Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠠᠮᠲᠤᠷᠠᠭᠰᠠᠨ ᠮᠡᠳᠡᠭᠳᠡᠯ ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠬᠢᠵᠦ ᠪᠠᠢᠢᠭ᠎ᠠ ᠲᠥᠷᠥ ᠢᠢᠨ ᠠᠢᠢᠯᠴᠢᠯᠠᠯ ᠤᠨ ᠬᠦᠷᠢᠶᠡᠨ ᠳᠥ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠰᠢᠨ᠎ᠡ ᠡᠷᠢᠨ ᠦᠶ᠎ᠡ ᠳᠥ ᠤᠷᠤᠭᠰᠢᠯᠠᠭᠤᠯᠤᠨ ᠬᠥᠭ᠍ᠵᠢᠭᠦᠯᠬᠦ ᠲᠤᠬᠠᠢ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠠᠮᠲᠤᠷᠠᠭᠰᠠᠨ ᠮᠡᠳᠡᠭᠳᠡᠯ ᠭᠠᠷᠭᠠᠪᠠ᠃

ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠰᠢᠨ᠎ᠡ ᠡᠷᠢᠨ ᠦᠶ᠎ᠡ ᠳᠥ ᠤᠷᠤᠭᠰᠢᠯᠠᠭᠤᠯᠤᠨ ᠬᠥᠭ᠍ᠵᠢᠭᠦᠯᠬᠦ ᠲᠤᠬᠠᠢ
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠠᠮᠲᠤᠷᠠᠭᠰᠠᠨ ᠮᠡᠳᠡᠭᠳᠡᠯ

(2022 ᠣᠨ ᠤ 11 ᠳ᠋ᠤᠭᠡᠷ ᠰᠠᠷ᠎ᠠ ᠢᠢᠨ 28-᠍ ᠤ ᠡᠳᠦᠷ᠂ ᠪᠡᠭᠡᠵᠢᠩ)

ᠨᠢᠭᠡ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠢᠨ ᠦ ᠤᠷᠢᠯᠭ᠎ᠠ ᠪᠠᠷ 2022 ᠣᠨ ᠤ 11 ᠳ᠋ᠤᠭᠡᠷ ᠰᠠᠷ᠎ᠠ ᠢᠢᠨ 27-28- ᠍ ᠤ ᠡᠳᠦᠷ ᠦᠳ ᠲᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠲᠥᠷᠥ ᠢᠢᠨ ᠠᠢᠢᠯᠴᠢᠯᠠᠯ ᠬᠢᠪᠡ᠃

ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠢᠨ ᠲᠡᠢ ᠨᠠᠢᠢᠷᠰᠠᠭ᠂ ᠳᠣᠲᠣᠨᠣ ᠠᠭᠤᠷ ᠠᠮᠢᠰᠬᠤᠯ ᠳᠤ ᠠᠯᠪᠠᠨ ᠶᠣᠰᠣᠨ ᠤ ᠬᠡᠯᠡᠯᠴᠡᠭᠡ ᠬᠢᠵᠦ᠂ ᠮᠣᠩ᠋ᠭᠣᠯ᠂ ᠬᠢᠲᠠᠳ ᠤᠨ ᠬᠠᠷᠢᠯᠴᠠᠭ᠎ᠠ ᠪᠣᠯᠤᠨ ᠣᠯᠠᠨ ᠤᠯᠤᠰ᠂ ᠪᠥᠰᠡ ᠨᠤᠲᠤᠭ ᠤᠨ ᠬᠠᠷᠢᠯᠴᠠᠭᠠᠨ ᠤ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠳᠡᠯᠭᠡᠷᠡᠩ᠋ᠭᠦᠢ ᠰᠠᠨᠠᠯ ᠰᠣᠯᠢᠯᠴᠠᠵᠤ᠂ ᠥᠷᠭᠡᠨ ᠬᠦᠷᠢᠢ᠎ᠡ ᠲᠡᠢ ᠲᠣᠬᠢᠷᠠᠯᠴᠠᠭᠠᠨ ᠳᠤ ᠬᠦᠷᠪᠡ᠃ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠥ ᠢᠢᠨ ᠵᠥᠪᠯᠡᠯ ᠦᠨ ᠶᠡᠷᠦᠩᠬᠡᠢ ᠰᠠᠢᠢᠳ ᠯᠢ‍ ᠺᠥᠴᠢᠶᠠᠨ᠂ ᠪᠦᠬᠦ ᠬᠢᠲᠠᠳ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠢᠢᠩ᠋ᠭᠤ ᠢᠢᠨ ᠬᠣᠷᠢᠶᠠᠨ ᠤ ᠳᠠᠷᠤᠭ᠎ᠠ ᠯᠢ‍ ᠵᠠᠨᠢᠱᠤ‍ ᠨᠠᠷ ᠶᠡᠷᠦᠩᠬᠡᠢᠢᠯᠡᠭᠴᠢ ᠤ᠊ ∙ ᠬᠦᠷᠡᠯᠰᠤᠢᠬᠡ ᠳᠥ ᠪᠠᠷᠠᠭᠠᠯᠬᠠᠪᠠ᠃

ᠬᠣᠶᠠᠷ᠃ ᠮᠣᠩ᠋ᠭᠣᠯ ᠤᠯᠤᠰ ᠤᠨ 《ᠰᠢᠨ᠎ᠡ ᠰᠡᠷᠭᠦᠯᠲᠡ ᠢᠢᠨ ᠪᠣᠳᠣᠯᠭ᠎ᠠ》 ᠍ ᠤᠨ ᠦᠷ᠎ᠡ ᠳ᠋ᠦᠩ ᠳᠥ ᠬᠦᠷᠦᠭᠰᠡᠨ ᠬᠥᠭ᠍ᠵᠢᠯ᠂ ᠪᠦᠲᠦᠭᠡᠨ ᠪᠠᠢᠢᠭᠤᠯᠤᠯᠲᠠ ᠢᠢᠨ ᠣᠯᠤᠯᠲᠠ ᠠᠮᠵᠢᠯᠲᠠ ᠢᠢ ᠬᠢᠲᠠᠳ ᠤᠨ ᠲᠠᠯ᠎ᠠ ᠥᠨᠳᠥᠷ ᠢᠶᠡᠷ ᠦᠨᠡᠯᠡᠵᠦ᠂ ᠡᠳ᠋ ᠍ ᠦᠨ ᠵᠠᠰᠠᠭ ᠢᠶᠠᠨ ᠰᠡᠷᠭᠦᠭᠡᠬᠦ᠂ ᠠᠷᠠᠳ ᠲᠦᠮᠡᠨ ᠦ ᠠᠮᠵᠢᠷᠠᠭ᠎ᠠ ᠢᠢ ᠳᠡᠭᠡᠭ᠍ᠰᠢᠯᠡᠭᠦᠯᠬᠦ ᠮᠣᠩ᠋ᠭᠣᠯ ᠤᠨ ᠲᠠᠯ᠎ᠠ ᠢᠢᠨ ᠬᠦᠴᠦᠨ ᠴᠢᠷᠮᠠᠢᠢᠯᠲᠠ ᠢᠢ ᠳᠡᠮᠵᠢᠵᠦ᠂ 《ᠠᠯᠤᠰ ᠤᠨ ᠬᠠᠷᠠᠭ᠎ᠠ 2050》 ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ ᠢᠢᠨ ᠬᠦᠷᠢᠶᠡᠨ ᠳᠥ ᠤᠯᠤᠰ ᠣᠷᠣᠨ ᠤ ᠬᠥᠭ᠍ᠵᠢᠯ ᠦᠨ ᠵᠣᠷᠢᠯᠲᠠ ᠪᠠᠨ ᠪᠡᠶᠡᠯᠡᠭᠦᠯᠬᠦ ᠢᠢ ᠬᠢᠲᠠᠳ ᠤᠨ ᠲᠠᠯ᠎ᠠ ᠴᠢᠨᠭ᠌ ᠰᠡᠳᠬᠢᠯ ᠡᠴᠡ ᠪᠡᠨ ᠬᠦᠰᠡᠪᠡ᠃

ᠭᠤᠷᠪᠠ᠃ ᠬᠢᠲᠠᠳ ᠤᠨ ᠺᠣᠮᠮᠤᠢᠨᠢᠰᠲ ᠨᠠᠮ ХХ ᠶᠡᠬᠡ ᠬᠤᠷᠠᠯ ᠢᠶᠠᠨ ᠠᠮᠵᠢᠯᠲᠠᠲᠠᠢ ᠵᠣᠬᠢᠶᠠᠨ ᠪᠠᠢᠢᠭᠤᠯᠵᠤ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠠᠨ ᠬᠢᠲᠠᠳ ᠤᠨ ᠺᠣᠮᠮᠤᠢᠨᠢᠰᠲ ᠨᠠᠮ ᠤᠨ ᠲᠥᠪ ᠬᠣᠷᠢᠶᠠᠨ ᠤ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠪᠠᠷ ᠳᠠᠬᠢᠨ ᠰᠣᠩ᠋ᠭᠣᠭᠳᠠᠭᠰᠠᠨ ᠳᠤ ᠪᠣᠯᠤᠨ ᠬᠢᠲᠠᠳ ᠤᠯᠤᠰ ᠨᠡᠩ ᠶᠠᠳᠠᠭᠤᠷᠠᠯ ᠠᠴᠠ ᠪᠦᠷᠢᠨ ᠠᠩ᠋ᠭᠢᠵᠢᠷᠠᠵᠤ ᠳᠤᠮᠳᠠᠴᠢ ᠴᠢᠨᠡᠭᠡᠯᠢᠭ᠌ ᠨᠡᠢᠢᠭᠡᠮ ᠢ ᠪᠦᠬᠦ ᠲᠠᠯ᠎ᠠ ᠪᠠᠷ ᠪᠦᠲᠦᠭᠡᠨ ᠪᠠᠢᠢᠭᠤᠯᠵᠤ᠂ ᠡᠬᠢᠨ ᠦ 100 ᠵᠢᠯ ᠦᠨ ᠵᠣᠷᠢᠯᠲᠠ ᠪᠠᠨ ᠠᠮᠵᠢᠯᠲᠠ ᠲᠠᠢ ᠬᠡᠷᠡᠭᠵᠢᠭᠦᠯᠦᠭᠰᠡᠨ ᠳᠥ ᠮᠣᠩ᠋ᠭᠣᠯ ᠤᠨ ᠲᠠᠯ᠎ᠠ ᠪᠠᠶᠠᠷ ᠬᠦᠷᠭᠡᠪᠡ᠃ ᠮᠥᠨ ᠬᠢᠲᠠᠳ ᠤᠨ ᠺᠣᠮᠮᠤᠢᠨᠢᠰᠲ ᠨᠠᠮ ᠤᠨ ᠤᠳᠤᠷᠢᠳᠤᠯᠭ᠎ᠠ ᠳᠣᠣᠷ᠎ᠠ ᠣᠷᠴᠢᠨ ᠦᠶ᠎ᠡ ᠢᠢᠨ ᠬᠦᠴᠦᠷᠬᠡᠭ᠌ ᠰᠣᠴᠢᠶᠠᠯᠢᠰᠲ ᠤᠯᠤᠰ ᠣᠷᠣᠨ ᠢ ᠴᠣᠭᠴᠠ ᠪᠠᠷ ᠨᠢ ᠪᠦᠲᠦᠭᠡᠨ ᠪᠠᠢᠢᠭᠤᠯᠬᠤ ᠬᠣᠶᠠᠷ ᠳ᠋ᠠᠬᠢ 100 ᠵᠢᠯ ᠦᠨ ᠵᠣᠷᠢᠯᠲᠠ ᠪᠠᠨ ᠪᠦᠷᠢᠨ ᠬᠡᠷᠡᠭᠵᠢᠭᠦᠯᠦᠨ᠎ᠡ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃

