Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠮᠣᠩ᠋ᠭᠣᠯ ᠤᠯᠤᠰ ᠴᠢᠩ᠋ᠭᠢᠰ ᠬᠠᠭᠠᠨ ᠰᠤᠳᠤᠯᠤᠯ ᠢᠶᠠᠷ ᠳᠡᠯᠡᠬᠡᠢ ᠳᠥ ᠮᠠᠩᠯᠠᠢᠢᠯᠠᠵᠤ ᠪᠠᠢᠢᠬᠤ ᠤᠴᠢᠷᠲᠠᠢ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠳᠤ ᠵᠣᠷᠢᠭᠤᠯᠤᠭᠰᠠᠨ ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠴᠢᠭᠤᠯᠭᠠᠨ ᠳᠤ ᠣᠷᠣᠯᠴᠠᠯ᠎ᠠ᠃

ᠶᠡᠷᠦᠩᠬᠡᠢᠢᠯᠡᠭᠴᠢ ᠢᠢᠨ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄

ᠮᠥᠩᠬᠡ ᠲᠩᠷᠢ ᠢᠢᠨ ᠬᠦᠴᠦᠨ ᠳᠣᠣᠷ᠎ᠠ ᠶᠡᠬᠡ ᠮᠣᠩ᠋ᠭᠣᠯ ᠤᠯᠤᠰ ᠤᠨ ᠭᠠᠯ ᠭᠣᠯᠣᠮᠲᠠ ᠢᠢ ᠰᠠᠬᠢᠨ ᠰᠠᠭᠤᠭ᠎ᠠ ᠮᠣᠩ᠋ᠭᠣᠯᠴᠤᠳ ᠠ᠂

ᠨᠠᠷᠠᠨ ᠤᠷᠭᠤᠬᠤ ᠠᠴᠠ ᠨᠠᠷᠠᠨ ᠵᠢᠷᠭᠠᠬᠤ ᠬᠦᠷᠲᠡᠯᠡᠬᠢ ᠣᠯᠠᠨ ᠭᠠᠵᠠᠷ ᠣᠷᠣᠨ ᠳᠤ ᠣᠷᠣᠰᠢᠨ ᠰᠠᠭᠤᠭ᠎ᠠ ᠡᠯᠢᠭᠡ ᠨᠢᠭᠡᠲᠡᠨ ᠮᠣᠩ᠋ᠭᠣᠯ ᠠᠬᠠᠨ ᠳᠡᠭᠦᠰ ᠡ᠂

ᠡᠷᠬᠢᠮ ᠬᠦᠨᠳᠦᠳᠥ ᠤᠯᠤᠰ ᠤᠨ ᠶᠡᠬᠡ ᠬᠤᠷᠠᠯ ᠤᠨ ᠳᠠᠷᠤᠭ᠎ᠠ᠂ ᠶᠡᠷᠦᠩᠬᠡᠢ ᠰᠠᠢᠢᠳ ᠠ᠂

ᠮᠣᠩ᠋ᠭᠣᠯ ᠲᠥᠷᠥ ᠢᠢᠨ ᠡᠷᠬᠢᠮ ᠲᠦᠰᠢᠶᠡᠳ ᠡ᠂ ᠡᠷᠬᠢᠮ ᠨᠥᠬᠥᠳ ᠡ᠂

ᠡᠷᠬᠢᠮ ᠬᠦᠨᠳᠦᠳᠥ ᠵᠣᠴᠢᠳ ᠠ᠂ ᠬᠦᠮᠦᠨ ᠲᠥᠷᠥᠯᠬᠢᠲᠡᠨ ᠦ ᠲᠡᠦᠬᠡᠨ ᠳ᠋ᠡᠬᠢ ᠠᠤᠭ᠎ᠠ ᠤᠳᠤᠷᠢᠳᠤᠭᠴᠢ᠂ ᠥᠨᠥ ᠢᠢᠨ ᠳᠡᠯᠡᠬᠡᠢ ᠶᠢᠷᠲᠢᠨᠴᠦ ᠢᠢ ᠦᠨᠳᠦᠰᠦᠯᠡᠭᠴᠢᠳ ᠦᠨ ᠨᠢᠭᠡ᠂ ᠮᠢᠩ᠋ᠭᠠᠨ ᠤ ᠰᠤᠤᠲᠤ ᠬᠥᠮᠥᠨ᠂ ᠮᠣᠩ᠋ᠭᠣᠯ ᠲᠦᠮᠡᠨ ᠦ ᠥᠨᠢ ᠮᠥᠩᠬᠡ ᠢᠢᠨ ᠪᠠᠬᠠᠷᠬᠠᠯ᠂ ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ ᠲᠡᠦᠬᠡᠲᠦ 860 ᠵᠢᠯ ᠦᠨ ᠣᠢ ᠢᠢᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠶ᠎ᠡ᠃

