Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠶᠠᠫᠣᠨ ᠤ ᠫᠠᠷᠯᠠᠮᠧᠨᠲ ᠤᠨ ᠵᠥᠪᠯᠡᠬᠥ ᠨᠦᠭᠦᠳ ᠦᠨ ᠲᠠᠩᠬᠢᠮ ᠤᠨ ᠳᠠᠷᠤᠭ᠎ᠠ ᠬ᠂ ᠣᠴᠦᠵᠢ‍ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠠᠫᠣᠨ ᠤ ᠫᠠᠷᠯᠠᠮᠧᠨᠲ ᠤᠨ ᠵᠥᠪᠯᠡᠬᠥ ᠨᠦᠭᠦᠳ ᠦᠨ ᠲᠠᠩᠬᠢᠮ ᠤᠨ ᠳᠠᠷᠤᠭ᠎ᠠ ᠬ᠂ ᠣᠴᠦᠵᠢ‍ ᠢᠢ 2022 ᠣᠨ ᠤ 11 ᠳ᠋ᠤᠭᠡᠷ ᠰᠠᠷ᠎ᠠ ᠢᠢᠨ 30- ᠍ ᠤ ᠡᠳᠦᠷ ᠬᠦᠯᠢᠶᠡᠨ ᠠᠪᠴᠤ ᠠᠭᠤᠯᠵᠠᠪᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠥᠰᠡ ᠨᠤᠲᠤᠭ ᠤᠨ ᠰᠲ᠋ᠷᠠᠲ᠋ᠧᠭᠢ ᠢᠢᠨ ᠳᠣᠲᠣᠨᠣ ᠲᠦᠩᠰᠢ᠂ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ ᠢᠢ ᠡᠷᠬᠢᠮᠯᠡᠭᠰᠡᠨ ᠨᠡᠢᠢᠲᠡᠯᠢᠭ ᠦᠨᠡᠲᠦ ᠵᠦᠢᠯᠡᠰ ᠪᠦᠬᠦᠢ 《ᠭᠤᠷᠪᠠᠳᠠᠭᠴᠢ ᠬᠥᠷᠰᠢ》 ᠶᠠᠫᠣᠨ ᠤᠯᠤᠰ ᠲᠠᠢ ᠨᠠᠢᠢᠷᠰᠠᠭ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠭᠦᠨᠵᠡᠭᠡᠢᠢᠷᠡᠭᠦᠯᠦᠨ ᠬᠥᠭ᠍ᠵᠢᠭᠦᠯᠬᠦ ᠨᠢ ᠮᠣᠩ᠋ᠭᠣᠯ ᠤᠯᠤᠰ ᠤᠨ ᠭᠠᠳᠠᠭᠠᠳᠤ ᠪᠣᠳᠣᠯᠭ᠎ᠠ ᠢᠢᠨ ᠲᠡᠷᠢᠭᠦᠯᠡᠬᠦ ᠴᠢᠭᠯᠡᠯ ᠦᠨ ᠨᠢᠭᠡ ᠭᠡᠳᠡᠭ ᠢ ᠣᠨᠴᠠᠯᠠᠨ ᠲᠡᠮᠳᠡᠭᠯᠡᠪᠡ᠃ ᠲᠡᠷᠡ ᠪᠡᠷ ᠡᠨᠡ ᠤᠳᠠᠭ᠎ᠠ ᠢᠢᠨ ᠠᠢᠢᠯᠴᠢᠯᠠᠯ ᠤᠨ ᠦᠶ᠎ᠡ ᠪᠡᠷ ᠮᠣᠩ᠋ᠭᠣᠯ᠂ ᠶᠠᠫᠣᠨ ᠤ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭᠠᠨ ᠤ ᠲᠦᠪᠰᠢᠨ ᠢ ᠰᠢᠲᠠ ᠠᠬᠢᠭᠤᠯᠵᠤ᠂ ᠳᠤᠮᠳᠠ ᠬᠤᠭᠤᠴᠠᠭᠠᠨ ᠤ ᠬᠥᠲᠥᠯᠪᠦᠷᠢ ᠢᠢ ᠰᠢᠨᠡᠴᠢᠯᠡᠨ 10 ᠵᠢᠯ ᠦᠨ ᠦᠢᠯᠡ ᠠᠵᠢᠯᠯᠠᠭᠠᠨ ᠤ ᠬᠥᠲᠥᠯᠪᠦᠷᠢ ᠢᠢ ᠪᠠᠢᠢᠭᠤᠯᠵᠤ᠂ ᠬᠣᠶᠠᠷ ᠤᠯᠤᠰ ᠤᠨ ᠬᠠᠷᠢᠯᠴᠠᠭᠠᠨ ᠤ ᠢᠷᠡᠬᠦ 50 ᠵᠢᠯ ᠦᠨ ᠰᠢᠨ᠎ᠡ ᠲᠡᠦᠬᠡ ᠢᠢ ᠡᠬᠢᠯᠡᠭᠦᠯᠵᠦ ᠪᠠᠢᠢᠭ᠎ᠠ ᠳᠤ ᠪᠠᠨ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠮᠣᠩ᠋ᠭᠣᠯ᠂ ᠶᠠᠫᠣᠨ ᠤ ᠨᠠᠢᠢᠷᠰᠠᠭ ᠬᠠᠷᠢᠯᠴᠠᠭ᠎ᠠ ᠢᠢ ᠥᠨᠥ ᠢᠢᠨ ᠲᠦᠪᠰᠢᠨ ᠳᠥ ᠬᠦᠷᠭᠡᠵᠦ᠂ ᠥᠷᠭᠡᠵᠢᠭᠦᠯᠦᠨ ᠪᠡᠬᠢᠵᠢᠭᠦᠯᠬᠦ ᠳᠥ ᠬᠣᠶᠠᠷ ᠤᠯᠤᠰ ᠤᠨ ᠫᠠᠷᠯᠠᠮᠧᠨᠲ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠦᠨᠡᠲᠡᠢ ᠬᠤᠪᠢ ᠨᠡᠮᠡᠷᠢ ᠣᠷᠣᠭᠤᠯᠵᠤ ᠢᠷᠡᠭᠰᠡᠨ ᠢ ᠲᠡᠮᠳᠡᠭᠯᠡᠵᠦ᠂ ᠶᠠᠫᠣᠨ ᠤ ᠵᠥᠪᠯᠡᠬᠥ ᠨᠦᠭᠦᠳ ᠦᠨ ᠲᠠᠩᠬᠢᠮ ᠤᠨ ᠵᠦᠭ ᠡᠴᠡ ᠬᠠᠷᠢᠯᠴᠠᠭᠠᠨ ᠤ ᠬᠥᠭ᠍ᠵᠢᠯ ᠳ᠋ᠦ ᠦᠷᠭᠦᠯᠵᠢᠯᠡᠭᠦᠯᠦᠨ ᠠᠩᠬᠠᠷᠴᠤ᠂ ᠲᠤᠭᠤᠰᠢᠲᠠᠢ ᠳᠡᠮᠵᠢᠯᠭᠡ ᠦᠵᠡᠭᠦᠯᠦᠨ ᠠᠵᠢᠯᠯᠠᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠢᠢ ᠢᠯᠡᠷᠬᠡᠢᠢᠯᠡᠪᠡ᠃ ᠮᠥᠨ ᠮᠣᠩ᠋ᠭᠣᠯ ᠤᠨ ᠲᠥᠷᠦ᠂ ᠵᠠᠰᠠᠭ᠂ ᠫᠠᠷᠯᠠᠮᠧᠨᠲ ᠤᠨ ᠵᠦᠭ ᠡᠴᠡ 《ᠶᠠᠫᠣᠨ ᠯᠤᠭ᠎ᠠ  ᠬᠥᠭ᠍ᠵᠢᠶ᠎ᠡ》 ᠬᠡᠮᠡᠬᠦ ᠰᠠᠨᠠᠭᠠᠴᠢᠯᠠᠭ᠎ᠠ ᠢᠢ ᠳᠡᠪᠰᠢᠭᠦᠯᠦᠨ ᠢᠳᠡᠪᠬᠢᠲᠡᠢ ᠠᠵᠢᠯᠯᠠᠵᠤ ᠪᠠᠢᠢᠭ᠎ᠠ ᠢᠢ ᠳᠤᠷᠠᠳᠴᠤ᠂ ᠴᠢᠨᠠᠭᠰᠢᠳᠠ ᠴᠤ ᠫᠠᠷᠯᠠᠮᠧᠨᠲ ᠤᠨ ᠰᠣᠯᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠢᠢᠨ ᠲᠥᠯᠦᠭᠡ ᠪᠠᠢᠢᠭ᠎ᠠ ᠪᠠᠨ ᠨᠣᠲᠠᠯᠠᠪᠠ᠃

ᠶᠠᠫᠣᠨ ᠤ ᠫᠠᠷᠯᠠᠮᠧᠨᠲ ᠤᠨ ᠵᠥᠪᠯᠡᠬᠥ ᠨᠦᠭᠦᠳ ᠦᠨ ᠲᠠᠩᠬᠢᠮ ᠤᠨ ᠳᠠᠷᠤᠭ᠎ᠠ ᠬ᠂ ᠣᠴᠦᠵᠢ‍ ᠮᠣᠩ᠋ᠭᠣᠯ ᠤᠯᠤᠰ᠂ ᠶᠠᠫᠣᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ ᠮᠣᠩ᠋ᠭᠣᠯ ᠤᠯᠤᠰ ᠤᠨ ᠲᠥᠷᠥ ᠢᠢᠨ ᠲᠡᠷᠢᠭᠦᠨ ᠶᠠᠫᠣᠨ ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠠᠢᠢᠭ᠎ᠠ ᠳᠤ ᠪᠠᠶᠠᠷᠲᠠᠢ ᠪᠠᠢᠢᠭ᠎ᠠ ᠢᠢ ᠢᠯᠡᠷᠬᠡᠢᠢᠯᠡᠵᠦ᠂ ᠮᠣᠩ᠋ᠭᠣᠯ ᠤᠯᠤᠰ ᠲᠠᠢ ᠬᠥᠭ᠍ᠵᠢᠭᠦᠯᠵᠦ ᠪᠤᠢ ᠬᠠᠷᠢᠯᠴᠠᠭᠠᠨ ᠳᠤ ᠶᠠᠫᠣᠨ ᠤᠯᠤᠰ ᠣᠨᠤᠴᠤᠭᠠᠢ ᠠᠴᠢ ᠬᠣᠯᠪᠣᠭᠳᠠᠯ ᠥᠭᠳᠡᠭ ᠭᠡᠳᠡᠭ ᠢ ᠲᠡᠮᠳᠡᠭᠯᠡᠵᠦ᠂ ᠴᠢᠨᠠᠭᠰᠢᠳᠠ ᠴᠤ ᠬᠣᠶᠠᠷ ᠤᠯᠤᠰ ᠤᠨ ᠭᠠᠨᠭ᠌ ᠪᠠᠲᠤ ᠬᠠᠷᠢᠯᠴᠠᠭ᠎ᠠ ᠢᠢ ᠤᠯᠠᠮ ᠪᠡᠬᠢᠵᠢᠭᠦᠯᠵᠦ᠂ ᠬᠠᠷᠢᠯᠴᠠᠭᠠᠨ ᠤ ᠡᠷᠬᠡ ᠵᠦᠢ ᠢᠢᠨ ᠣᠷᠴᠢᠨ ᠢ ᠲᠡᠭᠦᠯᠳᠡᠷᠵᠢᠭᠦᠯᠬᠦ ᠳᠥ ᠶᠠᠫᠣᠨ ᠤ ᠫᠠᠷᠯᠠᠮᠧᠨᠲ ᠤᠨ ᠵᠦᠭ ᠡᠴᠡ ᠳᠡᠮᠵᠢᠵᠦ ᠠᠵᠢᠯᠯᠠᠬᠤ ᠪᠠᠨ ᠢᠯᠡᠷᠬᠡᠢᠢᠯᠡᠪᠡ᠃