᠠ ᠢᠢ ᠰᠢᠨ᠎ᠡ ᠲᠦᠪᠰᠢᠨ ᠳᠥ ᠬᠦᠷᠭᠡᠵᠦ᠂ 《ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠍ ᠢ ᠪᠠᠢᠢᠭᠤᠯᠬᠤ ᠪᠠᠷ ᠰᠠᠨᠠᠯ ᠨᠢᠭᠡᠳᠪᠡ᠃
ᠡᠨᠡ ᠬᠦᠷᠢᠶᠡᠨ ᠳᠥ ᠲᠠᠯ᠎ᠠ ᠨᠤᠭᠤᠳ ᠳᠠᠷᠠᠭᠠᠬᠢ ᠴᠢᠭᠯᠡᠯ ᠳᠥ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃ ᠡᠭᠦᠨ ᠳᠥ᠄

ᠤᠯᠤᠰ ᠲᠥᠷᠥ᠂ ᠠᠶᠤᠯ ᠦᠭᠡᠢ ᠪᠠᠢᠢᠳᠠᠯ ᠤᠨ ᠰᠠᠯᠪᠤᠷᠢ

ᠤᠯᠤᠰ ᠲᠥᠷᠥ᠂ ᠠᠶᠤᠯ ᠦᠭᠡᠢ ᠪᠠᠢᠢᠳᠠᠯ ᠤᠨ ᠰᠠᠯᠪᠤᠷᠢ ᠳ᠋ᠠᠬᠢ ᠲᠠᠯ ᠤᠳ ᠤᠨ ᠬᠠᠮᠲᠤ ᠢᠢᠨ ᠠᠵᠢᠯᠯᠠᠭ᠎ᠠ ᠢᠢ ᠳᠡᠭᠡᠳᠦ᠂ ᠥᠨᠳᠥᠷ ᠲᠦᠪᠰᠢᠨ ᠳᠥ ᠬᠠᠳᠠᠭᠠᠯᠠᠬᠤ ᠪᠥᠭᠡᠳ ᠡᠨᠡᠬᠦ ᠬᠠᠮᠲᠤ ᠢᠢᠨ ᠠᠵᠢᠯᠯᠠᠭ᠎ᠠ ᠢᠢ ᠰᠢᠨ᠎ᠡ ᠱᠠᠲᠤᠨ ᠳᠤ ᠬᠦᠷᠭᠡᠬᠦ ᠵᠣᠷᠢᠯᠭ᠎ᠠ ᠪᠠᠷ ᠪᠠᠲᠤᠯᠠᠨ ᠬᠠᠮᠠᠭᠠᠯᠠᠬᠤ ᠢᠢᠨ ᠢᠨᠵᠧᠨᠧᠷ ᠦᠨ ᠲᠣᠨᠣᠭ ᠲᠥᠬᠥᠭᠡᠷᠦᠮᠵᠢ ᠨᠡᠢᠢᠯᠡᠭᠦᠯᠬᠦ ᠪᠣᠯᠤᠨ ᠲᠧᠭᠨᠢᠭ ᠦᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠦᠨ᠎ᠡ᠃

ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ

ᠶᠠᠫᠣᠨ ᠤᠯᠤᠰ ᠤᠨ ᠵᠠᠰᠠᠭ ᠤᠨ ᠭᠠᠵᠠᠷ ᠠᠴᠠ ᠮᠣᠩ᠋ᠭᠣᠯ ᠤᠯᠤᠰ ᠤᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠳ᠋ᠦ ᠱᠠᠭᠠᠷᠳᠠᠯᠭ᠎ᠠ ᠲᠠᠢ ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠴᠤ ᠦᠷᠭᠦᠯᠵᠢᠯᠡᠭᠦᠯᠦᠨ᠎ᠡ᠃ ᠬᠣᠶᠠᠷ ᠤᠯᠤᠰ ᠤᠨ ᠵᠠᠰᠠᠭ ᠤᠨ ᠭᠠᠵᠠᠷ ᠮᠣᠩ᠋ᠭᠣᠯ᠂ ᠶᠠᠫᠣᠨ ᠤ ᠡᠳ᠋ ᠍ ᠦᠨ ᠵᠠᠰᠠᠭ ᠤᠨ ᠲᠦᠩᠰᠢᠯᠡᠯ ᠦᠨ ᠬᠡᠯᠡᠯᠴᠡᠭᠡᠷ᠂ ᠲᠥᠷᠥ᠂ ᠬᠤᠪᠢ ᠢᠢᠨ ᠬᠡᠪᠰᠢᠯ ᠦᠨ ᠬᠠᠮᠲᠤᠷᠠᠭᠰᠠᠨ ᠵᠥᠪᠯᠡᠯᠳᠦᠬᠦ ᠠᠭᠤᠯᠵᠠᠯᠲᠠ ᠵᠡᠷᠭᠡ ᠪᠡᠷ ᠳᠠᠮᠵᠢᠭᠤᠯᠤᠨ ᠤᠶᠠᠨ ᠬᠠᠲᠠᠨ᠂ ᠬᠠᠷᠢᠯᠴᠠᠨ ᠦᠷ᠎ᠡ ᠥᠭ᠍ᠭᠦᠭᠡᠵᠢ ᠲᠡᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠭ᠎ᠠ ᠢᠢ ᠬᠥᠭ᠍ᠵᠢᠭᠦᠯᠵᠦ᠂ ᠤᠯᠠᠮ ᠪᠡᠬᠢᠵᠢᠭᠦᠯᠬᠦ ᠢᠢ ᠵᠣᠷᠢᠵᠤ ᠠᠵᠢᠯᠯᠠᠨ᠎ᠠ᠃

ᠮᠣᠩ᠋ᠭᠣᠯ᠂ ᠶᠠᠫᠣᠨ ᠤ ᠬᠠᠮᠲᠤ ᠢᠢᠨ ᠠᠵᠢᠯᠯᠠᠭᠠᠨ ᠤ ᠰᠢᠨ᠎ᠡ ᠪᠡᠯᠭᠡ ᠲᠡᠮᠳᠡᠭ ᠪᠣᠯᠤᠭᠰᠠᠨ ᠴᠢᠩ᠋ᠭᠢᠰ ᠬᠠᠭᠠᠨ ᠣᠯᠠᠨ ᠤᠯᠤᠰ ᠤᠨ ᠨᠢᠰᠬᠦ ᠣᠩ᠋ᠭᠣᠴᠠᠨ ᠤ ᠪᠠᠭᠤᠳᠠᠯ ᠨᠢ ᠶᠠᠫᠣᠨ ᠵᠡᠷᠭᠡ ᠪᠤᠰᠤᠳ ᠭᠠᠳᠠᠭᠠᠳᠤ ᠤᠯᠤᠰ ᠣᠷᠣᠨ ᠠᠴᠠ ᠬᠥᠷᠥᠩ᠋ᠭᠡ ᠣᠷᠣᠭᠤᠯᠤᠯᠲᠠ ᠲᠠᠲᠠᠬᠤ ᠳᠤ ᠠᠴᠢ ᠬᠣᠯᠪᠣᠭᠳᠠᠯ ᠲᠠᠢ ᠪᠣᠯᠬᠤ ᠢᠢ ᠬᠠᠷᠠᠭᠠᠯᠵᠠᠨ ᠴᠢᠨᠠᠭᠰᠢᠳᠠ ᠲᠤᠰ ᠨᠢᠰᠬᠦ ᠣᠩ᠋ᠭᠣᠴᠠᠨ ᠤ ᠪᠠᠭᠤᠳᠠᠯ ᠤᠨ ᠮᠧᠨᠧᠵᠮᠧᠨᠲ ᠦᠨ ᠬᠡᠪ ᠦᠨ ᠦᠢᠯᠡ ᠠᠵᠢᠯᠯᠠᠭ᠎ᠠ ᠢᠢ ᠬᠠᠩ᠋ᠭᠠᠵᠤ᠂ ᠠᠭᠠᠷ ᠤᠨ ᠲᠡᠭᠡᠭᠡᠪᠦᠷᠢ ᠢᠢᠨ ᠴᠢᠭᠯᠡᠯ ᠢ ᠨᠡᠮᠡᠭᠳᠡᠭᠦᠯᠦᠨ ᠢᠳᠡᠪᠬᠢᠵᠢᠭᠦᠯᠬᠦ ᠵᠡᠷᠭᠡ ᠪᠡᠷ ᠳᠡᠮᠵᠢᠯᠭᠡ ᠦᠵᠡᠭᠦᠯᠦᠨ᠎ᠡ᠃