ᠮᠣᠩ᠋ᠭᠣᠯᠴᠤᠳ ᠪᠢᠳᠡ ᠶᠡᠬᠡ ᠬᠤᠪᠢ ᠵᠠᠶᠠᠭ᠎ᠠ ᠲᠠᠢ ᠠᠷᠠᠳ ᠲᠦᠮᠡᠨ᠃ ᠮᠥᠩᠬᠡ ᠬᠥᠬᠡ ᠲᠩᠷᠢ ᠮᠣᠩ᠋ᠭᠣᠯᠴᠤᠳ ᠪᠢᠳᠡᠨ ᠳᠥ ᠠᠭᠤᠤ ᠶᠡᠬᠡ ᠰᠤᠤ ᠪᠢᠯᠢᠭᠲᠦ ᠬᠠᠭᠠᠳ ᠤᠨ ᠬᠠᠭᠠᠨ ᠶᠡᠬᠡ ᠡᠵᠡᠨ ᠴᠢᠩ᠋ᠭᠢᠰ ᠬᠠᠭᠠᠨ ᠢ ᠵᠠᠶᠠᠭᠠᠭᠰᠠᠨ ᠪᠢᠯᠡ᠃

ᠣᠳᠣ ᠠᠴᠠ ᠨᠠᠢᠮᠠᠨ ᠵᠠᠭᠤᠨ ᠤ ᠲᠡᠷᠲᠡᠭᠡ ᠡᠵᠡᠨ ᠴᠢᠩ᠋ᠭᠢᠰ ᠬᠠᠭᠠᠨ ᠡᠴᠢᠭᠡ ᠡᠪᠦᠭᠡᠳ ᠦᠨ ᠰᠢᠲᠦᠭᠡᠨ ᠪᠤᠷᠬᠠᠨ ᠬᠠᠯᠳᠤᠨ ᠬᠠᠢᠢᠷᠬᠠᠨ ᠤ ᠥᠪᠥᠷ ᠲᠥ᠂ ᠮᠥᠩᠬᠡ ᠢᠢᠨ ᠷᠠᠰᠢᠶᠠᠨ ᠤᠰᠤᠲᠤ ᠭᠤᠷᠪᠠᠨ ᠭᠣᠣᠯ ᠤᠨ ᠰᠠᠪᠠ ᠭᠠᠵᠠᠷ ᠲᠤ᠂ ᠲᠠᠯ᠎ᠠ ᠢᠢᠨ ᠮᠣᠩ᠋ᠭᠣᠯ ᠢᠵᠠᠭᠤᠷᠲᠠᠨ ᠶᠢᠰᠦᠭᠡᠢ ᠪᠠᠭᠠᠲᠤᠷ᠂ ᠤᠬᠠᠭᠠᠨᠲᠤ ᠰᠡᠴᠡᠨ ᠬᠠᠲᠤᠨ ᠥᠡᠯᠦᠨ ᠡᠬᠡ ᠢᠢᠨ ᠤᠤᠭᠠᠨ ᠬᠥᠪᠡᠭᠦᠨ ᠲᠡᠮᠦᠵᠢᠨ ᠪᠣᠯᠤᠨ ᠮᠡᠨᠳᠦᠯᠡᠵᠡᠢ᠃

ᠲᠡᠮᠦᠵᠢᠨ ᠡᠪ ᠡᠶ᠎ᠡ ᠡᠪᠳᠡᠷᠡᠯᠴᠡᠨ ᠲᠠᠷᠠᠵᠤ ᠪᠤᠲᠠᠷᠠᠭᠰᠠᠨ ᠮᠣᠩ᠋ᠭᠣᠯ ᠣᠪᠤᠭ ᠠᠢᠢᠮᠠᠭ ᠤᠳ ᠢ ᠨᠢᠭᠡᠳᠬᠡᠨ ᠶᠡᠬᠡ ᠮᠣᠩ᠋ᠭᠣᠯ ᠤᠯᠤᠰ ᠢ ᠪᠠᠢᠢᠭᠤᠯᠵᠤ᠂ ᠾᠢᠦᠩᠨᠦ ᠭᠦᠷᠦᠨ ᠡᠴᠡ ᠤᠯᠪᠠᠭ᠎ᠠ ᠲᠠᠢ ᠲᠥᠷᠥ ᠲᠥ ᠶᠣᠰᠣᠨ ᠤ ᠠᠯᠲᠠᠨ ᠠᠷᠭᠠᠮᠵᠢ ᠢᠢ ᠪᠠᠲᠤᠳᠬᠠᠨ ᠪᠡᠬᠢᠵᠢᠭᠦᠯᠵᠦ᠂ ᠮᠣᠩ᠋ᠭᠣᠯ ᠲᠥᠷᠥ ᠢᠢᠨ ᠭᠠᠯ ᠭᠣᠯᠣᠮᠲᠠ ᠢᠢ ᠰᠡᠷᠭᠦᠭᠡᠨ ᠪᠠᠳᠠᠷᠠᠭᠠᠵᠤ᠂ ᠶᠢᠷᠲᠢᠨᠴᠦ ᠳ᠋ᠠᠬᠢᠨ ᠳᠤ ᠳᠠᠭᠤᠷᠢᠰᠠᠭᠳᠠᠭᠰᠠᠨ ᠶᠡᠬᠡ ᠡᠵᠡᠨ ᠴᠢᠩ᠋ᠭᠢᠰ ᠬᠠᠭᠠᠨ ᠪᠣᠯᠤᠨ ᠡᠷᠭᠦᠮᠵᠢᠯᠡᠭᠳᠡᠭᠰᠡᠨ ᠪᠢᠯᠡ᠃

ᠴᠢᠩ᠋ᠭᠢᠰ ᠬᠠᠭᠠᠨ ᠪᠣᠯ ᠮᠣᠩ᠋ᠭᠣᠯ ᠦᠨᠳᠦᠰᠦᠲᠡᠨ ᠦ ᠲᠤᠰᠠᠭᠠᠷ ᠲᠣᠭᠲᠠᠨᠢᠯ᠂ ᠣᠷᠣᠰᠢᠨ ᠲᠣᠭᠲᠠᠨᠢᠬᠤᠢ ᠢᠢᠨ ᠪᠠᠲᠤᠯᠠᠭ᠎ᠠ᠂ ᠮᠠᠨ ᠤ ᠠᠷᠠᠳ ᠲᠦᠮᠡᠨ ᠦ ᠦᠨᠡᠲᠦ ᠵᠦᠢᠯ᠂ ᠣᠶᠤᠨ ᠰᠠᠨᠠᠭᠠᠨ ᠤ ᠡᠬᠡ ᠤᠨᠳᠤᠷᠭ᠎ᠠ ᠪᠣᠯᠤᠭᠰᠠᠨ ᠥᠨᠢ ᠮᠥᠩᠬᠡ ᠢᠢᠨ ᠶᠡᠬᠡ ᠡᠵᠡᠨ ᠬᠠᠭᠠᠨ ᠮᠥᠨ᠃

ᠶᠡᠬᠡ ᠡᠵᠡᠨ ᠴᠢᠩ᠋ᠭᠢᠰ ᠬᠠᠭᠠᠨ ᠪᠣᠯ ᠡᠪᠦᠭᠡ ᠳᠡᠭᠡᠳᠦᠰ ᠦᠨ ᠢᠶᠡᠨ ᠪᠠᠢᠢᠭᠤᠯᠤᠭᠰᠠᠨ ᠲᠥᠷᠥ ᠲᠥ ᠶᠣᠰᠣᠨ ᠤ ᠲᠡᠦᠬᠡ ᠢᠢ ᠤᠯᠠᠮᠵᠢᠯᠠᠨ᠂ ᠲᠥᠷᠥ ᠤᠯᠤᠰ᠂ ᠲᠦᠮᠡᠨ ᠣᠯᠠᠨ ᠢᠶᠠᠨ ᠵᠠᠰᠠᠬᠤ ᠪᠢᠯᠢᠭ᠌ ᠤᠬᠠᠭᠠᠨ ᠢ ᠥᠪᠯᠡᠨ᠂ ᠵᠣᠨ ᠣᠯᠠᠨ ᠤ ᠪᠠᠨ ᠰᠡᠳᠬᠢᠯ ᠢ ᠬᠤᠷᠢᠶᠠᠵᠤ᠂ ᠢᠲᠡᠭᠡᠯ ᠢ ᠲᠡᠳᠬᠦᠵᠦ᠂ ᠥᠩ᠋ᠭᠡᠷᠡᠭᠰᠡᠨ ᠢᠶᠡᠨ ᠰᠠᠨᠠᠵᠤ᠂ ᠣᠳᠤ ᠪᠠᠨ ᠮᠡᠳᠡᠵᠦ᠂ ᠢᠷᠡᠭᠡᠳᠦᠢ ᠪᠡᠨ ᠲᠠᠨᠢᠳᠠᠭ᠂ ᠶᠢᠷᠲᠢᠨᠴᠦ ᠢᠢᠨ ᠲᠡᠦᠬᠡ ᠢᠢ ᠪᠦᠲᠦᠭᠡᠬᠦ ᠳᠥ ᠦᠨᠡᠯᠡᠵᠦ ᠪᠠᠷᠠᠰᠢ ᠦᠭᠡᠢ ᠬᠤᠪᠢ ᠨᠡᠮᠡᠷᠢ ᠣᠷᠣᠭᠤᠯᠤᠭᠰᠠᠨ ᠠᠤᠭ᠎ᠠ ᠬᠥᠮᠥᠨ ᠪᠢᠯᠡ᠃

ᠶᠡᠬᠡ ᠬᠠᠭᠠᠨ ᠤ ᠡᠪ ᠦᠨ ᠬᠦᠴᠦ ᠢᠢ ᠵᠠᠩ᠋ᠭᠢᠳᠴᠤ ᠬᠠᠮᠤᠭ ᠮᠣᠩ᠋ᠭᠣᠯ ᠢ ᠨᠢᠭᠡᠳᠬᠡᠨ᠂ ᠬᠠᠤᠯᠢ ᠴᠠᠭᠠᠵᠠ ᠢᠢ ᠲᠣᠭᠲᠠᠭᠠᠵᠤ᠂ ᠲᠡᠮᠦᠵᠢᠨ ᠬᠥᠪᠡᠭᠦᠨ ᠡᠴᠡ ᠲᠩᠷᠢᠯᠢᠭ ᠬᠠᠭᠠᠨ ᠪᠣᠯᠬᠤ ᠬᠦᠷᠲᠡᠯᠡᠬᠢ ᠬᠠᠭᠠᠰ ᠵᠢᠷᠠᠨ ᠤ ᠲᠡᠦᠬᠡ᠂ ᠶᠡᠬᠡ ᠦᠢᠯᠡ ᠬᠡᠷᠡᠭ ᠲᠡᠢᠢᠮᠦ ᠴᠤ ᠠᠮᠤᠷ ᠬᠢᠯᠪᠠᠷ ᠪᠠᠢᠢᠭ᠎ᠠ ᠦᠭᠡᠢ᠃