ᠳᠥᠷᠪᠡ᠃ ᠲᠠᠯ ᠤᠳ 1994 ᠣᠨ ᠤ 《ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠤᠬᠠᠢ ᠭᠡᠷ᠎ᠡ》᠂ 2014 ᠣᠨ ᠤ 《ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠣᠭᠣᠷᠣᠨᠳᠣ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠬᠤ ᠲᠤᠬᠠᠢ ᠬᠠᠮᠲᠤᠷᠠᠭᠰᠠᠨ ᠲᠤᠩᠬᠠᠭᠯᠠᠯ》 ᠍ ᠤᠨ ᠦᠵᠡᠯ ᠰᠠᠨᠠᠭᠠᠨ ᠤ ᠳᠠᠭᠠᠭᠤ ᠮᠣᠩ᠋ᠭᠣᠯ᠂ ᠬᠢᠲᠠᠳ ᠤᠨ ᠬᠠᠷᠢᠯᠴᠠᠭᠠᠨ ᠤ ᠣᠯᠤᠯᠲᠠ ᠠᠮᠵᠢᠯᠲᠠ᠂ ᠴᠠᠷ᠎ ᠲᠠᠬᠤᠯ ᠲᠠᠢ ᠲᠡᠮᠡᠴᠡᠬᠦ ᠬᠠᠮᠲᠤ ᠢᠢᠨ ᠠᠵᠢᠯᠯᠠᠭ᠎ᠠ ᠢᠢ ᠥᠨᠳᠥᠷ ᠢᠶᠡᠷ ᠦᠨᠡᠯᠡᠵᠦ᠂ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠲᠠᠰᠤᠷᠠᠯᠲᠠ ᠦᠭᠡᠢ ᠭᠦᠨᠵᠡᠭᠡᠢᠢᠷᠡᠭᠦᠯᠦᠨ ᠬᠥᠭ᠍ᠵᠢᠭᠦᠯᠬᠦ ᠨᠢ ᠬᠣᠶᠠᠷ ᠣᠷᠣᠨ ᠤ ᠠᠷᠠᠳ ᠲᠦᠮᠡᠨ ᠦ ᠠᠰᠢᠭ ᠰᠣᠨᠢᠷᠬᠠᠯ ᠳᠤ ᠨᠡᠢᠢᠴᠡᠵᠦ ᠪᠤᠢᠢᠳᠠ ᠰᠠᠨᠠᠯ ᠨᠢᠭᠡᠳᠪᠡ᠃

ᠲᠠᠪᠤ᠃ ᠰᠠᠢᠢᠨ ᠬᠥᠷᠰᠢ᠂ ᠰᠠᠢᠢᠨ ᠨᠠᠢᠢᠵᠠ᠂ ᠰᠠᠢᠢᠨ ᠲᠦᠩᠰᠢ ᠢᠢᠨ ᠬᠤᠪᠢ ᠳᠤ ᠮᠣᠩ᠋ᠭᠣᠯ᠂ ᠬᠢᠲᠠᠳ ᠬᠣᠶᠠᠷ ᠤᠯᠤᠰ ᠣᠷᠴᠢᠨ ᠦᠶ᠎ᠡ ᠢᠢᠨ ᠪᠦᠲᠦᠭᠡᠨ ᠪᠠᠢᠢᠭᠤᠯᠤᠯᠲᠠ ᠢᠢ ᠬᠠᠮᠲᠤᠷᠠᠨ ᠤᠷᠤᠭᠰᠢᠯᠠᠭᠤᠯᠵᠤ᠂ ᠪᠡᠶ᠎ᠡ ᠪᠡᠶ ᠡ ᠳ᠋ᠥ ᠪᠡᠨ ᠲᠤᠰᠠᠯᠠᠬᠤ᠂ ᠬᠠᠮᠲᠤᠷᠠᠨ ᠠᠵᠢᠯᠯᠠᠵᠤ ᠬᠠᠮᠲᠤ ᠳᠤ ᠪᠠᠨ ᠬᠣᠵᠢᠬᠤ᠂ ᠡᠩᠬᠡ ᠲᠠᠢᠢᠪᠤᠩ ᠢᠶᠠᠷ ᠵᠡᠷᠭᠡᠴᠡᠨ ᠤᠷᠤᠰᠢᠬᠤ ᠬᠣᠶᠠᠷ ᠤᠯᠤᠰ ᠤᠨ ᠬᠠᠮᠲᠤ ᠢᠢᠨ ᠢᠷᠡᠭᠡᠳᠦᠢ ᠢᠢᠨ ᠨᠡᠢᠢᠭᠡᠮᠯᠢᠭ᠌ ᠢ ᠪᠦᠲᠦᠭᠡᠬᠦ ᠴᠢᠭᠯᠡᠯ ᠢᠶᠡᠷ ᠬᠦᠴᠦᠨ ᠴᠢᠷᠮᠠᠢᠢᠯᠲᠠ ᠭᠠᠷᠭᠠᠨ᠂ ᠤᠯᠤᠰ ᠬᠣᠭᠣᠷᠣᠨᠳᠣ ᠢᠢᠨ ᠦᠯᠢᠭᠡᠷ ᠵᠢᠱᠢᠶ᠎ᠡ ᠬᠠᠷᠢᠯᠴᠠᠭ᠎ᠠ ᠢᠢ ᠤᠯᠠᠮ ᠪᠡᠬᠢᠵᠢᠭᠦᠯᠵᠦ᠂ ᠪᠥᠰᠡ ᠨᠤᠲᠤᠭ ᠪᠣᠯᠤᠨ ᠳᠡᠯᠡᠬᠡᠢ ᠢᠢᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ᠂ ᠬᠥᠭ᠍ᠵᠢᠯ ᠳᠡᠪᠰᠢᠯ ᠳᠥ ᠢᠯᠡᠭᠦᠦ ᠶᠡᠬᠡ ᠬᠤᠪᠢ ᠨᠡᠮᠡᠷᠢ ᠣᠷᠣᠭᠤᠯᠤᠨ᠎ᠠ᠃ ᠬᠢᠲᠠᠳ ᠤᠨ ᠲᠠᠯ᠎ᠠ ᠬᠥᠷᠰᠢ ᠣᠷᠣᠨ ᠨᠤᠭᠤᠳ ᠲᠠᠢ ᠪᠠᠨ ᠬᠥᠭ᠍ᠵᠢᠭᠦᠯᠵᠦ ᠪᠤᠢ ᠬᠠᠷᠢᠯᠴᠠᠭᠠᠨ ᠳᠤ ᠪᠠᠨ ᠲᠡᠷᠢᠭᠦᠯᠡᠬᠦ ᠠᠴᠢ ᠬᠣᠯᠪᠣᠭᠳᠠᠯ ᠥᠭᠴᠦ᠂ ᠨᠠᠢᠢᠷᠰᠠᠭ ᠳᠣᠲᠣᠨᠣ᠂ ᠴᠢᠨᠭ᠌ ᠰᠡᠳᠬᠢᠯ ᠡᠴᠡ ᠪᠡᠨ᠂ ᠬᠠᠷᠢᠯᠴᠠᠨ ᠠᠰᠢᠭᠲᠠᠢ᠂ ᠬᠦᠷᠲᠡᠭᠡᠮᠵᠢᠲᠡᠢ ᠪᠠᠢᠢᠬᠤ ᠵᠠᠷᠴᠢᠮ ᠤᠨ ᠳᠠᠭᠠᠭᠤ ᠬᠥᠭ᠍ᠵᠢᠯ ᠦᠨ ᠦᠷ᠎ᠡ ᠰᠢᠮ᠎ᠡ ᠪᠡᠨ ᠬᠤᠪᠢᠶᠠᠯᠴᠠᠬᠤ ᠪᠣᠳᠣᠯᠭ᠎ᠠ ᠪᠠᠷᠢᠮᠲᠠᠯᠠᠵᠤ ᠪᠠᠢᠢᠭ᠎ᠠ ᠢᠢ ᠮᠣᠩ᠋ᠭᠣᠯ ᠤᠨ ᠲᠠᠯ᠎ᠠ ᠰᠠᠢᠢᠰᠢᠶᠠᠪᠠ᠃

ᠵᠢᠷᠭᠤᠭ᠎ᠠ᠃ ᠲᠠᠯ ᠤᠳ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠨᠢ ᠮᠣᠩ᠋ᠭᠣᠯ᠂ ᠬᠢᠲᠠᠳ ᠤᠨ ᠭᠠᠳᠠᠭᠠᠳᠤ ᠪᠣᠳᠣᠯᠭ᠎ᠠ ᠢᠢᠨ ᠲᠡᠷᠢᠭᠦᠯᠡᠬᠦ ᠴᠢᠭᠯᠡᠯ ᠭᠡᠳᠡᠭ ᠢ ᠳ᠋ᠠᠬᠢᠨ ᠨᠣᠲᠠᠯᠠᠵᠤ᠂ ᠲᠤᠰ ᠲᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡ᠂ ᠭᠠᠵᠠᠷ ᠨᠤᠲᠤᠭ ᠤᠨ ᠪᠦᠷᠢᠨ ᠪᠦᠲᠦᠨ ᠪᠠᠢᠢᠳᠠᠯ᠂ ᠥᠪᠡᠷᠰᠡᠳ ᠦᠨ ᠰᠣᠩ᠋ᠭᠣᠭᠰᠠᠨ ᠬᠥᠭ᠍ᠵᠢᠯ ᠦᠨ ᠵᠠᠮ᠂ ᠢᠵᠠᠭᠤᠷ ᠡᠷᠬᠡ ᠠᠰᠢᠭ ᠢ ᠬᠠᠷᠢᠯᠴᠠᠨ ᠬᠦᠨᠳᠦᠳᠬᠡᠳᠡᠭ ᠢᠶᠡᠨ ᠳ᠋ᠠᠬᠢᠨ ᠢᠯᠡᠷᠬᠡᠢᠢᠯᠡᠪᠡ᠃ ᠮᠣᠩ᠋ᠭᠣᠯ ᠤᠨ ᠲᠠᠯ᠎ᠠ 《ᠨᠢᠭᠡ ᠬᠢᠲᠠᠳ》 ᠍ ᠤᠨ ᠪᠣᠳᠣᠯᠭ᠎ᠠ ᠢᠢ ᠲᠤᠭᠤᠰᠢᠲᠠᠢ ᠪᠠᠷᠢᠮᠲᠠᠯᠠᠵᠤ᠂ ᠲᠠᠢᠢᠸᠠᠨᠢ‍᠂ ᠬᠣᠩᠺᠣᠩ᠂ ᠰᠢᠨᠵᠢᠶᠠᠩ᠂ ᠲᠥᠪᠡᠳ ᠦᠨ ᠲᠠᠯᠠᠭᠠᠷᠬᠢ ᠬᠢᠲᠠᠳ ᠤᠨ ᠪᠠᠢᠢᠷᠢ ᠰᠠᠭᠤᠷᠢ ᠢᠢ ᠳᠡᠮᠵᠢᠳᠡᠭ ᠢᠶᠡᠨ ᠳ᠋ᠠᠬᠢᠨ ᠨᠣᠲᠠᠯᠠᠪᠠ᠃ ᠮᠣᠩ᠋ᠭᠣᠯ ᠤᠯᠤᠰ ᠨᠤᠲᠤᠭ ᠳᠡᠪᠢᠰᠬᠡᠷ ᠢᠶᠡᠨ ᠴᠥᠮ᠎ᠡ ᠢᠢᠨ ᠵᠡᠪᠰᠡᠭ ᠦᠭᠡᠢ ᠪᠥᠰᠡ ᠬᠡᠮᠡᠨ ᠵᠠᠷᠯᠠᠭᠰᠠᠨ ᠤ 30 ᠵᠢᠯ ᠦᠨ ᠣᠢ 2022 ᠣᠨ ᠳᠤ ᠲᠣᠬᠢᠶᠠᠵᠤ ᠪᠤᠢ ᠳ᠋ᠤᠷ ᠬᠢᠲᠠᠳ ᠤᠨ ᠲᠠᠯ᠎ᠠ ᠪᠠᠶᠠᠷ ᠬᠦᠷᠭᠡᠪᠡ᠃ ᠪᠥᠰᠡ ᠨᠤᠲᠤᠭ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ ᠢᠢᠨ ᠲᠥᠯᠥᠭᠡ ᠡᠨᠡ ᠰᠲ᠋ᠠᠲ᠋ᠦ᠋ᠰ ᠢ ᠣᠯᠠᠨ ᠤᠯᠤᠰ ᠲᠤ ᠬᠦᠯᠢᠶᠡᠨ ᠵᠥᠪᠰᠢᠶᠡᠷᠡᠭᠦᠯᠬᠦ ᠳᠥ ᠬᠢᠲᠠᠳ ᠤᠨ ᠲᠠᠯ᠎ᠠ ᠠᠴᠠ ᠬᠦᠴᠦᠨ ᠴᠢᠷᠮᠠᠢᠢᠯᠲᠠ ᠭᠠᠷᠭᠠᠭᠰᠠᠨ ᠳᠤ ᠮᠣᠩ᠋ᠭᠣᠯ ᠤᠨ ᠲᠠᠯ᠎ᠠ ᠲᠠᠯᠠᠷᠬᠠᠯ ᠢᠯᠡᠷᠬᠡᠢᠢᠯᠡᠪᠡ᠃

