Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠵᠠᠰᠠᠭ ᠤᠨ ᠭᠠᠵᠠᠷ᠂ ᠬᠠᠤᠯᠢ᠂ ᠬᠦᠴᠦᠨ ᠦ ᠪᠠᠢᠢᠭᠤᠯᠤᠯᠭ᠎ᠠ ᠢᠢᠨ ᠤᠳᠤᠷᠢᠳᠤᠯᠭ᠎ᠠ ᠨᠤᠭᠤᠳ ᠢ ᠳᠠᠭᠤᠳᠠᠵᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ 12.30 ᠴᠠᠭ ᠲᠤ ᠮᠣᠩ᠋ᠭᠣᠯ ᠤᠯᠤᠰ ᠤᠨ ᠰᠠᠢᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠳᠠ‍᠂ ᠠᠮᠤᠷᠪᠠᠶᠠᠰᠬᠤᠯᠠᠩ᠂ ᠬᠠᠤᠯᠢ ᠵᠦᠢ᠂ ᠳᠣᠲᠣᠭᠠᠳᠤ ᠬᠡᠷᠡᠭ ᠦᠨ ᠰᠠᠢᠢᠳ ᠬ᠂ ᠨᠢᠮᠠᠪᠠᠭᠠᠲᠤᠷ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠪᠠᠷᠢᠭᠠᠳ᠋ ᠢᠢᠨ ᠭᠧᠨᠧᠷᠠᠯ ᠰ ∙ ᠭᠠᠩᠪᠢᠮᠪᠠ᠂ ᠮᠣᠩ᠋ᠭᠣᠯ ᠤᠯᠤᠰ ᠤᠨ ᠶᠡᠷᠦᠩᠬᠡᠢ ᠫᠷᠣᠺᠦ᠋ᠷᠣᠷ ᠪ ᠂ ᠵᠢᠷᠭᠠᠯᠰᠠᠢᠢᠬᠠᠨ᠂ ᠲᠠᠩᠨᠠᠭᠤᠯ ᠤᠨ ᠶᠡᠷᠦᠩᠬᠡᠢ ᠭᠠᠵᠠᠷ ᠤᠨ ᠳᠠᠷᠤᠭ᠎ᠠ᠂ ᠬᠣᠰᠢᠭᠤᠴᠢ ᠭᠧᠨᠧᠷᠠᠯ ᠫ᠂ ᠣᠳᠣᠨᠪᠠᠭᠠᠲᠤᠷ᠂ ᠠᠪᠢᠯᠭ᠎ᠠ ᠲᠠᠢ ᠲᠡᠮᠡᠴᠡᠬᠦ ᠭᠠᠵᠠᠷ ᠤᠨ ᠳᠡᠳ᠋ ᠳᠠᠷᠤᠭ᠎ᠠ᠂ ᠡᠷᠬᠢᠯᠡᠭᠰᠡᠨ ᠺᠣᠮᠢᠰᠰᠠᠷ ᠭ ∙ ᠠᠵᠠᠵᠢᠷᠭᠠᠯ᠂ ᠴᠠᠭᠳᠠᠭ᠎ᠠ ᠢᠢᠨ ᠶᠡᠷᠦᠩᠬᠡᠢ ᠭᠠᠵᠠᠷ ᠤᠨ ᠳᠠᠷᠤᠭ᠎ᠠ᠂ ᠬᠣᠰᠢᠭᠤᠴᠢ ᠭᠧᠨᠧᠷᠠᠯ ᠵ ∙ ᠪᠣᠯᠣᠳ ᠨᠠᠷ ᠢ ᠳᠠᠭᠤᠳᠠᠵᠤ ᠠᠭᠤᠯᠵᠠᠪᠠ᠃

ᠠᠷᠠᠳ ᠢᠷᠭᠡᠳ ᠳᠥᠷᠪᠡᠨ ᠡᠳᠦᠷ ᠦᠨ ᠲᠤᠷᠰᠢ ᠲᠥᠪ ᠲᠠᠯᠠᠪᠠᠢ ᠳᠤ ᠵᠢᠬᠰᠠᠭᠠᠯ ᠬᠢᠵᠦ ᠪᠠᠢᠢᠭ᠎ᠠ ᠴᠤ ᠵᠠᠰᠠᠭ ᠤᠨ ᠭᠠᠵᠠᠷ᠂ ᠬᠠᠤᠯᠢ᠂ ᠬᠦᠴᠦᠨ ᠦ ᠪᠠᠢᠢᠭᠤᠯᠤᠯᠭ᠎ᠠ ᠨᠤᠭᠤᠳ ᠥᠨᠥ ᠢᠢ ᠬᠦᠷᠲᠡᠯ᠎ᠡ ᠲᠣᠳᠣᠷᠬᠠᠢ ᠠᠷᠭ᠎ᠠ ᠬᠡᠮᠵᠢᠶ᠎ᠡ ᠠᠪᠴᠤ᠂ ᠰᠢᠢᠳᠪᠦᠷᠢᠯᠡᠬᠦ ᠦᠭᠡᠢ ᠪᠠᠢᠢᠭ᠎ᠠ ᠢᠢ ᠶᠡᠷᠦᠩᠬᠡᠢᠢᠯᠡᠭᠴᠢ ᠪᠤᠷᠤᠭᠤᠰᠢᠶᠠᠪᠠ᠃