ᠴᠢᠩ᠋ᠭᠢᠰ ᠬᠠᠭᠠᠨ ᠤᠷᠤᠭ ᠲᠥᠷᠥᠯ᠂ ᠤᠭᠰᠠᠭ᠎ᠠ ᠨᠢᠭᠡᠲᠡᠨ ᠨᠦᠭᠦᠳ ᠲᠡᠭᠡᠨ ᠭᠡᠭᠡᠭ᠍ᠳᠡᠵᠦ᠂ ᠪᠠᠯᠴᠢᠷ ᠨᠠᠰᠤᠨ ᠠᠴᠠ ᠪᠠᠨ ᠥᠨᠥᠴᠢᠷᠡᠯ ᠬᠠᠭᠠᠴᠠᠯ ᠦᠵᠡᠨ ᠬᠠᠲᠠ ᠰᠠᠭᠤᠵᠤ᠂ ᠪᠡᠷᠬᠡ ᠢᠢ ᠪᠡᠷᠬᠡ ᠬᠡᠮᠡᠨ ᠨᠢᠴᠤᠯ ᠦᠭᠡᠢ᠂ ᠬᠦᠨᠳᠦ ᠢᠢ ᠬᠦᠨᠳᠦ ᠬᠡᠮᠡᠨ ᠰᠥᠬᠥᠷᠡᠯ ᠦᠭᠡᠢ᠂ ᠪᠡᠷᠬᠡᠰᠢᠶᠡᠯ ᠵᠣᠪᠠᠯᠠᠩ ᠢ ᠭᠡᠲᠦᠯᠦᠨ ᠳᠠᠪᠠᠵᠤ᠂ ᠡᠷ᠎ᠡ ᠵᠣᠷᠢᠭ᠂ ᠡᠷᠳᠡᠮ ᠪᠢᠯᠢᠭ᠌᠂ ᠰᠤᠤ ᠵᠠᠯᠢ᠂ ᠰᠡᠳᠬᠢᠯ ᠦᠨ ᠬᠦᠴᠥ ᠪᠡᠷ ᠢᠶᠡᠨ ᠨᠡᠭᠦᠳᠡᠯᠴᠢᠨ ᠣᠪᠤᠭ ᠠᠢᠢᠮᠠᠭ ᠤᠳ ᠢ ᠨᠢᠭᠡᠳᠬᠡᠨ ᠶᠡᠬᠡ ᠮᠣᠩ᠋ᠭᠣᠯ ᠤᠯᠤᠰ ᠢ ᠪᠠᠢᠢᠭᠤᠯᠤᠭᠰᠠᠨ ᠲᠡᠦᠬᠡ ᠲᠡᠢ ᠪᠢᠯᠡ᠃

ᠡᠢᠢᠨᠬᠦᠦ ᠶᠡᠬᠡ ᠮᠣᠩ᠋ᠭᠣᠯ ᠤᠯᠤᠰ ᠢᠶᠠᠨ ᠪᠠᠢᠢᠭᠤᠯᠤᠭᠰᠠᠨ ᠨᠢ ᠮᠥᠩᠬᠡ ᠲᠩᠷᠢ ᠢᠢᠨ ᠬᠦᠴᠦᠨ ᠳᠣᠣᠷ᠎ᠠ ᠣᠯᠠᠨ ᠤᠯᠤᠰ ᠦᠨᠳᠦᠰᠦᠲᠡᠨ ᠡᠪ ᠨᠠᠢᠢᠷᠰᠠᠯ ᠲᠠᠢ ᠪᠠᠷ ᠵᠡᠷᠭᠡᠴᠡᠨ ᠤᠷᠤᠰᠢᠬᠤ ᠤᠷᠢᠳᠤ ᠬᠣᠵᠢᠳ ᠳᠡᠯᠡᠬᠡᠢ ᠢᠢᠨ ᠲᠡᠦᠬᠡᠨ ᠳᠥ ᠲᠣᠬᠢᠶᠠᠵᠤ ᠪᠠᠢᠢᠭ᠎ᠠ ᠦᠭᠡᠢ ᠠᠤᠭ᠎ᠠ ᠶᠡᠬᠡ ᠦᠢᠯᠡ ᠬᠡᠷᠡᠭ ᠢ ᠡᠬᠢᠯᠡᠭᠦᠯᠦᠭᠰᠡᠨ ᠶᠤᠮ᠃

ᠲᠡᠭᠦᠨ ᠦ ᠴᠣᠭᠴᠠᠯᠠᠭᠠᠨ ᠪᠠᠢᠢᠭᠤᠯᠤᠭᠰᠠᠨ ᠶᠡᠬᠡ ᠮᠣᠩ᠋ᠭᠣᠯ ᠤᠯᠤᠰ ᠳᠡᠯᠡᠬᠡᠢ ᠢᠢᠨ ᠲᠡᠦᠬᠡ ᠢᠢᠨ ᠬᠣᠶᠠᠷ ᠵᠠᠭᠤᠨ ᠢ 《ᠮᠣᠩ᠋ᠭᠣᠯᠴᠤᠳ ᠤᠨ ᠵᠠᠭᠤᠨ》 ᠪᠣᠯᠭᠠᠨ ᠬᠦᠮᠦᠨ ᠲᠥᠷᠥᠯᠬᠢᠲᠡᠨ ᠦ ᠲᠡᠦᠬᠡᠨ ᠳᠥ ᠦᠯᠡᠳᠡᠭᠡᠵᠦ ᠴᠢᠳᠠᠭᠰᠠᠨ ᠶᠤᠮ᠃


