Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠠᠫᠣᠨ ᠤ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠬ᠂ ᠬᠣᠰᠣᠳᠠ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠠᠫᠣᠨ ᠤ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠬ᠂ ᠬᠣᠰᠣᠳᠠ᠂ ᠶᠠᠫᠣᠨ ᠤ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠳ᠋ᠠᠬᠢ ᠶᠠᠫᠣᠨ᠂ ᠮᠣᠩ᠋ᠭᠣᠯ ᠤᠨ ᠨᠠᠢᠢᠷᠠᠮᠳᠠᠯ ᠤᠨ ᠪᠦᠯᠦᠭ ᠦᠨ ᠳᠠᠷᠤᠭ᠎ᠠ ᠮ᠂ ᠬᠠᠶᠱᠢ‍᠂ ᠬᠦᠨᠳᠦᠲᠦ ᠵᠥᠪᠯᠡᠬᠦ ᠲ᠂ ᠨᠢᠺᠠᠢ ᠨᠠᠷ ᠢ 2022 ᠣᠨ ᠤ 11 ᠳ᠋ᠤᠭᠡᠷ ᠰᠠᠷ᠎ᠠ ᠢᠢᠨ 30- ᠍ ᠤ ᠡᠳᠦᠷ ᠬᠦᠯᠢᠶᠡᠨ ᠠᠪᠴᠤ ᠠᠭᠤᠯᠵᠠᠵᠤ᠂ ᠬᠣᠶᠠᠷ ᠲᠠᠯ᠎ᠠ ᠢᠢᠨ ᠬᠠᠷᠢᠯᠴᠠᠭ᠎ᠠ᠂ ᠫᠠᠷᠯᠠᠮᠧᠨᠲ ᠬᠣᠭᠣᠷᠣᠨᠳᠣ ᠢᠢᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠤᠯᠢᠯᠴᠠᠪᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ᠂ ᠶᠠᠫᠣᠨ ᠤ ᠨᠠᠢᠢᠷᠰᠠᠭ ᠬᠠᠷᠢᠯᠴᠠᠭ᠎ᠠ ᠢᠢ ᠥᠷᠭᠡᠵᠢᠭᠦᠯᠦᠨ ᠪᠡᠬᠢᠵᠢᠭᠦᠯᠬᠦ ᠳᠥ ᠶᠠᠫᠣᠨ ᠤᠯᠤᠰ ᠤᠨ ᠫᠠᠷᠯᠠᠮᠧᠨᠲ᠂ ᠫᠠᠷᠯᠠᠮᠧᠨᠲ ᠳ᠋ᠠᠬᠢ ᠶᠠᠫᠣᠨ᠂ ᠮᠣᠩ᠋ᠭᠣᠯ ᠤᠨ ᠨᠠᠢᠢᠷᠠᠮᠳᠠᠯ ᠤᠨ ᠪᠦᠯᠦᠭ ᠴᠢᠬᠤᠯᠠ ᠡᠭᠦᠷᠭᠡ ᠭᠦᠢᠴᠡᠳᠭᠡᠵᠦ ᠢᠷᠡᠭᠰᠡᠨ ᠢ ᠳᠤᠷᠠᠳᠤᠭᠠᠳ ᠶᠠᠫᠣᠨ ᠤᠯᠤᠰ ᠲᠤ ᠬᠢᠵᠦ ᠪᠤᠢ ᠡᠨᠡ ᠤᠳᠠᠭ᠎ᠠ ᠢᠢᠨ ᠲᠥᠷᠦ ᠢᠢᠨ ᠠᠢᠢᠯᠴᠢᠯᠠᠯ ᠤᠨ ᠳ᠋ᠦᠨᠭ᠌ ᠪᠡᠷ ᠮᠣᠩ᠋ᠭᠣᠯ᠂ ᠶᠠᠫᠣᠨ ᠤ 《ᠰᠲ᠋ᠷᠠᠲ᠋ᠧᠭᠢ ᠢᠢᠨ ᠲᠦᠩᠰᠢᠯᠡᠯ》᠍ ᠤᠨ ᠬᠠᠷᠢᠯᠴᠠᠭ᠎ᠠ ᠢᠢ ᠱᠠᠲᠤ ᠠᠬᠢᠭᠤᠯᠤᠨ 《ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠍ ᠤᠨ ᠰᠢᠨ᠎ᠡ ᠲᠦᠪᠰᠢᠨ ᠳᠥ ᠪᠡᠬᠢᠵᠢᠭᠦᠯᠦᠨ ᠬᠥᠭ᠍ᠵᠢᠭᠦᠯᠬᠦ ᠪᠡᠷ ᠪᠣᠯᠤᠭᠰᠠᠨ ᠳᠤ ᠪᠠᠶᠠᠷᠲᠠᠢ ᠪᠠᠢᠢᠭ᠎ᠠ ᠢᠢ ᠣᠨᠴᠠᠯᠠᠨ ᠲᠡᠮᠳᠡᠭᠯᠡᠪᠡ᠃