ᠲᠡᠷᠡ ᠪᠡᠷ ᠨᠡᠭᠦᠷᠡᠰᠦᠨ ᠦ ᠬᠤᠯᠠᠭᠠᠢᠢᠴᠢᠳ ᠤᠨ ᠨᠡᠷ᠎ᠡ ᠢᠢ ᠵᠠᠷᠯᠠᠬᠤ ᠦᠭᠡᠢ ᠪᠠᠢᠢᠭ᠎ᠠ ᠰᠢᠯᠲᠠᠭᠠᠨ ᠢ ᠲᠡᠳᠡᠨ ᠡᠴᠡ ᠨᠡᠬᠡᠵᠦ᠂ ᠡᠨᠡ ᠬᠡᠷᠡᠭ ᠲᠥ ᠨᠡᠷ᠎ᠡ ᠬᠣᠯᠪᠣᠭᠳᠠᠭᠰᠠᠨ ᠤᠯᠤᠰ ᠤᠨ ᠶᠡᠬᠡ ᠬᠤᠷᠠᠯ ᠤᠨ ᠭᠡᠰᠢᠭᠦᠳ ᠦᠨ ᠪᠥᠷᠢᠨ ᠡᠷᠬᠡ ᠢᠢ ᠲᠦᠳᠡᠭᠡᠯᠵᠡᠭᠦᠯᠬᠦ ᠠᠰᠠᠭᠤᠳᠠᠯ ᠢ ᠤᠯᠤᠰ ᠤᠨ ᠶᠡᠬᠡ ᠬᠤᠷᠠᠯ ᠳᠤ ᠣᠷᠣᠭᠤᠯᠬᠤ ᠡᠷᠬᠡ ᠬᠠᠤᠯᠢ ᠪᠠᠷ ᠣᠯᠭᠣᠭᠳᠠᠭᠰᠠᠨ ᠢ ᠤᠯᠤᠰ ᠤᠨ ᠶᠡᠷᠦᠩᠬᠡᠢ ᠫᠷᠣᠺᠦ᠋ᠷᠣᠷ ᠲᠤ ᠬᠠᠲᠠᠭᠤ ᠰᠠᠨᠠᠭᠤᠯᠤᠯ᠎ᠠ᠃

ᠬᠡᠷᠪᠡ ᠠᠰᠠᠭᠤᠳᠠᠯ ᠢ ᠰᠢᠭᠤᠷᠬᠠᠢ ᠰᠢᠢᠳᠪᠦᠷᠢᠯᠡᠬᠦ ᠦᠭᠡᠢ ᠪᠣᠯ ᠬᠣᠯᠪᠣᠭᠳᠠᠬᠤ ᠬᠠᠤᠯᠢ ᠲᠣᠭᠲᠠᠭᠠᠮᠵᠢ ᠨᠤᠭᠤᠳ ᠲᠤ ᠵᠢᠭᠠᠭᠰᠠᠨ ᠤ ᠳᠠᠭᠠᠭᠤ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠪᠥᠷᠢᠨ ᠡᠷᠬᠡ ᠢᠢ ᠬᠤᠭᠤᠴᠠᠭᠠᠨ ᠠᠴᠠ ᠨᠢ ᠡᠮᠦᠨ᠎ᠡ ᠳᠠᠭᠤᠰᠬᠠᠪᠤᠷᠢ ᠪᠣᠯᠭᠠᠵᠤ᠂ ᠠᠷᠠᠳ ᠲᠦᠮᠡᠨ ᠳᠥ ᠰᠣᠩ᠋ᠭᠣᠯᠲᠠ ᠬᠢᠬᠦ ᠡᠷᠬᠡ ᠢᠢ ᠨᠢ ᠣᠯᠭᠤᠬᠤ ᠴᠠᠭ ᠣᠢᠢᠷᠠᠬᠠᠨ ᠪᠠᠢᠢᠭ᠎ᠠ ᠢᠢ ᠠᠩᠬᠠᠷᠤᠭᠤᠯᠪᠠ᠃

ᠲᠡᠭᠦᠨᠴᠢᠯᠡᠨ ᠵᠠᠰᠠᠭ ᠤᠨ ᠭᠠᠵᠠᠷ ᠤᠨ ᠲᠥᠯᠥᠭᠡᠯᠡᠯ ᠢ ᠲᠥᠪ ᠲᠠᠯᠠᠪᠠᠢ ᠳᠤ ᠣᠴᠢᠵᠤ ᠵᠢᠬᠰᠠᠭᠴᠢ ᠢᠷᠭᠡᠳ ᠲᠡᠢ ᠠᠭᠤᠯᠵᠠᠨ᠂ ᠬᠢᠵᠦ ᠪᠠᠢᠢᠭ᠎ᠠ ᠠᠵᠢᠯ ᠢᠶᠠᠨ ᠢᠯᠡ ᠲᠣᠳᠣ ᠶᠠᠷᠢᠬᠤ ᠢᠢ ᠱᠠᠭᠠᠷᠳᠠᠪᠠ᠃

ᠠᠭᠤᠯᠵᠠᠯᠲᠠ ᠳᠤ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠵᠠ‍᠂ ᠡᠩᠬᠡᠪᠠᠶᠠᠷ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠨᠠᠷ ᠪᠠᠢᠢᠯᠴᠠᠪᠠ᠃