ᠴᠢᠩ᠋ᠭᠢᠰ ᠬᠠᠭᠠᠨ ᠪᠣᠯᠤᠨ ᠲᠡᠭᠦᠨ ᠦ ᠵᠠᠯᠭᠠᠮᠵᠢᠯᠠᠭᠴᠢᠳ ᠥᠨᠥᠳᠥᠷ ᠴᠤ ᠬᠦᠮᠦᠨ ᠲᠥᠷᠥᠯᠬᠢᠲᠡᠨ ᠦ ᠡᠮᠦᠨ᠎ᠡ ᠲᠤᠯᠭᠠᠷᠴᠤ ᠪᠤᠢ ᠤᠯᠤᠰ ᠲᠥᠷᠥ᠂ ᠡᠳ᠋ ᠍ ᠦᠨ ᠵᠠᠰᠠᠭ᠂ ᠱᠠᠰᠢᠨ ᠰᠢᠲᠦᠯᠭᠡ᠂ ᠢᠷᠭᠡᠨᠰᠢᠯ ᠬᠣᠭᠣᠷᠣᠨᠳᠣ ᠢᠢᠨ ᠳᠠᠢᠢᠨ ᠳᠠᠵᠢᠨ᠂ ᠵᠥᠷᠢᠴᠡᠯ ᠮᠥᠷᠭᠥᠯᠳᠦᠭᠡᠨ ᠢ ᠨᠠᠢᠮᠠᠨ ᠵᠠᠭᠤᠨ ᠤ ᠲᠡᠷᠲᠡᠭᠡ ᠳᠠᠪᠠᠨ ᠲᠤᠭᠤᠯᠵᠤ᠂ 《ᠮᠣᠩ᠋ᠭᠣᠯ ᠤᠨ ᠶᠡᠬᠡ ᠠᠮᠤᠷ ᠠᠮᠤᠭᠤᠯᠠᠩ》᠍ ᠢ ᠴᠣᠭᠴᠠᠯᠠᠭᠠᠵᠤ ᠪᠠᠢᠢᠭᠰᠠᠨ ᠢ ᠦᠨᠡᠯᠡᠨ 《ᠸᠠᠰᠢᠩᠲ᠋ᠣᠨ ᠫᠣᠰᠲ》 ᠰᠣᠨᠢᠨ 1995 ᠣᠨ ᠳᠤ ᠴᠢᠩ᠋ᠭᠢᠰ ᠬᠠᠭᠠᠨ ᠢ ᠳᠡᠯᠡᠬᠡᠢ ᠢᠢᠨ 《ᠮᠢᠩ᠋ᠭᠠᠨ ᠤ ᠰᠤᠤᠲᠤ ᠬᠦᠮᠦᠨ》 ᠍ ᠪᠡᠷ ᠨᠡᠷᠡᠯᠡᠵᠦ ᠪᠠᠢᠢᠭᠰᠠᠨ ᠶᠤᠮ᠃
《ᠮᠣᠩ᠋ᠭᠣᠯ ᠤᠨ ᠶᠡᠬᠡ ᠠᠮᠤᠷ ᠠᠮᠤᠭᠤᠯᠠᠩ》 ᠲᠣᠭᠲᠠᠭᠰᠠᠨ  ᠢᠢᠠᠷ ᠧᠦ᠋ᠷᠣᠠᠽᠢ ᠢᠢᠨ ᠠᠷᠠᠳ ᠲᠦᠮᠡᠨ ᠪᠦᠲᠦᠭᠡᠨ ᠲᠤᠭᠤᠷᠪᠢᠬᠤ᠂ ᠪᠠᠷᠢᠵᠤ ᠪᠠᠢᠢᠭᠤᠯᠬᠤ᠂ ᠰᠤᠳᠤᠯᠤᠨ ᠰᠢᠨᠵᠢᠯᠡᠬᠦ ᠦᠢᠯᠡ ᠬᠡᠷᠡᠭ ᠲᠥ ᠢᠯᠡᠭᠦᠦ ᠠᠩᠬᠠᠷᠠᠬᠤ ᠪᠣᠯᠤᠮᠵᠢ ᠪᠦᠷᠢᠳᠦᠨ ᠲᠣᠭᠠᠨ ᠤ ᠤᠬᠠᠭᠠᠨ᠂ ᠠᠨᠠᠭᠠᠬᠤ ᠤᠬᠠᠭᠠᠨ᠂ ᠭᠦᠨ ᠤᠬᠠᠭᠠᠨ᠂ ᠣᠳᠣᠨ ᠣᠷᠣᠨ᠂ ᠲᠡᠦᠬᠡ᠂ ᠭᠠᠵᠠᠷ ᠵᠦᠢ᠂ ᠤᠳᠬ᠎ᠠ ᠵᠣᠬᠢᠶᠠᠯ᠂ ᠳᠠᠭᠤᠤ ᠬᠥᠭ᠍ᠵᠢᠮ᠂ ᠳᠦᠷᠰᠦᠯᠡᠬᠦ ᠤᠷᠠᠯᠢᠭ᠂ ᠤᠷᠠᠨ ᠪᠠᠷᠢᠯᠭ᠎ᠠ ᠵᠡᠷᠭᠡ ᠰᠢᠨᠵᠢᠯᠡᠬᠦ ᠤᠬᠠᠭᠠᠨ᠂ ᠰᠤᠶᠤᠯ ᠤᠷᠠᠯᠢᠭ᠂ ᠲᠠᠨᠢᠨ ᠮᠡᠳᠡᠬᠦᠢ ᠢᠢᠨ ᠣᠯᠠᠨ ᠰᠠᠯᠪᠤᠷᠢ ᠬᠥᠭ᠍ᠵᠢᠬᠦ ᠢᠢᠨ ᠵᠡᠷᠭᠡᠴᠡᠭᠡ ᠬᠠᠭᠤᠷᠠᠢ ᠭᠠᠵᠠᠷ ᠤᠨ ᠪᠣᠯᠤᠨ ᠤᠰᠤᠨ ᠵᠠᠮ ᠤᠨ ᠭᠠᠵᠠᠷ ᠤᠨ ᠵᠢᠷᠤᠭ ᠤᠳ ᠬᠢᠭ᠍ᠳᠡᠵᠦ᠂ ᠴᠡᠷᠢᠭ ᠳᠠᠢᠢᠨ ᠤ ᠪᠣᠯᠤᠨ ᠮᠠᠯ ᠠᠵᠤ ᠠᠬᠤᠢ᠂ ᠭᠠᠵᠠᠷ ᠲᠠᠷᠢᠶᠠᠯᠠᠩ ᠤᠨ ᠰᠢᠨ᠎ᠡ ᠳᠡᠪᠰᠢᠯᠲᠡᠲᠦ ᠠᠷᠭ᠎ᠠ ᠲᠧᠭᠨᠣᠯᠣᠭᠢ ᠪᠤᠢ ᠪᠣᠯᠤᠭᠰᠠᠨ ᠲᠡᠦᠬᠡ ᠲᠡᠢ᠃

ᠮᠥᠨ ᠥᠷᠭᠡᠨ ᠠᠭᠤᠳᠠᠮ ᠭᠠᠵᠠᠷ ᠨᠤᠲᠤᠭ ᠢ ᠥᠷᠲᠡᠭᠡ ᠤᠯᠠᠭ᠎ᠠ ᠪᠠᠷ ᠬᠣᠯᠪᠣᠭᠰᠠᠨ ᠢᠶᠠᠷ ᠲᠤᠬᠠᠢ ᠢᠢᠨ ᠦᠶ᠎ᠡ ᠢᠢᠨ ᠵᠠᠮ ᠲᠡᠭᠡᠭᠡᠪᠦᠷᠢ᠂ ᠬᠠᠷᠢᠯᠴᠠᠭ᠎ᠠ ᠬᠣᠯᠪᠣᠭ᠎ᠠ ᠡᠷᠡᠰ ᠡᠷᠴᠢᠮᠵᠢᠨ ᠬᠥᠭ᠍ᠵᠢᠭᠰᠡᠨ᠃

ᠴᠢᠩ᠋ᠭᠢᠰ ᠬᠠᠭᠠᠨ ᠪᠣᠯᠤᠨ ᠲᠡᠭᠦᠨ ᠢ ᠵᠠᠯᠭᠠᠮᠵᠢᠯᠠᠭᠰᠠᠨ ᠮᠣᠩ᠋ᠭᠣᠯ ᠬᠠᠭᠠᠳ ᠲᠣᠷᠭᠠᠨ ᠤ ᠵᠠᠮ ᠢ ᠬᠥᠭ᠍ᠵᠢᠭᠦᠯᠦᠨ᠂ ᠠᠶᠤᠯ ᠦᠭᠡᠢ ᠪᠠᠢᠢᠳᠠᠯ ᠢ ᠬᠠᠩ᠋ᠭᠠᠭᠰᠠᠨ ᠢᠶᠠᠷ ᠰᠣᠯᠣᠩ᠋ᠭᠣᠰ ᠤᠨ ᠬᠣᠢᠢᠭ ᠠᠴᠠ ᠭᠠᠵᠠᠷ ᠤᠨ ᠳᠤᠮᠳᠠᠳᠤ ᠲᠡᠩ᠋ᠭᠢᠰ ᠬᠦᠷᠲᠡᠯᠡᠬᠢ ᠥᠷᠭᠡᠨ ᠠᠭᠤᠳᠠᠮ ᠭᠠᠵᠠᠷ ᠨᠤᠲᠤᠭ ᠲᠤ ᠬᠤᠳᠠᠯᠳᠤᠭ᠎ᠠ ᠠᠷᠠᠯᠵᠢᠶ᠎ᠠ ᠥᠷᠭᠡᠵᠢᠨ ᠬᠥᠭ᠍ᠵᠢᠵᠦ᠂ ᠴᠠᠭᠠᠰᠤᠨ ᠮᠥᠩ᠋ᠭᠥ ᠭᠦᠢᠯᠭᠡᠭᠡᠨ ᠳᠥ ᠨᠡᠪᠲᠡᠷᠡᠴᠥ᠂ ᠳᠡᠯᠡᠬᠡᠢ ᠢᠢᠨ ᠡᠳ᠋ ᠍ ᠦᠨ ᠵᠠᠰᠠᠭ ᠤᠨ ᠬᠥᠭ᠍ᠵᠢᠯ ᠳ᠋ᠦ ᠣᠨᠤᠴᠤᠭᠠᠢ ᠬᠤᠪᠢ ᠨᠡᠮᠡᠷᠢ ᠣᠷᠣᠭᠤᠯᠤᠭᠰᠠᠨ ᠪᠠᠢᠢᠳᠠᠭ᠃