ᠳᠣᠯᠣᠭ᠎ᠠ᠃ ᠴᠠᠷ᠎ ᠲᠠᠬᠤᠯ ᠤᠨ ᠨᠥᠬᠥᠴᠡᠯ ᠪᠠᠢᠢᠳᠠᠯ ᠪᠦᠷᠢᠨ ᠨᠠᠮᠵᠢᠭ᠎ᠠ ᠦᠭᠡᠢ ᠴᠤ 2022 ᠣᠨ ᠳᠤ ᠲᠥᠷᠥ᠂ ᠵᠠᠰᠠᠭ ᠤᠨ ᠲᠡᠷᠢᠭᠦᠨ᠂ ᠬᠠᠤᠯᠢ ᠲᠣᠭᠲᠠᠭᠠᠬᠤ ᠪᠠᠢᠢᠭᠤᠯᠤᠯᠭ᠎ᠠ ᠢᠢᠨ ᠤᠳᠤᠷᠢᠳᠤᠯᠭ᠎ᠠ ᠨᠠᠷ ᠤᠨ ᠲᠦᠪᠰᠢᠨ ᠳᠥ ᠪᠡᠶᠡᠴᠢᠯᠡᠨ ᠠᠭᠤᠯᠵᠠᠭᠰᠠᠨ ᠨᠢ ᠮᠣᠩ᠋ᠭᠣᠯ᠂ ᠬᠢᠲᠠᠳ ᠤᠨ ᠬᠠᠷᠢᠯᠴᠠᠭᠠᠨ ᠤ ᠥᠨᠳᠥᠷ ᠲᠦᠪᠰᠢᠨ ᠢ ᠢᠯᠡᠷᠬᠡᠢᠢᠯᠡᠵᠦ ᠪᠤᠢ ᠢᠢ ᠲᠠᠯ᠎ᠠ ᠨᠤᠭᠤᠳ ᠰᠠᠨᠠᠯ ᠨᠢᠭᠡᠲᠡᠢ ᠲᠡᠮᠳᠡᠭᠯᠡᠪᠡ᠃ ᠲᠠᠯ ᠤᠳ ᠳᠡᠭᠡᠳᠦ᠂ ᠥᠨᠳᠥᠷ ᠲᠦᠪᠰᠢᠨ ᠦ ᠠᠭᠤᠯᠵᠠᠯᠲᠠ᠂ ᠶᠠᠷᠢᠶ᠎ᠠ ᠬᠡᠯᠡᠯᠴᠡᠭᠡᠨ ᠦ ᠳᠠᠪᠲᠠᠮᠵᠢ ᠢᠢ ᠬᠠᠳᠠᠭᠠᠯᠠᠵᠤ᠂ ᠤᠯᠤᠰ ᠲᠥᠷᠥ ᠢᠢᠨ ᠬᠠᠷᠢᠯᠴᠠᠨ ᠢᠲᠡᠭᠡᠯᠴᠡᠯ ᠢ ᠦᠷᠭᠦᠯᠵᠢᠯᠡᠭᠦᠯᠦᠨ ᠭᠦᠨᠵᠡᠭᠡᠢᠢᠷᠡᠭᠦᠯᠬᠦ ᠪᠡᠨ ᠨᠣᠲᠠᠯᠠᠪᠠ᠃ ᠬᠠᠤᠯᠢ ᠲᠣᠭᠲᠠᠭᠠᠬᠤ ᠪᠠᠢᠢᠭᠤᠯᠤᠯᠭ᠎ᠠ᠂ ᠤᠯᠤᠰ ᠲᠥᠷᠥ ᠢᠢᠨ ᠨᠠᠮ ᠤᠳ ᠤᠨ ᠬᠠᠮᠲᠤ ᠢᠢᠨ ᠠᠵᠢᠯᠯᠠᠭ᠎ᠠ ᠨᠢ ᠮᠣᠩ᠋ᠭᠣᠯ᠂ ᠬᠢᠲᠠᠳ ᠤᠨ ᠬᠠᠷᠢᠯᠴᠠᠭᠠᠨ ᠤ ᠴᠢᠬᠤᠯᠠ ᠪᠦᠷᠢᠯᠳᠦᠬᠦᠨ ᠬᠡᠰᠡᠭ ᠪᠣᠯᠬᠤ ᠢᠢ ᠣᠨᠴᠠᠯᠠᠨ ᠲᠡᠮᠳᠡᠭᠯᠡᠵᠦ᠂ ᠴᠢᠨᠠᠭᠰᠢᠳᠠ ᠬᠠᠤᠯᠢ ᠲᠣᠭᠲᠠᠭᠠᠬᠤ᠂ ᠵᠠᠰᠠᠭ ᠤᠨ ᠭᠠᠵᠠᠷ᠂ ᠤᠯᠤᠰ ᠲᠥᠷᠥ ᠢᠢᠨ ᠨᠠᠮ᠂ ᠪᠠᠲᠤᠯᠠᠨ ᠬᠠᠮᠠᠭᠠᠯᠠᠬᠤ᠂ ᠣᠷᠣᠨ ᠨᠤᠲᠤᠭ ᠵᠡᠷᠭᠡ ᠪᠠᠢᠢᠭᠤᠯᠤᠯᠭ᠎ᠠ ᠢᠢᠨ ᠶᠠᠷᠢᠶ᠎ᠠ ᠬᠡᠯᠡᠯᠴᠡᠭᠡ ᠢᠢ ᠤᠷᠤᠭᠰᠢᠯᠠᠭᠤᠯᠵᠤ᠂ ᠬᠠᠮᠲᠤ ᠢᠢᠨ ᠠᠵᠢᠯᠯᠠᠭᠠᠨ ᠳᠤ ᠡᠷᠬᠡ ᠵᠦᠢ ᠢᠢᠨ ᠪᠣᠯᠤᠨ ᠪᠣᠳᠣᠯᠭ᠎ᠠ ᠢᠢᠨ ᠳᠡᠮᠵᠢᠯᠭᠡ ᠢᠢ ᠦᠵᠡᠭᠦᠯᠬᠦ ᠪᠡᠷ ᠲᠠᠯ᠎ᠠ ᠨᠤᠭᠤᠳ ᠲᠣᠬᠢᠷᠠᠯᠴᠠᠪᠠ᠃