ᠮᠣᠩ᠋ᠭᠣᠯ ᠤᠯᠤᠰ ᠤᠨ ᠡᠳ᠋ ᠍ ᠦᠨ ᠵᠠᠰᠠᠭ ᠢ ᠲᠥᠷᠦᠯᠵᠢᠭᠦᠯᠦᠨ ᠬᠥᠭ᠍ᠵᠢᠭᠦᠯᠬᠦ᠂ ᠳᠣᠲᠣᠭᠠᠳᠤ ᠢᠢᠨ ᠦᠢᠯᠡᠳᠪᠦᠷᠢᠯᠡᠯ᠂ ᠲᠡᠭᠦᠨ ᠦ ᠳᠣᠲᠣᠷ᠎ᠠ ᠬᠥᠳᠡᠭᠡ ᠠᠵᠤ ᠠᠬᠤᠢ ᠢᠢᠨ ᠦᠢᠯᠡᠳᠪᠦᠷᠢᠯᠡᠯ ᠢ ᠥᠰᠬᠡᠨ ᠨᠡᠮᠡᠭᠳᠡᠭᠦᠯᠬᠦ᠂ ᠬᠦᠨᠡᠰᠦᠨ ᠦ ᠠᠶᠤᠯ ᠦᠭᠡᠢ ᠪᠠᠢᠢᠳᠠᠯ᠂ ᠶᠠᠫᠣᠨ ᠤᠯᠤᠰ ᠠᠴᠠ ᠬᠥᠷᠥᠩ᠋ᠭᠡ ᠣᠷᠣᠭᠤᠯᠤᠯᠲᠠ ᠲᠠᠲᠠᠬᠤ ᠵᠣᠷᠢᠯᠭ᠎ᠠ ᠪᠠᠷ ᠬᠠᠤᠯᠢ ᠡᠷᠬᠡ ᠵᠦᠢ ᠢᠢᠨ ᠪᠣᠯᠤᠨ ᠪᠢᠽᠨ᠋ᠧᠰ ᠦᠨ ᠣᠷᠴᠢᠨ ᠢ ᠰᠠᠢᠢᠵᠢᠷᠠᠭᠤᠯᠬᠤ᠂ ᠡᠷᠦᠳᠡᠰᠦ ᠪᠠᠶᠠᠯᠢᠭ᠂ ᠨᠡᠩ ᠢᠯᠠᠩ᠋ᠭᠤᠶ᠎ᠠ ᠭᠠᠵᠠᠷ ᠤᠨ ᠬᠣᠪᠣᠷ ᠡᠯᠧᠮᠧᠨᠲ ᠦᠨ ᠬᠠᠢᠢᠭᠤᠯ᠂ ᠣᠯᠪᠤᠷᠢᠯᠠᠯᠲᠠ ᠢᠢᠨ ᠰᠠᠯᠪᠤᠷᠢ ᠲᠤ ᠬᠠᠮᠲᠤᠷᠠᠨ ᠠᠵᠢᠯᠯᠠᠬᠤ ᠪᠣᠯᠤᠮᠵᠢ ᠢᠢ ᠰᠤᠳᠤᠯᠬᠤ᠂ ᠡᠷᠴᠢᠮ ᠬᠦᠴᠦᠨ ᠦ ᠰᠠᠯᠪᠤᠷᠢ ᠲᠤ ᠲᠤᠯᠭᠠᠮᠳᠠᠵᠤ ᠪᠤᠢ ᠠᠰᠠᠭᠤᠳᠠᠯ ᠢ ᠰᠢᠢᠳᠪᠦᠷᠢᠯᠡᠬᠦ᠂ ᠬᠣᠲᠠ᠂ ᠬᠥᠳᠡᠭᠡ ᠢᠢᠨ ᠲᠡᠩᠴᠡᠪᠦᠷᠢᠲᠡᠢ ᠬᠥᠭ᠍ᠵᠢᠯ ᠢ ᠪᠤᠢ ᠪᠣᠯᠭᠠᠬᠤ ᠴᠢᠭᠯᠡᠯ ᠢᠶᠡᠷ ᠬᠠᠮᠲᠤᠷᠠᠨ ᠠᠵᠢᠯᠯᠠᠨ᠎ᠠ᠃

ᠬᠦᠮᠥᠨ ᠳᠥ ᠴᠢᠭᠯᠡᠭᠰᠡᠨ ᠬᠥᠷᠥᠩ᠋ᠭᠡ ᠣᠷᠣᠭᠤᠯᠤᠯᠲᠠ