ᠶᠡᠬᠡ ᠮᠣᠩ᠋ᠭᠣᠯ ᠤᠯᠤᠰ ᠲᠤᠬᠠᠢ ᠢᠢᠨ ᠴᠠᠭ ᠦᠶ᠎ᠡ ᠳᠥ ᠳᠡᠯᠡᠬᠡᠢ ᠢᠢᠨ ᠤᠯᠤᠰ ᠲᠥᠷᠥ᠂ ᠡᠳ᠋ ᠍ ᠦᠨ ᠵᠠᠰᠠᠭ ᠤᠨ ᠲᠥᠪ ᠪᠠᠢᠢᠭᠰᠠᠨ ᠬᠡᠮᠡᠨ ᠰᠤᠳᠤᠯᠤᠭᠠᠴᠢᠳ ᠦᠵᠡᠳᠡᠭ᠃ ᠡᠭᠦᠨ ᠢ ᠭᠡᠷᠡᠴᠢᠯᠡᠬᠦ ᠪᠠᠰᠠ ᠨᠢᠭᠡᠨ ᠲᠡᠦᠬᠡ ᠰᠤᠶᠤᠯ ᠤᠨ ᠥᠪ ᠪᠣᠯ ᠬᠠᠷᠠᠬᠣᠷᠣᠮ ᠬᠣᠲᠠ ᠶᠤᠮ᠃ 1220 ᠣᠨ ᠳᠤ ᠴᠢᠩ᠋ᠭᠢᠰ ᠬᠠᠭᠠᠨ ᠬᠠᠷᠠᠬᠣᠷᠣᠮ ᠬᠣᠲᠠ ᠢᠢ ᠪᠠᠢᠢᠭᠤᠯᠬᠤ᠂ ᠶᠡᠬᠡ ᠮᠣᠩ᠋ᠭᠣᠯ ᠤᠯᠤᠰ ᠤᠨ ᠨᠡᠢᠢᠰᠯᠡᠯ ᠢ ᠰᠢᠯᠵᠢᠭᠦᠯᠬᠦ ᠵᠠᠷᠯᠢᠭ ᠪᠠᠭᠤᠯᠭᠠᠵᠠᠢ᠃

ᠬᠠᠷᠠᠬᠣᠷᠣᠮ ᠬᠣᠲᠠ ᠳ᠋ᠤ ᠣᠯᠠᠨ ᠭᠠᠵᠠᠷ ᠤᠨ ᠡᠷᠳᠡᠮᠲᠡᠨ ᠮᠡᠷᠭᠡᠳ᠂ ᠤᠷᠠᠨ ᠪᠦᠲᠦᠭᠡᠯᠴᠢᠳ᠂ ᠭᠠᠷ ᠤᠷᠠᠴᠤᠳ᠂ ᠬᠤᠳᠠᠯᠳᠤᠭᠠᠴᠢᠳ᠂ ᠣᠷᠣᠨ ᠣᠷᠣᠨ ᠤ ᠬᠠᠭᠠᠳ ᠢᠵᠠᠭᠤᠷᠲᠠᠨ ᠨᠤᠭᠤᠳ ᠤᠨ ᠡᠯᠴᠢ ᠲᠥᠯᠥᠭᠡᠯᠡᠭᠴᠢᠳ ᠠᠵᠤ ᠲᠥᠷᠦᠵᠥ᠂ ᠮᠣᠷᠢᠯᠠᠨ ᠰᠠᠭᠠᠲᠠᠳᠠᠭ ᠣᠯᠠᠨ ᠱᠠᠰᠢᠨ᠂ ᠰᠤᠶᠤᠯ ᠢᠷᠭᠡᠨᠰᠢᠯ ᠦᠨ ᠲᠥᠪ ᠪᠠᠢᠢᠭᠰᠠᠨ ᠶᠤᠮ᠃

ᠮᠣᠩ᠋ᠭᠣᠯ ᠤᠨ ᠡᠵᠡᠨᠲᠦ ᠭᠦᠷᠦᠨ ᠦ ᠢᠪᠡᠭᠡᠯ ᠳᠣᠣᠷ᠎ᠠ ᠠᠷᠠᠳᠴᠢᠯᠠᠭᠰᠠᠨ ᠦᠵᠡᠯ ᠰᠠᠨᠠᠭ᠎ᠠ᠂ ᠦᠨᠡᠲᠦ ᠵᠦᠢᠯ ᠴᠡᠴᠡᠭᠯᠡᠨ ᠬᠥᠭ᠍ᠵᠢᠵᠦ ᠪᠠᠢᠢᠯ᠎ᠠ᠃