ᠨᠠᠢᠢᠮᠠ᠃ ᠲᠠᠯ ᠤᠳ ᠮᠣᠩ᠋ᠭᠣᠯ᠂ ᠬᠢᠲᠠᠳ ᠤᠨ ᠤᠯᠤᠰ ᠲᠥᠷᠥ ᠢᠢᠨ ᠰᠠᠢᠢᠨ ᠬᠠᠷᠢᠯᠴᠠᠭ᠎ᠠ ᠢᠢ ᠦᠷᠭᠦᠯᠵᠢᠯᠡᠭᠦᠯᠦᠨ ᠬᠠᠮᠲᠤ ᠢᠢᠨ ᠠᠵᠢᠯᠯᠠᠭᠠᠨ ᠤ ᠬᠥᠳᠡᠯᠭᠡᠭ᠍ᠴᠢ ᠬᠦᠴᠦ ᠪᠣᠯᠭᠠᠵᠤ᠂ ᠬᠣᠶᠠᠷ ᠤᠯᠤᠰ ᠤᠨ ᠭᠠᠵᠠᠷ ᠵᠦᠢ ᠢᠢᠨ ᠪᠠᠢᠢᠷᠢᠰᠢᠯ᠂ ᠡᠳ᠋ ᠍ ᠦᠨ ᠵᠠᠰᠠᠭ ᠤᠨ ᠬᠠᠷᠢᠯᠴᠠᠨ ᠨᠥᠬᠥᠬᠥ ᠳᠠᠪᠠᠭᠤ ᠲᠠᠯ᠎ᠠ ᠪᠠᠨ ᠠᠰᠢᠭᠯᠠᠵᠤ᠂ ᠬᠣᠶᠠᠷ ᠤᠯᠤᠰ ᠤᠨ ᠠᠷᠠᠳ ᠲᠦᠮᠡᠨ ᠦ ᠰᠠᠢᠢᠨ ᠰᠠᠢᠢᠬᠠᠨ ᠤ ᠲᠥᠯᠥᠭᠡ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠷ ᠲᠣᠬᠢᠷᠠᠪᠠ᠃ ᠲᠠᠯ ᠤᠳ ᠴᠠᠷ᠎ ᠲᠠᠬᠤᠯ ᠤᠨ ᠳᠠᠷᠠᠭᠠᠬᠢ ᠡᠳ᠋ ᠍ ᠦᠨ ᠵᠠᠰᠠᠭ ᠢ ᠲᠦᠷᠭᠡᠨ ᠰᠡᠷᠭᠦᠭᠡᠬᠦ ᠳᠥ ᠠᠩᠬᠠᠷᠴᠤ᠂ 《ᠲᠠᠯ᠎ᠠ ᠢᠢᠨ ᠵᠠᠮ》 ᠦᠨᠳᠦᠰᠦᠨ ᠦ ᠬᠥᠲᠥᠯᠪᠦᠷᠢ ᠢᠢ 《ᠪᠥᠰᠡ ᠪᠠ ᠵᠠᠮ》 ᠰᠠᠨᠠᠭᠠᠴᠢᠯᠠᠭ᠎ᠠ ᠲᠠᠢ᠂ 《ᠰᠢᠨ᠎ᠡ ᠰᠡᠷᠭᠦᠯᠲᠡ ᠢᠢᠨ ᠪᠣᠳᠣᠯᠭ᠎ᠠ》᠍ ᠢ 《ᠳᠠᠶᠠᠩ ᠳᠡᠯᠡᠬᠡᠢ ᠢᠢᠨ ᠬᠥᠭ᠍ᠵᠢᠯ ᠦᠨ ᠰᠠᠨᠠᠭᠠᠴᠢᠯᠠᠭ᠎ᠠ》 ᠍ ᠲᠠᠢ᠂ 《ᠠᠯᠤᠰ ᠤᠨ ᠬᠠᠷᠠᠭ᠎ᠠ 2050》 ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ ᠢᠢ 《ᠬᠣᠶᠠᠷ ᠠᠯᠬᠤᠮ》 ᠬᠥᠭ᠍ᠵᠢᠯ ᠦᠨ ᠰᠲ᠋ᠷᠠᠲ᠋ᠧᠭᠢ ᠢᠢᠨ ᠵᠣᠷᠢᠯᠲᠠ ᠲᠠᠢ ᠲᠤᠰ ᠲᠤᠰ ᠤᠶᠠᠯᠳᠤᠭᠤᠯᠤᠨ ᠬᠡᠷᠡᠭᠵᠢᠭᠦᠯᠵᠦ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ᠂ ᠰᠠᠩᠬᠦᠦ᠂ ᠡᠷᠦᠳᠡᠰᠦ ᠪᠠᠶᠠᠯᠢᠭ᠂ ᠡᠷᠴᠢᠮ ᠬᠦᠴᠦ᠂ ᠳᠡᠳ᠋ ᠪᠦᠲᠦᠴᠡ᠂ ᠴᠠᠬᠢᠮ ᠡᠳ᠋ ᠍ ᠦᠨ ᠵᠠᠰᠠᠭ᠂ ᠨᠣᠭᠣᠭᠠᠨ ᠬᠥᠭ᠍ᠵᠢᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠬᠦ ᠪᠡᠷ ᠲᠣᠬᠢᠷᠠᠯᠴᠠᠪᠠ᠃

ᠶᠢᠰᠦ᠃ ᠲᠠᠯ ᠤᠳ ᠮᠣᠩ᠋ᠭᠣᠯ᠂ ᠬᠢᠲᠠᠳ ᠤᠨ ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠦᠨ ᠬᠠᠮᠲᠤ ᠢᠢᠨ ᠠᠵᠢᠯᠯᠠᠭᠠᠨ ᠤ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ᠂ ᠮᠣᠩ᠋ᠭᠣᠯ ᠬᠢᠲᠠᠳ ᠤᠨ ᠡᠷᠦᠳᠡᠰᠦ ᠪᠠᠶᠠᠯᠢᠭ᠂ ᠡᠷᠴᠢᠮ ᠬᠦᠴᠦ᠂ ᠳᠡᠳ᠋ ᠪᠦᠲᠦᠴᠡ ᠢᠢᠨ ᠬᠠᠮᠲᠤ ᠢᠢᠨ ᠠᠵᠢᠯᠯᠠᠭᠠᠨ ᠤ ᠵᠥᠪᠯᠡᠯ ᠵᠡᠷᠭᠡ ᠬᠠᠮᠲᠤ ᠢᠢᠨ ᠠᠵᠢᠯᠯᠠᠭᠠᠨ ᠤ ᠮᠧᠾᠠᠨᠢᠰᠮ ᠢ ᠢᠯᠡᠭᠦᠦ ᠦᠷ᠎ᠡ ᠳ᠋ᠦᠩ ᠲᠡᠢ ᠠᠰᠢᠭᠯᠠᠬᠤ᠂ ᠰᠢᠨᠡᠴᠢᠯᠡᠨ ᠪᠠᠢᠢᠭᠤᠯᠵᠤ ᠪᠤᠢ 《ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠤᠮᠳᠠ ᠬᠤᠭᠤᠴᠠᠭᠠᠨ ᠤ ᠬᠥᠲᠥᠯᠪᠦᠷᠢ》 ᠪᠣᠯᠤᠨ 《ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠥᠷᠥᠩ᠋ᠭᠡ ᠣᠷᠣᠭᠤᠯᠤᠯᠲᠠ ᠢᠢᠨ ᠬᠠᠮᠲᠤ ᠢᠢᠨ ᠠᠵᠢᠯᠯᠠᠭᠠᠨ ᠤ ᠬᠥᠭ᠍ᠵᠢᠯ ᠦᠨ ᠬᠥᠲᠥᠯᠪᠦᠷᠢ》 ᠍ ᠢ ᠢᠳᠡᠪᠬᠢᠲᠡᠢ ᠬᠡᠷᠡᠭᠵᠢᠭᠦᠯᠬᠦ᠂ ᠣᠢᠢᠷ᠎ᠠ ᠢᠢᠨ ᠬᠤᠭᠤᠴᠠᠭᠠᠨ ᠳᠤ ᠬᠣᠶᠠᠷ ᠲᠠᠯ᠎ᠠ ᠢᠢᠨ ᠬᠤᠳᠠᠯᠳᠤᠭᠠᠨ ᠤ ᠨᠡᠢᠢᠲᠡ ᠬᠡᠮᠵᠢᠶ᠎ᠡ ᠢᠢ 20 ᠲᠡᠷᠪᠤᠮ ᠠᠮ᠂ ᠳ᠋ᠣᠯᠯᠠᠷ ᠲᠤ ᠬᠦᠷᠭᠡᠬᠦ᠂ ᠬᠣᠶᠠᠷ ᠤᠯᠤᠰ ᠤᠨ ᠠᠵᠤ ᠠᠬᠤᠢ ᠢᠢᠨ ᠨᠢᠭᠡᠴᠡ ᠨᠦᠭᠦᠳ ᠵᠠᠬ᠎ᠠ ᠵᠡᠭᠡᠯᠢ ᠢᠢᠨ ᠵᠠᠷᠴᠢᠮ ᠤᠨ ᠳᠠᠭᠠᠭᠤ ᠨᠡᠭᠦᠷᠡᠰᠦ᠂ ᠲᠡᠮᠦᠷ ᠦᠨ ᠬᠥᠳᠡᠷ᠂ ᠵᠡᠰ ᠦᠨ ᠪᠠᠶᠠᠵᠢᠮᠠᠯ᠂ ᠬᠥᠳᠡᠭᠡ ᠠᠵᠤ ᠠᠬᠤᠢ ᠢᠢᠨ ᠪᠦᠲᠦᠭᠡᠭ᠍ᠳᠡᠬᠦᠨ ᠦ ᠬᠤᠳᠠᠯᠳᠤᠭ᠎ᠠ ᠢᠢ ᠥᠷᠭᠡᠵᠢᠭᠦᠯᠬᠦ᠂ ᠨᠡᠭᠦᠷᠡᠰᠦᠨ ᠦ ᠳᠤᠮᠳᠠ᠂ ᠤᠷᠲᠤ ᠬᠤᠭᠤᠴᠠᠭᠠᠨ ᠤ ᠬᠤᠳᠠᠯᠳᠤᠭᠠᠨ ᠤ ᠭᠡᠷ᠎ᠡ ᠪᠠᠢᠢᠭᠤᠯᠬᠤ ᠢᠢ ᠳᠡᠮᠵᠢᠬᠦ᠂ ᠵᠠᠮ ᠤᠨ-ᠡᠭᠦᠳᠡ᠂ ᠡᠷᠢᠶᠡᠨ ᠦ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠪᠥᠰᠡ ᠢᠢᠨ ᠪᠦᠲᠦᠭᠡᠨ ᠪᠠᠢᠢᠭᠤᠯᠤᠯᠲᠠ ᠢᠢ ᠤᠷᠤᠭᠰᠢᠯᠠᠭᠤᠯᠬᠤ ᠪᠠᠷ ᠲᠣᠬᠢᠷᠠᠯᠴᠠᠪᠠ᠃
ᠠᠷᠪᠠ᠃ ᠲᠠᠯ ᠤᠳ ᠬᠢᠯᠢ ᠢᠢᠨ ᠪᠣᠭᠣᠮᠲᠠ ᠨᠤᠭᠤᠳ ᠲᠤ ᠠᠴᠢᠶ᠎ᠠ ᠲᠡᠭᠡᠭᠡᠪᠦᠷᠢ ᠢᠢᠨ ᠰᠢᠨ᠎ᠡ ᠲᠧᠭᠨᠢᠭ᠂ ᠲᠧᠭᠨᠣᠯᠣᠭᠢ ᠨᠡᠪᠲᠡᠷᠡᠭᠦᠯᠬᠦ ᠢᠢ ᠳᠡᠮᠵᠢᠵᠦ᠂ ᠪᠣᠭᠣᠮᠲᠠ ᠢᠢᠨ ᠬᠦᠴᠦᠨ ᠴᠢᠳᠠᠯ ᠢ ᠪᠣᠳᠠᠲᠠᠢ᠂ ᠦᠷ᠎ᠡ ᠳ᠋ᠦᠩ ᠲᠡᠢ ᠨᠡᠮᠡᠭᠳᠡᠭᠦᠯᠬᠦ ᠪᠡᠷ ᠲᠣᠬᠢᠷᠠᠯᠴᠠᠪᠠ᠃ ᠬᠢᠲᠠᠳ ᠤᠨ ᠲᠠᠯ᠎ᠠ ᠮᠣᠩ᠋ᠭᠣᠯ ᠤᠯᠤᠰ ᠤᠨ ᠳᠠᠮᠵᠢᠨ ᠥᠩ᠋ᠭᠡᠷᠡᠬᠦ ᠲᠡᠭᠡᠭᠡᠪᠦᠷᠢ᠂ ᠳᠠᠯᠠᠢ ᠢᠢᠨ ᠭᠠᠷᠴᠠ ᠪᠣᠯᠤᠨ ᠡᠳ᠋ ᠍ ᠦᠨ ᠵᠠᠰᠠᠭ᠂ ᠠᠷᠠᠳ ᠢᠷᠭᠡᠳ ᠦᠨ ᠠᠮᠢᠵᠢᠷᠭᠠᠨ ᠳᠤ ᠨᠡᠩ ᠱᠠᠭᠠᠷᠳᠠᠯᠭ᠎ᠠ ᠲᠠᠢ ᠪᠠᠷᠠᠭ᠎ᠠ ᠪᠦᠲᠦᠭᠡᠭ᠍ᠳᠡᠬᠦᠨ ᠢ ᠢᠮᠫᠤᠷᠲ᠋ᠯᠠᠬᠤ ᠳᠤ ᠮᠣᠩ᠋ᠭᠣᠯ ᠤᠨ ᠲᠠᠯ᠎ᠠ ᠳᠤ ᠦᠷᠭᠦᠯᠵᠢᠯᠡᠭᠦᠯᠦᠨ ᠳᠡᠮᠵᠢᠯᠭᠡ ᠦᠵᠡᠭᠦᠯᠦᠨ᠎ᠡ᠃