ᠪᠦᠬᠦᠢ ᠯᠠ ᠰᠠᠯᠪᠤᠷᠢ ᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢᠨ ᠦᠨᠳᠦᠰᠦ ᠰᠠᠭᠤᠷᠢ ᠨᠢ 《ᠬᠦᠮᠦᠨ》 ᠬᠡᠮᠡᠨ ᠰᠠᠨᠠᠯ ᠨᠢᠭᠡᠳᠴᠦ᠂ ᠬᠦᠮᠦᠨ ᠦ ᠨᠥᠭᠡᠴᠡ ᠢᠢ ᠬᠥᠭ᠍ᠵᠢᠭᠦᠯᠬᠦ ᠬᠠᠮᠲᠤ ᠢᠢᠨ ᠠᠵᠢᠯᠯᠠᠭ᠎ᠠ ᠢᠢ ᠦᠷᠭᠦᠯᠵᠢᠯᠡᠭᠦᠯᠵᠦ᠂ ᠴᠢᠨᠠᠭᠰᠢᠳᠠ ᠬᠣᠶᠠᠷ ᠣᠷᠣᠨ ᠤ ᠠᠷᠠᠳ ᠲᠦᠮᠡᠨ ᠬᠣᠭᠣᠷᠣᠨᠳᠣ ᠢᠢᠨ ᠰᠣᠯᠢᠯᠴᠠᠭ᠎ᠠ ᠢᠢ ᠳᠡᠮᠵᠢᠨ᠂ ᠬᠠᠷᠢᠯᠴᠠᠨ ᠣᠢᠢᠯᠠᠭᠠᠯᠴᠠᠯ ᠢᠶᠠᠨ ᠦᠷᠭᠦᠯᠵᠢᠯᠡᠭᠦᠯᠦᠨ ᠭᠦᠨᠵᠡᠭᠡᠢᠢᠷᠡᠭᠦᠯᠦᠨ᠎ᠡ᠃ ᠢᠯᠠᠩ᠋ᠭᠤᠶ᠎ᠠ ᠬᠣᠶᠠᠷ ᠤᠯᠤᠰ ᠤᠨ ᠢᠷᠡᠭᠡᠳᠦᠢ ᠬᠣᠢᠢᠴᠢ ᠦᠶ᠎ᠡ ᠢᠢ ᠲᠦᠭᠦᠴᠢᠭᠡᠯᠡᠬᠦ ᠵᠠᠯᠠᠭᠤᠴᠤᠳ ᠤᠨ ᠰᠣᠯᠢᠯᠴᠠᠭ᠎ᠠ ᠢᠢ ᠭᠦᠨᠵᠡᠭᠡᠢᠢᠷᠡᠭᠦᠯᠦᠨ᠎ᠡ᠃

ᠳᠡᠯᠡᠬᠡᠢ ᠨᠡᠢᠢᠲᠡ ᠢᠢ ᠬᠠᠮᠤᠷᠤᠭᠰᠠᠨ ᠨᠡᠢᠢᠲᠡᠯᠢᠭ ᠠᠰᠠᠭᠤᠳᠠᠯ ᠢ ᠰᠢᠢᠳᠪᠦᠷᠢᠯᠡᠬᠦ ᠳᠥ ᠴᠢᠭᠯᠡᠭᠰᠡᠨ ᠬᠠᠮᠲᠤ ᠢᠢᠨ ᠠᠵᠢᠯᠯᠠᠭ᠎ᠠ

ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠳᠦᠷᠢᠮ ᠪᠣᠯᠤᠨ ᠬᠠᠤᠯᠢ ᠢᠢᠨ ᠵᠠᠰᠠᠭᠯᠠᠯ ᠳᠤ ᠰᠠᠭᠤᠷᠢᠯᠠᠭᠰᠠᠨ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠮᠥᠷᠳᠡᠯᠭᠡ ᠪᠣᠯᠭᠠᠨ ᠠᠵᠢᠯᠯᠠᠨ᠎ᠠ᠃ ᠮᠥᠨ ᠣᠯᠠᠨ ᠤᠯᠤᠰ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠤᠨ ᠲᠥᠯᠦᠭᠡᠬᠢ ᠬᠠᠮᠲᠤ ᠢᠢᠨ ᠠᠵᠢᠯᠯᠠᠭ᠎ᠠ ᠢᠢ ᠦᠷᠭᠦᠯᠵᠢᠯᠡᠭᠦᠯᠵᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠠᠶᠤᠯ ᠦᠭᠡᠢ ᠢᠢᠨ ᠵᠥᠪᠯᠡᠯ ᠦᠨ ᠰᠢᠨᠡᠴᠢᠯᠡᠯ ᠪᠣᠯᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠦᠢᠯᠡ ᠠᠵᠢᠯᠯᠠᠭ᠎ᠠ ᠢᠢ ᠪᠡᠬᠢᠵᠢᠭᠦᠯᠬᠦ ᠳᠥ ᠴᠢᠭᠯᠡᠭᠰᠡᠨ ᠬᠠᠮᠲᠤ ᠢᠢᠨ ᠠᠵᠢᠯᠯᠠᠭ᠎ᠠ ᠢᠢ ᠥᠷᠨᠢᠭᠦᠯᠦᠨ᠎ᠡ᠃ ᠡᠨᠡ ᠬᠦᠷᠢᠶᠡᠨ ᠳᠥ ᠡᠩᠬᠡ ᠢᠢ ᠰᠠᠬᠢᠭᠤᠯᠬᠤ ᠠᠵᠢᠯᠯᠠᠭᠠᠨ ᠳ᠋ᠠᠬᠢ ᠮᠣᠩ᠋ᠭᠣᠯ ᠤᠯᠤᠰ ᠤᠨ ᠵᠡᠪᠰᠡᠭᠲᠦ ᠬᠦᠴᠦᠨ ᠢ ᠴᠢᠳᠠᠪᠬᠢᠵᠢᠭᠤᠯᠬᠤ ᠳᠤ ᠴᠢᠭᠯᠡᠭᠰᠡᠨ ᠶᠠᠫᠣᠨ ᠤᠯᠤᠰ ᠤᠨ ᠳᠡᠮᠵᠢᠯᠭᠡ ᠴᠢᠬᠤᠯᠠ ᠠᠴᠢ ᠬᠣᠯᠪᠣᠭᠳᠠᠯ ᠲᠠᠢ ᠢᠢ ᠣᠨᠴᠠᠯᠠᠪᠠ᠃ ᠪᠥᠰᠡ ᠨᠤᠲᠤᠭ ᠪᠣᠯᠤᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠢ ᠬᠠᠩ᠋ᠭᠠᠬᠤ ᠳᠤ ᠡᠨᠡᠬᠦ ᠦᠢᠯᠡ ᠠᠵᠢᠯᠯᠠᠭ᠎ᠠ ᠢᠢ ᠦᠷᠭᠦᠯᠵᠢᠭᠦᠯᠦᠨ ᠬᠡᠷᠡᠭᠵᠢᠭᠦᠯᠬᠦ ᠪᠡᠷ ᠲᠣᠭᠲᠠᠪᠠ᠃ ᠮᠥᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠮᠦᠨ᠎ᠡ ᠲᠤᠯᠭᠠᠷᠴᠤ ᠪᠤᠢ ᠡᠳ᠋ ᠍ ᠦᠨ ᠵᠠᠰᠠᠭ ᠤᠨ ᠰᠢᠨ᠎ᠡ ᠰᠣᠷᠢᠯᠲᠠ ᠢᠢ ᠳᠠᠪᠠᠨ ᠲᠤᠭᠤᠯᠬᠤ ᠢᠢᠨ ᠲᠤᠯᠠᠳᠠ ᠡᠳ᠋ ᠍ ᠦᠨ ᠵᠠᠰᠠᠭ ᠤᠨ ᠠᠶᠤᠯ ᠦᠭᠡᠢ ᠪᠠᠢᠢᠳᠠᠯ ᠤᠨ ᠰᠠᠯᠪᠤᠷᠢ ᠳ᠋ᠠᠬᠢ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠦᠨ᠎ᠡ᠃