ᠮᠥᠨ ᠶᠠᠫᠣᠨ ᠤᠯᠤᠰ ᠮᠣᠩ᠋ᠭᠣᠯ ᠤᠯᠤᠰ ᠤᠨ ᠠᠷᠠᠳᠴᠢᠯᠠᠯ᠂ ᠰᠢᠨᠡᠴᠢᠯᠡᠯ᠂ ᠲᠣᠭᠲᠠᠪᠤᠷᠢᠲᠠᠢ ᠬᠥᠭ᠍ᠵᠢᠯ ᠢ ᠲᠤᠭᠤᠰᠢᠲᠠᠢ ᠳᠡᠮᠵᠢᠵᠦ ᠢᠷᠡᠭᠰᠡᠨ ᠳᠥ ᠲᠠᠯᠠᠷᠬᠠᠯ ᠢᠯᠡᠷᠬᠡᠢᠢᠯᠡᠵᠦ᠂ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠵᠡᠷᠭᠡ ᠨᠡᠢᠢᠲᠡᠯᠢᠭ ᠦᠨᠡᠲᠦ ᠵᠦᠢᠯᠡᠰ ᠪᠦᠬᠦᠢ ᠶᠠᠫᠣᠨ ᠤᠯᠤᠰ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠰᠠᠯᠪᠤᠷᠢ ᠲᠤ ᠪᠡᠬᠢᠵᠢᠭᠦᠯᠬᠦ ᠢᠢᠨ ᠰᠠᠴᠠᠭᠤ ᠳᠡᠯᠡᠬᠡᠢ ᠨᠡᠢᠢᠲᠡ ᠢᠢᠨ ᠡᠮᠦᠨ᠎ᠡ ᠲᠤᠯᠭᠠᠮᠳᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ᠂ ᠪᠥᠰᠡ ᠨᠤᠲᠤᠭ ᠤᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠥᠭᠡ ᠬᠠᠮᠲᠤ ᠳᠤ ᠪᠠᠨ ᠬᠤᠪᠢ ᠨᠡᠮᠡᠷᠢ ᠪᠡᠨ ᠣᠷᠣᠭᠤᠯᠵᠤ᠂ ᠬᠠᠮᠲᠤᠷᠠᠨ ᠠᠵᠢᠯᠯᠠᠬᠤ ᠢᠢᠨ ᠲᠥᠯᠥᠭᠡ ᠪᠠᠢᠢᠭ᠎ᠠ ᠪᠠᠨ ᠨᠣᠲᠠᠯᠠᠪᠠ᠃

ᠶᠠᠫᠣᠨ ᠤ ᠫᠠᠷᠯᠠᠮᠧᠨᠲ ᠤᠨ ᠲᠥᠯᠦᠭᠡᠯᠡᠭᠴᠢᠳ ᠦᠨ ᠲᠠᠩᠬᠢᠮ ᠤᠨ ᠳᠠᠷᠤᠭ᠎ᠠ ᠬ᠂ ᠬᠣᠰᠣᠳᠠ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ ᠬᠣᠶᠠᠷ ᠤᠯᠤᠰ ᠤᠨ ᠫᠠᠷᠯᠠᠮᠧᠨᠲ᠂ ᠫᠠᠷᠯᠠᠮᠧᠨᠲ ᠳ᠋ᠠᠬᠢ ᠨᠠᠢᠢᠷᠠᠮᠳᠠᠯ ᠤᠨ ᠪᠦᠯᠦᠭ ᠦᠨ ᠰᠣᠯᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠴᠢᠭᠯᠡᠭᠰᠡᠨ ᠣᠯᠠᠨ ᠠᠵᠢᠯ᠂ ᠠᠷᠭ᠎ᠠ ᠬᠡᠮᠵᠢᠶ᠎ᠡ ᠢᠢ ᠵᠣᠬᠢᠶᠠᠨ ᠪᠠᠢᠢᠭᠤᠯᠤᠭᠰᠠᠨ ᠢ ᠳᠤᠷᠠᠳᠴᠤ᠂ ᠶᠠᠫᠣᠨ᠂ ᠮᠣᠩ᠋ᠭᠣᠯ ᠤᠨ ᠨᠠᠢᠢᠷᠰᠠᠭ ᠬᠠᠷᠢᠯᠴᠠᠭᠠᠨ ᠤ ᠪᠠᠲᠤ ᠪᠡᠬᠢ ᠦᠨᠳᠦᠰᠦ ᠰᠠᠭᠤᠷᠢᠨ ᠳᠤ ᠲᠤᠯᠭᠠᠭᠤᠷᠢᠯᠠᠨ ᠬᠠᠮᠲᠤ ᠢᠢᠨ ᠠᠵᠢᠯᠯᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠤᠨ ᠬᠥᠭ᠍ᠵᠢᠭᠦᠯᠬᠦ ᠳᠥ ᠶᠠᠫᠣᠨ ᠤ ᠫᠠᠷᠯᠠᠮᠧᠨᠲ ᠤᠨ ᠵᠦᠭ ᠡᠴᠡ ᠴᠢᠨᠠᠭᠰᠢᠳᠠ ᠴᠤ ᠳᠡᠮᠵᠢᠵᠦ᠂ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