ᠠᠷᠪᠠᠨ ᠨᠢᠭᠡ᠃ ᠲᠠᠯ ᠤᠳ ᠳᠡᠳ᠋ ᠪᠦᠲᠦᠴᠡ ᠪᠡᠷ ᠬᠠᠷᠢᠯᠴᠠᠨ ᠬᠣᠯᠪᠣᠭᠳᠠᠬᠤ᠂ ᠡᠷᠴᠢᠮ ᠬᠦᠴᠦᠨ ᠦ ᠰᠠᠯᠪᠤᠷᠢ ᠢᠢ ᠮᠣᠩ᠋ᠭᠣᠯ᠂ ᠬᠢᠲᠠᠳ ᠤᠨ ᠬᠠᠮᠲᠤ ᠢᠢᠨ ᠠᠵᠢᠯᠯᠠᠭᠠᠨ ᠤ ᠲᠡᠷᠢᠭᠦᠯᠡᠬᠦ ᠴᠢᠭᠯᠡᠯ ᠦᠨ ᠨᠢᠭᠡ ᠭᠡᠵᠦ ᠦᠵᠡᠪᠡ᠃ ᠲᠠᠯ ᠤᠳ ᠮᠣᠩ᠋ᠭᠣᠯ᠂ ᠬᠢᠲᠠᠳ ᠤᠨ ᠲᠡᠮᠦᠷ ᠵᠠᠮ᠂ ᠠᠦ᠋ᠲ᠋ᠣ᠋ ᠵᠠᠮ᠂ ᠬᠢᠯᠢ ᠢᠢᠨ ᠪᠣᠭᠣᠮᠲᠠ ᠵᠡᠷᠭᠡ ᠳᠡᠳ᠋ ᠪᠦᠲᠦᠴᠡ ᠢᠢᠨ ᠪᠦᠲᠦᠭᠡᠨ ᠪᠠᠢᠢᠭᠤᠯᠤᠯᠲᠠ ᠪᠣᠯᠤᠨ ᠠᠭᠤᠯᠠ ᠠᠭᠤᠷᠬᠠᠢ ᠢᠢᠨ ᠲᠣᠮᠣᠬᠠᠨ ᠲᠥᠰᠥᠯ ᠦᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠵᠦ᠂ ᠴᠡᠪᠡᠷ ᠡᠷᠴᠢᠮ ᠬᠦᠴᠦᠨ ᠦ ᠰᠠᠯᠪᠤᠷᠢ ᠲᠤ ᠦᠯᠢᠭᠡᠷ ᠵᠢᠱᠢᠶ᠎ᠡ ᠲᠥᠰᠥᠯ ᠬᠡᠷᠡᠭᠵᠢᠭᠦᠯᠵᠦ᠂ ᠮᠣᠩ᠋ᠭᠣᠯ᠂ ᠬᠢᠲᠠᠳ ᠤᠨ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠴᠠᠷ ᠬᠦᠷᠢᠶ᠎ᠡ᠂ ᠴᠢᠨᠠᠷ᠂ ᠲᠦᠪᠰᠢᠨ ᠢ ᠳᠡᠭᠡᠭ᠍ᠰᠢᠯᠡᠭᠦᠯᠦᠨ᠎ᠡ᠃ ᠲᠠᠯ ᠤᠳ ᠬᠠᠷᠢᠯᠴᠠᠨ ᠲᠣᠬᠢᠷᠠᠯᠴᠠᠭᠰᠠᠨ ᠤᠯᠤᠰ ᠤᠨ ᠬᠢᠯᠢ ᠢᠢᠨ ᠱᠤᠭᠤᠮ ᠳᠠᠭᠠᠷᠢᠨ ᠥᠩ᠋ᠭᠡᠷᠡᠬᠦ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢ ᠢᠳᠡᠪᠬᠢᠲᠡᠢ ᠤᠷᠤᠭᠰᠢᠯᠠᠭᠤᠯᠵᠤ᠂ ᠮᠣᠩ᠋ᠭᠣᠯ᠂ ᠬᠢᠲᠠᠳ ᠢ ᠬᠤᠯᠪᠤᠬᠤ ᠲᠡᠮᠦᠷ ᠵᠠᠮ ᠤᠨ ᠰᠢᠨ᠎ᠡ ᠭᠠᠷᠴᠠ ᠢᠢ ᠣᠢᠢᠷ᠎ᠠ ᠢᠢᠨ ᠬᠤᠭᠤᠴᠠᠭᠠᠨ ᠳᠤ ᠨᠡᠭᠡᠭᠡᠨ᠎ᠡ᠃

ᠠᠷᠪᠠᠨ ᠬᠣᠶᠠᠷ᠃ ᠲᠠᠯ ᠤᠳ ᠰᠤᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠣᠯᠣᠭᠢ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠵᠦ᠂ ᠬᠦᠮᠦᠨᠯᠢᠭ ᠦᠨ ᠬᠠᠷᠢᠯᠴᠠᠭ᠎ᠠ᠂ ᠢᠯᠠᠩ᠋ᠭᠤᠶ᠎ᠠ ᠬᠡᠦᠬᠡᠳ᠂ ᠵᠠᠯᠠᠭᠤᠴᠤᠳ ᠤᠨ ᠰᠣᠯᠢᠯᠴᠠᠭ᠎ᠠ ᠢᠢ ᠡᠷᠴᠢᠮᠵᠢᠭᠦᠯᠵᠦ᠂ ᠪᠣᠯᠪᠠᠰᠤᠷᠠᠯ᠂ ᠰᠢᠨᠵᠢᠯᠡᠬᠦ ᠤᠬᠠᠭᠠᠨ ᠤ ᠪᠠᠢᠢᠭᠤᠯᠤᠯᠭ᠎ᠠ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠨ ᠤᠷᠤᠭᠰᠢᠯᠠᠭᠤᠯᠵᠤ᠂ ᠢᠷᠭᠡᠳ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠢ ᠨᠡᠮᠡᠭᠳᠡᠭᠦᠯᠦᠨ᠎ᠡ᠃ ᠮᠣᠩ᠋ᠭᠣᠯ ᠤᠨ ᠲᠠᠯ᠎ᠠ 《ᠶᠡᠷᠦᠩᠬᠡᠢᠢᠯᠡᠭᠴᠢ ᠢᠢᠨ ᠢᠯᠡᠭᠡᠯᠲᠡ – 2100》 ᠲᠡᠳᠬᠦᠯᠭᠡ ᠲᠥ ᠬᠥᠲᠥᠯᠪᠦᠷᠢ ᠢᠢ ᠲᠠᠨᠢᠯᠴᠠᠭᠤᠯᠵᠤ᠂ ᠬᠢᠲᠠᠳ ᠤᠨ ᠲᠠᠯ᠎ᠠ ᠢᠳᠡᠪᠬᠢᠲᠡᠢ ᠰᠤᠳᠤᠯᠤᠨ᠂ ᠴᠢᠨᠠᠭᠰᠢᠳᠠ ᠬᠣᠶᠠᠷ ᠤᠯᠤᠰ ᠤᠨ ᠬᠣᠭᠣᠷᠣᠨᠳᠣ ᠣᠶᠤᠲᠠᠨ ᠰᠤᠯᠢᠯᠴᠠᠬᠤ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠪᠡᠯᠡᠨ ᠪᠠᠢᠢᠭ᠎ᠠ ᠪᠠᠨ ᠢᠯᠡᠷᠬᠡᠢᠢᠯᠡᠪᠡ᠃

ᠠᠷᠪᠠᠨ ᠭᠤᠷᠪᠠ᠃ ᠲᠠᠯ ᠤᠳ ᠴᠠᠷ᠎ ᠲᠠᠬᠤᠯ ᠤᠨ ᠨᠥᠬᠥᠴᠡᠯ ᠪᠠᠢᠢᠳᠠᠯ ᠲᠠᠢ ᠤᠶᠠᠯᠳᠤᠭᠤᠯᠤᠨ ᠬᠣᠶᠠᠷ ᠤᠯᠤᠰ ᠤᠨ ᠬᠣᠭᠣᠷᠣᠨᠳᠣ ᠢᠷᠭᠡᠳ ᠵᠣᠷᠴᠢᠬᠤ ᠰᠢᠭᠤᠳ ᠨᠢᠰᠦᠯᠭᠡ ᠢᠢᠨ ᠲᠣᠭ᠎ᠠ ᠢᠢ ᠦᠶ᠎ᠡ ᠱᠠᠲᠤ ᠲᠠᠢ ᠪᠠᠷ ᠨᠡᠮᠡᠭᠳᠡᠭᠦᠯᠵᠦ᠂ ᠬᠣᠶᠠᠷ ᠣᠷᠣᠨ ᠤ ᠢᠷᠭᠡᠳ ᠡᠷᠡᠭᠦᠯ᠂ ᠠᠶᠤᠯ ᠦᠭᠡᠢ ᠵᠣᠷᠴᠢᠬᠤ ᠨᠥᠬᠥᠴᠡᠯ ᠢ ᠪᠦᠷᠢᠳᠦᠭᠦᠯᠬᠦ ᠢᠢᠨ ᠲᠥᠯᠥᠭᠡ ᠢᠳᠡᠪᠬᠢᠲᠡᠢ ᠬᠠᠮᠲᠤᠷᠠᠨ ᠠᠵᠢᠯᠯᠠᠬᠤ ᠪᠠᠷ ᠲᠣᠬᠢᠷᠠᠯᠴᠠᠪᠠ᠃