ᠬᠦᠮᠦᠨ ᠦ ᠡᠷᠬᠡ ᠢᠢ ᠬᠠᠮᠠᠭᠠᠯᠠᠬᠤ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠪᠣᠯᠤᠨ ᠳᠡᠯᠡᠬᠡᠢ ᠳ᠋ᠠᠬᠢᠨ ᠳ᠋ᠠᠬᠢ ᠬᠦᠮᠦᠨ ᠦ ᠡᠷᠬᠡ ᠢᠢ ᠬᠠᠮᠠᠭᠠᠯᠠᠬᠤ ᠴᠢᠭᠯᠡᠯ ᠢᠶᠡᠷ ᠶᠠᠪᠤᠭᠤᠯᠵᠤ ᠪᠤᠢ ᠦᠢᠯᠡ ᠠᠵᠢᠯᠯᠠᠭ᠎ᠠ ᠢᠢ ᠳᠡᠮᠵᠢᠵᠦ ᠠᠵᠢᠯᠯᠠᠨ᠎ᠠ᠃
ᠲᠠᠯ ᠤᠳ ᠳᠡᠯᠡᠬᠡᠢ ᠢᠢᠨ ᠲᠤᠯᠭᠠᠮᠳᠠᠭᠰᠠᠨ ᠠᠰᠠᠭᠤᠳᠠᠯ ᠪᠣᠯᠬᠤ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠶᠠᠷ ᠴᠢᠨᠠᠭᠰᠢᠳᠠ ᠬᠠᠮᠲᠤ ᠢᠢᠨ ᠠᠵᠢᠯᠯᠠᠭ᠎ᠠ ᠢᠢ ᠪᠠᠨ ᠡᠷᠴᠢᠮᠵᠢᠭᠦᠯᠦᠨ᠎ᠡ᠃ ᠡᠨᠡ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠦᠭ ᠡᠴᠡ ᠳᠡᠪᠰᠢᠭᠦᠯᠵᠦ ᠪᠤᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠶᠠᠫᠣᠨ ᠤᠯᠤᠰ ᠤᠨ ᠵᠠᠰᠠᠭ ᠤᠨ ᠭᠠᠵᠠᠷ ᠠᠴᠠ ᠮᠣᠩ᠋ᠭᠣᠯ ᠤᠯᠤᠰ ᠲᠤ ᠣᠢᠢᠵᠢᠭᠤᠯᠬᠤ ᠲᠥᠰᠥᠯ ᠪᠣᠯᠤᠨ 20 ᠮᠢᠩ᠋ᠭᠠᠨ ᠮᠣᠩ᠋ᠭᠣᠯ ᠬᠡᠦᠬᠡᠳ᠂ ᠵᠠᠯᠠᠭᠤᠰ ᠲᠠᠢ ᠮᠣᠳᠣ ᠲᠠᠷᠢᠬᠤ ᠦᠢᠯᠡ ᠠᠵᠢᠯᠯᠠᠭ᠎ᠠ ᠵᠣᠬᠢᠶᠠᠨ ᠪᠠᠢᠢᠭᠤᠯᠬᠤ ᠵᠡᠷᠭᠡ ᠪᠡᠷ ᠪᠠᠢᠢᠭᠠᠯᠢ ᠣᠷᠴᠢᠨ᠂ ᠪᠠᠢᠢᠭᠠᠯᠢ ᠢᠢᠨ ᠭᠠᠮᠰᠢᠭ ᠠᠴᠠ ᠤᠷᠢᠳᠴᠢᠯᠠᠨ ᠰᠡᠷᠭᠡᠢᠢᠯᠡᠬᠦ ᠴᠢᠭᠯᠡᠯ  ᠢᠢᠡᠷᠬᠢ ᠲᠠᠨᠢᠨ ᠮᠡᠳᠡᠬᠦᠢ᠂ ᠰᠤᠷᠭᠠᠯᠲᠠ ᠢᠢᠨ ᠦᠢᠯᠡ ᠠᠵᠢᠯᠯᠠᠭ᠎ᠠ ᠢᠢ ᠬᠡᠷᠡᠭᠵᠢᠭᠦᠯᠵᠦ᠂ ᠲᠤᠭᠤᠰᠢᠲᠠᠢ ᠳᠡᠮᠵᠢᠯᠭᠡ ᠦᠵᠡᠭᠦᠯᠦᠨ᠎ᠡ᠃ ᠮᠣᠩ᠋ᠭᠣᠯ ᠤᠯᠤᠰ ᠤᠨ ᠵᠠᠰᠠᠭ ᠤᠨ ᠭᠠᠵᠠᠷ ᠡᠳᠡᠭᠡᠷ ᠲᠥᠰᠥᠯ ᠢ ᠰᠢᠭᠤᠷᠬᠠᠢ᠂ ᠦᠷ᠎ᠡ ᠳ᠋ᠦᠩ ᠲᠡᠢ ᠬᠡᠷᠡᠭᠵᠢᠭᠦᠯᠬᠦ ᠳᠥ ᠪᠦᠬᠦ ᠲᠠᠯ᠎ᠠ ᠪᠠᠷ ᠬᠠᠮᠲᠤᠷᠠᠨ ᠠᠵᠢᠯᠯᠠᠨ᠎ᠠ᠃

ᠲᠠᠯ ᠤᠳ ᠳᠡᠭᠡᠷᠡᠬᠥ ᠴᠢᠭᠯᠡᠯ ᠳᠥ ᠦᠨᠳᠦᠰᠦᠯᠡᠨ ᠮᠣᠩ᠋ᠭᠣᠯ ᠤᠯᠤᠰ᠂ ᠶᠠᠫᠣᠨ ᠤᠯᠤᠰ ᠤᠨ ᠬᠣᠭᠣᠷᠣᠨᠳᠣ ᠢᠷᠡᠬᠦ 10 ᠵᠢᠯ ᠳᠥ ᠬᠡᠷᠡᠭᠵᠢᠭᠦᠯᠬᠦ ᠦᠢᠯᠡ ᠠᠵᠢᠯᠯᠠᠭᠠᠨ ᠤ ᠬᠥᠲᠥᠯᠪᠦᠷᠢ ᠢᠢ ᠪᠠᠢᠢᠭᠤᠯᠪᠠ᠃ ᠲᠠᠯ ᠤᠳ ᠢᠷᠡᠬᠦ 50 ᠵᠢᠯ ᠳᠥ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠤᠯᠠᠮ ᠡᠷᠴᠢᠮᠵᠢᠭᠦᠯᠵᠦ᠂ ᠮᠣᠩ᠋ᠭᠣᠯ᠂ ᠶᠠᠫᠣᠨ ᠤ ᠠᠷᠠᠳ ᠢᠷᠭᠡᠳ ᠪᠡᠶ᠎ᠡ ᠪᠡᠶᠡᠡ  ᠢᠢᠡᠨ ᠤᠯᠠᠮ ᠰᠠᠢᠢᠨ ᠲᠠᠨᠢᠨ ᠮᠡᠳᠡᠵᠦ᠂ ᠬᠠᠷᠢᠯᠴᠠᠨ ᠢᠲᠡᠭᠡᠯᠴᠡᠯ ᠢ ᠭᠦᠨᠵᠡᠭᠡᠢᠢᠷᠡᠭᠦᠯᠵᠦ᠂ ᠬᠣᠶᠠᠷ ᠤᠯᠤᠰ ᠤᠨ ᠬᠥᠭ᠍ᠵᠢᠯ ᠴᠡᠴᠡᠭᠯᠡᠯ ᠪᠣᠯᠤᠨ ᠪᠥᠰᠡ ᠨᠤᠲᠤᠭ᠂ ᠳᠠᠶᠠᠩ ᠳᠡᠯᠡᠬᠡᠢ ᠢᠢᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠤᠨ ᠲᠥᠯᠥᠭᠡ ᠬᠠᠮᠲᠤ ᠳᠤ ᠪᠠᠨ ᠬᠦᠴᠦᠨ ᠴᠢᠷᠮᠠᠢᠢᠯᠲᠠ ᠭᠠᠷᠭᠠᠵᠤ᠂ ᠬᠣᠶᠠᠷ ᠤᠯᠤᠰ ᠤᠨ ᠰᠢᠨ᠎ᠡ ᠲᠡᠦᠬᠡ ᠢᠢ ᠪᠦᠲᠦᠭᠡᠯᠴᠡᠬᠦ ᠢᠢᠨ ᠲᠥᠯᠥᠭᠡ ᠠᠵᠢᠯᠯᠠᠬᠤ ᠬᠦᠰᠡᠯ ᠡᠷᠡᠮᠡᠯᠵᠡᠯ ᠢᠶᠡᠨ ᠨᠣᠲᠠᠯᠠᠵᠤ᠂ ᠭᠠᠷ ᠤᠨ ᠦᠰᠦᠭ ᠵᠢᠷᠤᠪᠠ᠃