ᠠᠷᠪᠠᠨ ᠳᠥᠷᠪᠡ᠃ ᠲᠠᠯ ᠤᠳ ᠮᠣᠩ᠋ᠭᠣᠯ᠂ ᠬᠢᠲᠠᠳ᠂ ᠣᠷᠣᠰ ᠭᠤᠷᠪᠠᠨ ᠤᠯᠤᠰ ᠤᠨ ᠲᠥᠷᠥ ᠢᠢᠨ ᠲᠡᠷᠢᠭᠦᠨ ᠨᠠᠷ ᠤᠨ ᠵᠢᠷᠭᠤᠭ᠎ᠠ ᠳ᠋ᠠᠬᠢ ᠤᠳᠠᠭ᠎ᠠ ᠢᠢᠨ ᠠᠭᠤᠯᠵᠠᠯᠲᠠ ᠪᠣᠯᠤᠨ ᠭᠤᠷᠪᠠᠨ ᠤᠯᠤᠰ ᠤᠨ ᠬᠠᠮᠲᠤ ᠢᠢᠨ ᠠᠵᠢᠯᠯᠠᠭᠠᠨ ᠤ ᠦᠷ᠎ᠡ ᠳ᠋ᠦᠩ ᠢ ᠥᠨᠳᠥᠷ ᠢᠶᠡᠷ ᠦᠨᠡᠯᠡᠵᠦ᠂ ᠣᠷᠣᠰ ᠤᠨ ᠲᠠᠯ᠎ᠠ ᠲᠠᠢ ᠬᠠᠮᠲᠤᠷᠠᠨ ᠮᠣᠩ᠋ᠭᠣᠯ᠂ ᠬᠢᠲᠠᠳ᠂ ᠣᠷᠣᠰ ᠤᠨ ᠡᠳ᠋ ᠍ ᠦᠨ ᠵᠠᠰᠠᠭ ᠤᠨ ᠺᠣᠷᠢᠳᠣᠷ ᠤᠨ ᠪᠦᠲᠦᠭᠡᠨ ᠪᠠᠢᠢᠭᠤᠯᠤᠯᠲᠠ ᠢᠢ ᠡᠷᠴᠢᠮᠵᠢᠭᠦᠯᠦᠨ᠎ᠡ᠃ ᠮᠣᠩ᠋ᠭᠣᠯ᠂ ᠬᠢᠲᠠᠳ᠂ ᠣᠷᠣᠰ ᠤᠨ ᠡᠳ᠋ ᠍ ᠦᠨ ᠵᠠᠰᠠᠭ ᠤᠨ ᠺᠣᠷᠢᠳᠣᠷ ᠤᠨ ᠬᠦᠷᠢᠶᠡᠨ ᠳᠥ ᠲᠡᠮᠦᠷ ᠵᠠᠮ ᠤᠨ ᠲᠥᠪ ᠺᠣᠷᠢᠳᠣᠷ ᠢ ᠰᠢᠨᠡᠳᠭᠡᠬᠦ ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ ᠦᠨ ᠰᠤᠳᠤᠯᠭ᠎ᠠ ᠢᠢ ᠲᠦᠷᠭᠡᠳᠬᠡᠵᠦ᠂ ᠣᠷᠣᠰ  ᠤᠨ ᠬᠣᠯᠪᠣᠭᠠᠨ ᠤ ᠤᠯᠤᠰ ᠠᠴᠠ ᠮᠣᠩ᠋ᠭᠣᠯ ᠤᠯᠤᠰ ᠤᠨ ᠭᠠᠵᠠᠷ ᠨᠤᠲᠤᠭ ᠢᠶᠠᠷ ᠳᠠᠮᠵᠢᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠷᠤᠤ ᠪᠠᠢᠢᠭᠠᠯᠢ ᠢᠢᠨ ᠬᠡᠢ ᠨᠡᠢᠢᠯᠡᠭᠦᠯᠬᠦ ᠬᠣᠭᠣᠯᠠᠢ ᠪᠠᠷᠢᠬᠤ ᠲᠥᠰᠥᠯ ᠢ ᠢᠳᠡᠪᠬᠢᠲᠡᠢ ᠤᠷᠤᠭᠰᠢᠯᠠᠭᠤᠯᠤᠨ᠎ᠠ᠃

ᠠᠷᠪᠠᠨ ᠲᠠᠪᠤ᠃ ᠲᠠᠯ ᠤᠳ ᠬᠥᠭ᠍ᠵᠢᠵᠦ ᠪᠤᠢ ᠣᠷᠣᠨ ᠨᠤᠭᠤᠳ ᠤᠨ ᠬᠤᠪᠢ ᠳᠤ ᠣᠯᠠᠨ ᠤᠯᠤᠰ ᠪᠣᠯᠤᠨ ᠪᠥᠰᠡ ᠨᠤᠲᠤᠭ ᠤᠨ ᠠᠰᠠᠭᠤᠳᠠᠯ ᠢᠶᠠᠷ ᠥᠷᠭᠡᠨ ᠬᠦᠷᠢᠶᠡᠨ ᠦ ᠨᠡᠢᠢᠲᠡᠯᠢᠭ ᠠᠰᠢᠭ ᠰᠣᠨᠢᠷᠬᠠᠯ ᠪᠣᠯᠤᠨ ᠣᠢᠢᠷᠠᠯᠴᠠᠭ᠎ᠠ ᠪᠠᠢᠢᠷᠢ ᠰᠠᠭᠤᠷᠢ ᠲᠠᠢ ᠪᠠᠢᠢᠳᠠᠭ ᠪᠥᠭᠡᠳ ᠣᠯᠠᠨ ᠤᠯᠤᠰ᠂ ᠪᠥᠰᠡ ᠨᠤᠲᠤᠭ ᠤᠨ ᠪᠠᠢᠢᠭᠤᠯᠤᠯᠭ᠎ᠠ ᠳᠤ ᠬᠠᠷᠢᠯᠴᠠᠨ ᠳᠡᠮᠵᠢᠳᠡᠭ ᠤᠯᠠᠮᠵᠢᠯᠠᠯ ᠢᠶᠠᠨ ᠬᠠᠳᠠᠭᠠᠯᠠᠵᠤ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ᠂ ᠠᠽᠢ-ᠧᠦ᠋ᠷᠣᠫᠠ ᠢᠢᠨ ᠠᠭᠤᠯᠵᠠᠯᠲᠠ᠂ ᠠᠽᠢ ᠳᠤ ᠬᠠᠮᠲᠤ ᠢᠢᠨ ᠠᠵᠢᠯᠯᠠᠭ᠎ᠠ ᠪᠠᠨ᠂ ᠢᠲᠡᠭᠡᠯᠴᠡᠯ ᠢ ᠪᠡᠬᠢᠵᠢᠭᠦᠯᠬᠦ ᠪᠠᠭ᠎ᠠ ᠬᠤᠷᠠᠯ᠂ Association of South – East Asian Nations ᠍ ᠤ ᠪᠥᠰᠡ ᠨᠤᠲᠤᠭ ᠤᠨ ᠴᠢᠭᠤᠯᠭ᠎ᠠ᠂ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠬᠦᠷᠢᠶᠡᠨ ᠳᠥ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠠᠷ ᠰᠠᠨᠠᠯ ᠨᠢᠭᠡᠳᠪᠡ᠃ ᠲᠠᠯ ᠤᠳ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠳᠦᠷᠢᠮ ᠦᠨ ᠦᠨᠳᠦᠰᠦᠨ ᠵᠣᠷᠢᠯᠭ᠎ᠠ ᠪᠣᠯᠤᠨ ᠵᠠᠷᠴᠢᠮ ᠳᠤ ᠰᠠᠭᠤᠷᠢᠯᠠᠭᠰᠠᠨ ᠣᠯᠠᠨ ᠤᠯᠤᠰ ᠤᠨ ᠬᠠᠷᠢᠯᠴᠠᠭᠠᠨ ᠤ ᠦᠨᠳᠦᠰᠦᠨ ᠬᠡᠮ ᠬᠡᠮᠵᠢᠶᠡᠨ ᠳᠥ ᠲᠤᠯᠭᠠᠭᠤᠷᠢᠯᠠᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠡᠪ ᠨᠢᠭᠡᠳᠦᠯ᠂ ᠬᠠᠮᠲᠤ ᠢᠢᠨ ᠠᠵᠢᠯᠯᠠᠭ᠎ᠠ᠂ ᠣᠯᠠᠨ ᠲᠠᠯ᠎ᠠ ᠳᠤ ᠦᠵᠡᠯ ᠰᠠᠨᠠᠭ᠎ᠠ ᠢᠢ ᠰᠠᠬᠢᠨ ᠬᠠᠮᠠᠭᠠᠯᠠᠵᠤ᠂ ᠡᠩᠬᠡ ᠲᠠᠢᠢᠪᠤᠩ᠂ ᠬᠥᠭ᠍ᠵᠢᠯ ᠴᠡᠴᠡᠭᠯᠡᠯ᠂ ᠡᠷᠬᠡ ᠲᠡᠭᠰᠢ ᠪᠠᠢᠢᠳᠠᠯ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠵᠡᠷᠭᠡ ᠬᠦᠮᠦᠨ ᠲᠥᠷᠥᠯᠬᠢᠲᠡᠨ ᠦ ᠨᠡᠢᠢᠲᠡᠯᠢᠭ ᠦᠨᠡᠲᠦ ᠵᠦᠢᠯᠡᠰ ᠢ ᠲᠦᠭᠡᠭᠡᠨ ᠳᠡᠯᠭᠡᠷᠡᠭᠦᠯᠦᠨ᠎ᠡ᠃

ᠠᠷᠪᠠᠨ ᠵᠢᠷᠭᠤᠭ᠎ᠠ᠃ ᠮᠣᠩ᠋ᠭᠣᠯ ᠤᠨ ᠲᠠᠯ᠎ᠠ ᠬᠢᠲᠠᠳ ᠤᠨ ᠲᠠᠯ᠎ᠠ ᠢᠢᠨ ᠳᠡᠪᠰᠢᠭᠦᠯᠦᠭᠰᠡᠨ 《ᠳᠡᠯᠡᠬᠡᠢ ᠢᠢᠨ ᠠᠶᠤᠯ ᠦᠭᠡᠢ ᠪᠠᠢᠢᠳᠠᠯ ᠤᠨ ᠰᠠᠨᠠᠭᠠᠴᠢᠯᠠᠭ᠎ᠠ》 ᠍ ᠤᠨ ᠬᠦᠷᠢᠶᠡᠨ ᠳᠥ ᠠᠭᠤᠷ ᠠᠮᠢᠰᠬᠤᠯ ᠤᠨ ᠥᠭᠡᠷᠡᠴᠢᠯᠡᠯᠲᠡ᠂ ᠲᠧᠷᠷᠣᠷᠢᠰᠮ ᠲᠡᠢ ᠲᠡᠮᠡᠴᠡᠬᠦ ᠵᠡᠷᠭᠡ ᠠᠰᠠᠭᠤᠳᠠᠯ ᠢᠶᠠᠷ ᠢᠳᠡᠪᠬᠢᠲᠡᠢ ᠬᠠᠮᠲᠤᠷᠠᠨ ᠠᠵᠢᠯᠯᠠᠨ᠎ᠠ᠃ ᠲᠠᠯ ᠤᠳ ᠭᠠᠮᠰᠢᠭ ᠤᠨ ᠡᠷᠦᠰᠳᠡᠯ ᠢ ᠪᠠᠭᠤᠷᠠᠭᠤᠯᠬᠤ ᠪᠣᠯᠤᠨ ᠨᠡᠢᠢᠲᠡ ᠢᠢᠨ ᠡᠷᠡᠭᠦᠯ ᠮᠡᠨᠳᠦ ᠢᠢ ᠬᠠᠮᠠᠭᠠᠯᠠᠬᠤ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠪᠡᠷ ᠲᠣᠬᠢᠷᠠᠯᠴᠠᠪᠠ᠃ ᠬᠢᠲᠠᠳ ᠤᠨ ᠲᠠᠯ᠎ᠠ ᠵᠡᠭᠦᠨ ᠬᠣᠢᠢᠳᠤ ᠠᠽᠢ ᠢᠢᠨ ᠠᠶᠤᠯ ᠦᠭᠡᠢ ᠪᠠᠢᠢᠳᠠᠯ ᠤᠨ ᠠᠰᠠᠭᠤᠳᠠᠯᠠᠷᠠᠬᠢ 《ᠤᠯᠠᠭᠠᠨᠪᠠᠭᠠᠲᠤᠷ ᠤᠨ ᠶᠠᠷᠢᠶ᠎ᠠ ᠬᠡᠯᠡᠯᠴᠡᠭᠡ》 ᠍ ᠢ ᠥᠨᠳᠥᠷ ᠢᠶᠡᠷ ᠦᠨᠡᠯᠡᠵᠦ᠂ ᠤᠭ ᠮᠧᠾᠠᠨᠢᠰᠮ ᠨᠢ ᠪᠥᠰᠡ ᠨᠤᠲᠤᠭ ᠤᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠳᠤ ᠢᠳᠡᠪᠬᠢᠲᠡᠢ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠵᠦ ᠪᠠᠢᠢᠭ᠎ᠠ ᠪᠠᠨ ᠢᠯᠡᠷᠬᠡᠢᠢᠯᠡᠪᠡ᠃

ᠠᠷᠪᠠᠨ ᠳᠣᠯᠣᠭ᠎ᠠ᠃ ᠲᠠᠯ ᠤᠳ ᠠᠭᠤᠷ ᠠᠮᠢᠰᠬᠤᠯ ᠤᠨ ᠥᠭᠡᠷᠡᠴᠢᠯᠡᠯᠲᠡ᠂ ᠰᠢᠷᠤᠢᠢᠨ ᠰᠢᠭᠤᠷᠭ᠎ᠠ᠂ ᠴᠥᠯᠵᠢᠯᠲᠡ ᠢᠢᠨ ᠡᠰᠡᠷᠭᠥ ᠠᠪᠴᠤ ᠬᠡᠷᠡᠭᠵᠢᠭᠦᠯᠵᠦ ᠪᠤᠢ ᠲᠤᠰ ᠲᠤᠰ ᠤᠨ ᠦᠷ᠎ᠡ ᠳ᠋ᠦᠩ ᠲᠡᠢ ᠠᠷᠭ᠎ᠠ ᠬᠡᠮᠵᠢᠶ᠎ᠡ ᠢᠢ ᠥᠨᠳᠥᠷ ᠢᠶᠡᠷ ᠦᠨᠡᠯᠡᠵᠦ᠂ ᠡᠨᠡ ᠬᠦᠷᠢᠶᠡᠨ ᠳᠥ ᠬᠠᠮᠲᠤ ᠢᠢᠨ ᠠᠵᠢᠯᠯᠠᠭ᠎ᠠ ᠢᠢ ᠪᠠᠨ ᠡᠷᠴᠢᠮᠵᠢᠭᠦᠯᠦᠨ ᠭᠦᠨᠵᠡᠭᠡᠢᠢᠷᠡᠭᠦᠯᠬᠦ ᠪᠡᠷ ᠲᠣᠬᠢᠷᠠᠯᠴᠠᠪᠠ᠃ ᠬᠢᠲᠠᠳ ᠤᠨ ᠲᠠᠯ᠎ᠠ ᠮᠣᠩ᠋ᠭᠣᠯ ᠤᠯᠤᠰ ᠤᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠥᠨᠳᠥᠷ ᠢᠶᠡᠷ ᠦᠨᠡᠯᠡᠵᠦ᠂ ᠢᠳᠡᠪᠬᠢᠲᠡᠢ ᠳᠡᠮᠵᠢᠬᠦ ᠪᠡᠨ ᠢᠯᠡᠷᠬᠡᠢᠢᠯᠡᠪᠡ᠃ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ 《ᠪᠥᠰᠡ ᠪᠠ ᠵᠠᠮ》 ᠰᠠᠨᠠᠭᠠᠴᠢᠯᠠᠭ᠎ᠠ ᠢᠢᠨ ᠨᠣᠭᠣᠭᠠᠨ ᠬᠥᠭ᠍ᠵᠢᠯ ᠦᠨ ᠪᠦᠲᠦᠭᠡᠨ ᠪᠠᠢᠢᠭᠤᠯᠤᠯᠲᠠ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠠᠵᠢᠯ ᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨᠲᠡᠢ ᠤᠶᠠᠯᠳᠤᠭᠤᠯᠤᠨ ᠬᠠᠮᠲᠤᠷᠠᠭᠰᠠᠨ ᠲᠥᠰᠥᠯ ᠬᠡᠷᠡᠭᠵᠢᠭᠦᠯᠬᠦ ᠪᠡᠷ ᠲᠣᠬᠢᠷᠠᠯᠴᠠᠪᠠ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠣᠷᠣᠯᠴᠠᠭᠴᠢ ᠲᠠᠯ ᠤᠳ ᠤᠨ XVII ᠪᠠᠭ᠎ᠠ ᠬᠤᠷᠠᠯ ᠢ 2026 ᠣᠨ ᠳᠤ ᠤᠯᠠᠭᠠᠨᠪᠠᠭᠠᠲᠤᠷ ᠬᠣᠲᠠᠨ ᠠ ᠵᠣᠬᠢᠶᠠᠨ ᠪᠠᠢᠢᠭᠤᠯᠬᠤ ᠪᠣᠯᠤᠭᠰᠠᠨ ᠳᠤ ᠬᠢᠲᠠᠳ ᠤᠨ ᠲᠠᠯ᠎ᠠ ᠪᠠᠶᠠᠷ ᠬᠦᠷᠭᠡᠵᠦ᠂ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃

ᠠᠷᠪᠠᠨ ᠨᠠᠢᠢᠮᠠ᠃ ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ 《ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠤᠮᠳᠠ ᠬᠤᠭᠤᠴᠠᠭᠠᠨ ᠤ ᠬᠥᠲᠥᠯᠪᠦᠷᠢ》᠂ 《ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠥᠷᠥᠩ᠋ᠭᠡ ᠣᠷᠣᠭᠤᠯᠤᠯᠲᠠ ᠢᠢᠨ ᠬᠠᠮᠲᠤ ᠢᠢᠨ ᠠᠵᠢᠯᠯᠠᠭᠠᠨ ᠤ ᠬᠥᠭ᠍ᠵᠢᠯ ᠦᠨ ᠬᠥᠲᠥᠯᠪᠦᠷᠢ》᠂ 《ᠤᠯᠠᠭᠠᠨᠪᠠᠭᠠᠲᠤᠷ ᠬᠣᠲᠠ ᠢᠢᠨ 《ᠠᠦ᠋ᠲ᠋ᠣᠵᠠᠮ ᠤᠨ ᠲᠦᠭᠵᠢᠷᠡᠯ ᠢ ᠪᠠᠭᠤᠷᠠᠭᠤᠯᠬᠤ ᠲᠡᠮᠦᠷ ᠵᠠᠮ ᠳ᠋ᠣᠣᠷᠠᠬᠢ ᠭᠦᠭᠦᠷᠭᠡᠨ ᠪᠠᠢᠢᠭᠤᠯᠤᠮᠵᠢ》 ᠪᠠᠷᠢᠬᠤ ᠲᠥᠰᠥᠯ ᠦᠨ ᠰᠠᠩᠬᠦᠵᠢᠯᠲᠡ ᠳᠥ ᠵᠣᠷᠢᠭᠤᠯᠤᠭᠰᠠᠨ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠬᠢᠲᠠᠳ ᠤᠨ ᠡᠺᠰᠢᠮ ᠪᠠᠩᠬᠢ ᠬᠣᠭᠣᠷᠣᠨᠳᠣ ᠢᠢᠨ ᠲᠤᠰᠬᠠᠢᠢᠯᠠᠭᠰᠠᠨ ᠵᠢᠭᠡᠯᠡ ᠢᠢᠨ ᠬᠡᠯᠡᠯᠴᠡᠭᠡᠷ》᠂ 《ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠤᠨ ᠪᠤᠴᠠᠯᠲᠠ ᠦᠭᠡᠢ ᠲᠤᠰᠠᠯᠠᠮᠵᠢ ᠢᠢᠨ ᠬᠥᠷᠥᠩ᠋ᠭᠡ ᠪᠡᠷ ᠬᠡᠷᠡᠭᠵᠢᠭᠦᠯᠦᠭᠰᠡᠨ ᠮᠣᠩ᠋ᠭᠣᠯ ᠤᠯᠤᠰ ᠤᠨ 《ᠬᠥᠭ᠍ᠵᠢᠯ ᠦᠨ ᠪᠡᠷᠬᠡᠰᠢᠶᠡᠯ ᠲᠡᠢ ᠬᠡᠦᠬᠡᠳ ᠦᠨ ᠬᠥᠭ᠍ᠵᠢᠯ ᠦᠨ ᠲᠥᠪ》 ᠍ ᠦᠨ ᠳᠠᠭᠠᠯᠳᠤᠬᠤ ᠪᠠᠢᠢᠭᠤᠯᠤᠮᠵᠢ ᠢᠢᠨ ᠲᠥᠰᠥᠯ ᠦᠨ ᠠᠵᠢᠯ ᠬᠦᠯᠢᠶᠡᠯᠴᠡᠬᠦ ᠠᠺᠲ》᠂ 《ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠪᠤᠴᠠᠯᠲᠠ ᠦᠭᠡᠢ ᠲᠤᠰᠠᠯᠠᠮᠵᠢ ᠢᠢᠨ ᠬᠥᠷᠥᠩ᠋ᠭᠡ ᠪᠡᠷ ᠬᠡᠷᠡᠭᠵᠢᠭᠦᠯᠦᠭᠰᠡᠨ ᠰᠤᠷᠭᠠᠭᠤᠯᠢ ᠢᠢᠨ ᠲᠥᠰᠥᠯ (2 ᠳ᠋ᠤᠭᠠᠷ ᠡᠭᠡᠯᠵᠢ) ᠍ ᠦᠨ ᠬᠦᠯᠢᠶᠡᠯᠴᠡᠬᠦ ᠠᠺᠲ》᠂ 《ᠮᠣᠩ᠋ᠭᠣᠯ ᠤᠯᠤᠰ ᠤᠨ 《ᠦᠨᠳᠦᠰᠦᠨ ᠦ ᠤᠷᠠᠯᠢᠭ ᠤᠨ ᠶᠡᠬᠡ ᠲᠢᠶᠠᠲ᠋ᠷ》 ᠲᠥᠰᠥᠯ ᠦᠨ ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ ᠦᠨ ᠰᠤᠳᠤᠯᠭ᠎ᠠ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠠᠴᠠ ᠣᠯᠭᠣᠬᠤ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠭᠦᠯᠬᠦ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠰᠤᠯᠢᠯᠴᠠᠬᠤ ᠵᠠᠬᠢᠳᠠᠯ》᠂ 《ᠶᠡᠷᠦᠩᠬᠡᠢᠢᠯᠡᠭᠴᠢ ᠢᠢᠨ ᠨᠡᠷᠡᠮᠵᠢᠲᠦ ᠬᠡᠦᠬᠡᠳ᠂ ᠵᠠᠯᠠᠭᠤᠴᠤᠳ ᠤᠨ ᠰᠫᠣᠷᠲ ᠰᠤᠷᠭᠠᠯᠲᠠ ᠢᠢᠨ ᠴᠣᠭᠴᠠᠯᠠᠪᠤᠷᠢ》 ᠲᠥᠰᠥᠯ ᠦᠨ ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ ᠦᠨ ᠰᠤᠳᠤᠯᠭ᠎ᠠ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠠᠴᠠ ᠣᠯᠭᠣᠬᠤ ᠪᠤᠴᠠᠯᠲᠠ ᠦᠭᠡᠢ ᠲᠤᠰᠠᠯᠠᠮᠵᠢ ᠪᠠᠷ ᠬᠡᠷᠡᠭᠵᠢᠭᠦᠯᠬᠦ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠰᠤᠯᠢᠯᠴᠠᠬᠤ ᠵᠠᠬᠢᠳᠠᠯ》᠂ 《ᠮᠣᠩ᠋ᠭᠣᠯ ᠤᠯᠤᠰ ᠤᠨ ᠡᠳ᠋ ᠍ ᠦᠨ ᠵᠠᠰᠠᠭ᠂ ᠬᠥᠭ᠍ᠵᠢᠯ ᠦᠨ ᠶᠠᠮᠤᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠬᠤᠳᠠᠯᠳᠤᠭᠠᠨ ᠤ ᠶᠠᠮᠤᠨ ᠬᠣᠭᠣᠷᠣᠨᠳᠣ ᠢᠢᠨ ᠬᠥᠷᠥᠩ᠋ᠭᠡ ᠣᠷᠣᠭᠤᠯᠤᠯᠲᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠠᠵᠢᠯ ᠤᠨ ᠬᠡᠰᠡᠭ ᠪᠠᠢᠢᠭᠤᠯᠬᠤ ᠲᠤᠬᠠᠢ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》᠂ 《ᠮᠣᠩ᠋ᠭᠣᠯ ᠤᠯᠤᠰ ᠤᠨ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠦᠨᠳᠦᠰᠦᠨ ᠦ ᠣᠢ ᠢᠢᠨ ᠠᠵᠤ ᠠᠬᠤᠢ᠂ ᠪᠡᠯᠴᠢᠭᠡᠷ ᠦᠨ ᠭᠠᠵᠠᠷ ᠬᠣᠭᠣᠷᠣᠨᠳᠣ ᠢᠢᠨ ᠭᠠᠩ᠋ᠭ᠎ᠠ ᠢᠢᠨ ᠡᠷᠦᠰᠳᠡᠯ ᠡᠴᠡ ᠤᠷᠢᠳᠴᠢᠯᠠᠨ ᠰᠡᠷᠭᠡᠢᠢᠯᠡᠬᠦ᠂ ᠴᠥᠯᠵᠢᠯᠲᠡ ᠢᠢ ᠰᠠᠭᠠᠷᠠᠭᠤᠯᠬᠤ᠂ ᠪᠡᠯᠴᠢᠭᠡᠷ ᠢ ᠨᠥᠬᠥᠨ ᠰᠡᠷᠭᠦᠭᠡᠬᠦ ᠲᠠᠯ᠎ᠠ ᠪᠠᠷ ᠬᠠᠮᠲᠤᠷᠠᠨ ᠠᠵᠢᠯᠯᠠᠬᠤ ᠲᠤᠬᠠᠢ ᠰᠠᠨᠠᠮᠵᠢ ᠪᠢᠴᠢᠭ᠌》᠂ 《ᠣᠯᠠᠨ ᠤᠯᠤᠰ ᠤᠨ ᠬᠤᠳᠠᠯᠳᠤᠭᠠᠨ ᠤ 《ᠨᠢᠭᠡ ᠴᠣᠩᠬᠣ》-᠍ ᠤ ᠬᠠᠮᠲᠤ ᠢᠢᠨ ᠠᠵᠢᠯᠯᠠᠭᠠᠨ ᠤ ᠲᠤᠬᠠᠢ ᠮᠣᠩ᠋ᠭᠣᠯ ᠤᠯᠤᠰ ᠤᠨ ᠭᠠᠢᠢᠯᠢ ᠢᠢᠨ ᠶᠡᠷᠦᠩᠬᠡᠢ ᠭᠠᠵᠠᠷ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠭᠠᠢᠢᠯᠢ ᠢᠢᠨ ᠶᠡᠷᠦᠩᠬᠡᠢ ᠭᠠᠵᠠᠷ ᠬᠣᠭᠣᠷᠣᠨᠳᠣ ᠢᠢᠨ ᠶᠡᠷᠦᠩᠬᠡᠢ ᠬᠡᠯᠡᠯᠴᠡᠭᠡᠷ》᠂ 《ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠪᠠᠢᠢᠭᠠᠯᠢ  ᠢᠢᠨ ᠬᠠᠳᠤᠯᠠᠩ ᠡᠪᠡᠰᠦ ᠡᠺᠰᠫᠣᠷᠲ᠋ᠯᠠᠬᠤ ᠤᠷᠭᠤᠮᠠᠯ ᠤᠨ ᠡᠷᠡᠭᠦᠯ ᠠᠬᠤᠢ ᠢᠢᠨ ᠱᠠᠭᠠᠷᠳᠠᠯᠭ᠎ᠠ ᠢᠢᠨ ᠲᠤᠬᠠᠢ ᠮᠣᠩ᠋ᠭᠣᠯ ᠤᠯᠤᠰ ᠤᠨ ᠭᠠᠢᠢᠯᠢ ᠢᠢᠨ ᠶᠡᠷᠦᠩᠬᠡᠢ ᠭᠠᠵᠠᠷ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠭᠠᠢᠢᠯᠢ ᠢᠢᠨ ᠶᠡᠷᠦᠩᠬᠡᠢ ᠭᠠᠵᠠᠷ ᠬᠣᠭᠣᠷᠣᠨᠳᠣ ᠢᠢᠨ ᠫᠷᠣᠲ᠋ᠣᠺᠣᠯ》᠂ 《ᠮᠣᠩ᠋ᠭᠣᠯ ᠤᠯᠤᠰ ᠤᠨ ᠬᠢᠯᠢ ᠢᠢᠨ ᠪᠣᠭᠣᠮᠲᠠ ᠢᠢᠨ ᠳᠡᠳ᠋ ᠪᠦᠲᠦᠴᠡ ᠢᠢᠨ ᠪᠦᠲᠦᠭᠡᠨ ᠪᠠᠢᠢᠭᠤᠯᠤᠯᠲᠠ ᠳᠤ ᠲᠤᠰᠠᠯᠠᠮᠵᠢ ᠦᠵᠡᠭᠦᠯᠬᠦ ᠲᠤᠬᠠᠢ ᠲᠥᠰᠥᠯ ᠬᠡᠷᠡᠭᠵᠢᠭᠦᠯᠬᠦ ᠨᠡᠮᠡᠯᠲᠡ ᠭᠡᠷ᠎ᠡ (2)》᠂ 《ᠡᠷᠦᠳᠡᠰᠦ ᠪᠠᠶᠠᠯᠢᠭ ᠤᠨ ᠰᠠᠯᠪᠤᠷᠢ ᠲᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠠᠭᠤᠯᠠ ᠠᠭᠤᠷᠬᠠᠢ᠂ ᠬᠦᠨᠳᠦ ᠦᠢᠯᠡᠳᠪᠦᠷᠢ ᠢᠢᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠪᠠᠢᠢᠭᠠᠯᠢ  ᠢᠢᠨ ᠨᠥᠭᠡᠴᠡ ᠪᠠᠶᠠᠯᠢᠭ ᠤᠨ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》᠂ 《ᠮᠣᠩ᠋ᠭᠣᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠢᠶᠠᠨᠢᠵᠢᠨ ᠬᠣᠲᠠ ᠬᠣᠭᠣᠷᠣᠨᠳᠣ ᠠᠬ᠎ᠠ ᠳᠡᠭᠦᠦ ᠬᠣᠲᠠ ᠢᠢᠨ ᠬᠠᠷᠢᠯᠴᠠᠭ᠎ᠠ ᠢᠢ ᠥᠷᠭᠡᠵᠢᠭᠦᠯᠬᠦ ᠲᠤᠬᠠᠢ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》᠂ 《ᠮᠣᠩ᠋ᠭᠣᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ ᠪᠣᠯᠤᠨ ᠬᠢᠲᠠᠳ ᠤᠨ ᠲᠥᠪ ᠷᠠᠳᠢᠣ᠋᠂ ᠲᠧᠯᠧᠸᠢᠽ ᠬᠣᠭᠣᠷᠣᠨᠳᠣ ᠬᠠᠮᠲᠤᠷᠠᠨ ᠠᠵᠢᠯᠯᠠᠬᠤ ᠬᠡᠯᠡᠯᠴᠡᠭᠡᠷ》᠂ 《ᠮᠣᠩ᠋ᠭᠣᠯ ᠤᠨ ᠤᠯᠠᠭᠠᠨ ᠵᠠᠭᠠᠯᠮᠠᠢ ᠨᠡᠢᠢᠭᠡᠮᠯᠢᠭ᠌᠂ ᠬᠢᠲᠠᠳ ᠤᠨ ᠤᠯᠠᠭᠠᠨ ᠵᠠᠭᠠᠯᠮᠠᠢ ᠬᠣᠭᠣᠷᠣᠨᠳᠣ ᠢᠢᠨ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌》 ᠵᠡᠷᠭᠡ ᠨᠡᠢᠢᠲᠡ 16 ᠪᠠᠷᠢᠮᠲᠠ ᠪᠢᠴᠢᠭ᠌ ᠢ ᠪᠠᠢᠢᠭᠤᠯᠪᠠ᠃

ᠠᠷᠪᠠᠨ ᠶᠢᠰᠦ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠬᠢᠭ᠍ᠰᠡᠨ ᠲᠥᠷᠥ ᠢᠢᠨ ᠠᠢᠢᠯᠴᠢᠯᠠᠯ ᠠᠮᠵᠢᠯᠲᠠ ᠲᠠᠢ ᠶᠠᠪᠤᠭᠳᠠᠵᠤ᠂ ᠬᠣᠶᠠᠷ ᠣᠷᠣᠨ ᠤ ᠬᠠᠷᠢᠯᠴᠠᠭᠠᠨ ᠤ ᠲᠡᠦᠬᠡᠨ ᠳᠥ ᠴᠢᠬᠤᠯᠠ ᠠᠴᠢ ᠬᠣᠯᠪᠣᠭᠳᠠᠯ ᠲᠠᠢ ᠪᠣᠯᠤᠭᠰᠠᠨ ᠢ ᠲᠠᠯ᠎ᠠ ᠨᠤᠭᠤᠳ ᠰᠠᠨᠠᠯ ᠨᠢᠭᠡᠲᠡᠢ ᠲᠡᠮᠳᠡᠭᠯᠡᠪᠡ᠃ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠠᠨ᠂ ᠬᠢᠲᠠᠳ ᠤᠨ ᠵᠠᠰᠠᠭ ᠤᠨ ᠭᠠᠵᠠᠷ ᠪᠣᠯᠤᠨ ᠠᠷᠠᠳ ᠲᠦᠮᠡᠨ ᠬᠠᠯᠠᠭᠤᠨ ᠳᠣᠲᠣᠨᠣ ᠪᠠᠷ ᠬᠦᠯᠢᠶᠡᠨ ᠠᠪᠤᠭᠰᠠᠨ ᠳᠤ ᠲᠠᠯᠠᠷᠬᠠᠯ ᠢᠯᠡᠷᠬᠡᠢᠢᠯᠡᠵᠦ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ‍ ᠵᠢᠡᠢᠫᠢᠨ ᠢ ᠲᠠᠭᠠᠯᠠᠮᠵᠢᠲᠠᠢ ᠦᠢ ᠡ ᠳ᠋ᠥ ᠪᠡᠨ ᠮᠣᠩ᠋ᠭᠣᠯ ᠤᠯᠤᠰ ᠲᠤ ᠳᠠᠬᠢᠨ ᠠᠢᠢᠯᠴᠢᠯᠠᠬᠤ ᠢᠢ ᠤᠷᠢᠪᠠ᠃