ᠧᠦ᠋ᠷᠣᠠᠽᠢ ᠢᠢᠨ ᠤᠯᠤᠰ ᠣᠷᠣᠨ ᠨᠤᠭᠤᠳ ᠭᠠᠵᠠᠷ ᠨᠤᠲᠤᠭ᠂ ᠤᠯᠤᠰ ᠲᠥᠷᠥ᠂ ᠡᠳ᠋ ᠍ ᠦᠨ ᠵᠠᠰᠠᠭ᠂ ᠨᠡᠢᠢᠭᠡᠮ ᠤᠨ ᠪᠠᠢᠢᠭᠤᠯᠤᠮᠵᠢ ᠢᠢᠨ ᠬᠤᠪᠢ ᠳᠤ ᠮᠣᠩ᠋ᠭᠣᠯ ᠲᠥᠷᠥ ᠢᠢᠨ ᠵᠠᠰᠠᠭᠯᠠᠯ ᠳᠣᠣᠷ᠎ᠠ ᠨᠢᠭᠡᠳᠦᠭᠰᠡᠨ ᠢᠶᠡᠷ ᠤᠯᠤᠰ ᠣᠷᠣᠨ᠂ ᠪᠥᠰᠡ ᠨᠤᠲᠤᠭ ᠢ ᠵᠠᠭᠠᠭᠯᠠᠵᠤ ᠪᠠᠢᠢᠭᠰᠠᠨ ᠰᠤᠶᠤᠯ ᠢᠷᠭᠡᠨᠰᠢᠯ᠂ ᠦᠵᠡᠯ ᠰᠤᠷᠲᠠᠯ ᠤᠨ ᠬᠠᠨ᠎ᠠ ᠬᠡᠷᠡᠮ ᠨᠤᠷᠠᠨ ᠤᠨᠠᠵᠤ᠂ ᠣᠯᠠᠨ ᠠᠷᠠᠳ ᠲᠦᠮᠡᠨ ᠬᠠᠷᠢᠯᠴᠠᠨ ᠬᠦᠨᠳᠦᠳᠬᠡᠯᠲᠡᠢ ᠪᠡᠷ ᠵᠡᠷᠭᠡᠴᠡᠨ ᠤᠷᠤᠰᠢᠬᠤ ᠪᠣᠯᠤᠮᠵᠢ ᠲᠠᠢ ᠢᠢ ᠬᠦᠮᠦᠨ ᠲᠥᠷᠥᠯᠬᠢᠲᠡᠨ ᠳᠥ ᠠᠩᠬᠠᠯᠠᠨ ᠮᠡᠳᠡᠷᠡᠭᠦᠯᠦᠭᠰᠡᠨ ᠶᠤᠮ᠃

ᠲᠤᠬᠠᠢ ᠢᠢᠨ ᠦᠶ᠎ᠡ ᠳᠥ ᠶᠡᠬᠡ ᠮᠣᠩ᠋ᠭᠣᠯ ᠤᠯᠤᠰ ᠬᠡᠮᠵᠢᠶ᠎ᠡ ᠦᠭᠡᠢ ᠡᠷᠬᠡᠲᠦ ᠬᠠᠭᠠᠨᠳᠤ ᠵᠠᠰᠠᠭ ᠲᠠᠢ ᠪᠠᠢᠢᠭᠰᠠᠨ ᠬᠡᠳᠦᠢ ᠴᠤ ᠠᠷᠠᠳᠴᠢᠯᠠᠭᠰᠠᠨ ᠶᠣᠰᠣᠨ ᠤ ᠵᠠᠷᠴᠢᠮ ᠢ ᠬᠡᠷᠡᠭᠵᠢᠭᠦᠯᠵᠦ ᠪᠠᠢᠢᠯ᠎ᠠ᠃

ᠡᠭᠦᠨ ᠦ ᠨᠢᠭᠡᠨ ᠲᠣᠳᠣ ᠵᠢᠱᠢᠶ᠎ᠡ ᠪᠣᠯ ᠨᠡᠢᠢᠰᠯᠡᠯ ᠬᠠᠷᠠᠬᠣᠷᠣᠮ ᠬᠣᠲᠠ ᠳ᠋ᠤ ᠪᠤᠷᠬᠠᠨ ᠤ᠂ ᠵᠠᠭᠠᠯᠮᠠᠢᠢᠲᠠᠨ ᠤ᠂ ᠢᠰᠯᠠᠮ ᠤᠨ ᠵᠡᠷᠭᠡ ᠶᠠᠩᠵᠤ ᠪᠦᠷᠢ ᠢᠢᠨ ᠱᠠᠰᠢᠨ ᠤ 12 ᠰᠦᠮ᠎ᠡ ᠬᠡᠢᠢᠳ ᠵᠡᠷᠭᠡᠴᠡᠨ ᠣᠷᠣᠰᠢᠵᠤ ᠦᠢᠯᠡ ᠠᠵᠢᠯᠯᠠᠭ᠎ᠠ ᠢᠢ ᠪᠠᠨ ᠴᠢᠯᠦᠭᠡᠲᠡᠢ ᠶᠠᠪᠤᠭᠤᠯᠵᠤ᠂ ᠣᠯᠠᠨ ᠱᠠᠰᠢᠨ ᠤ ᠡᠯᠴᠢ ᠲᠥᠯᠥᠭᠡᠯᠡᠭᠴᠢᠳ ᠬᠤᠷᠠᠨ ᠴᠢᠭᠤᠯᠵᠤ᠂ ᠮᠡᠳᠬᠡᠯᠴᠡᠵᠦ ᠪᠠᠢᠢᠭᠰᠠᠨ ᠨᠢ ᠳᠡᠯᠡᠬᠡᠢ ᠢᠢᠨ ᠲᠡᠦᠬᠡᠨ ᠳᠥ ᠭᠠᠷᠤᠭᠰᠠᠨ ᠠᠩᠬᠠᠨ ᠤ ᠲᠣᠬᠢᠶᠠᠯᠳᠤᠯ ᠪᠠᠢᠢᠵᠠᠢ᠃

ᠡᠨᠡ ᠪᠣᠯ ᠲᠤᠬᠠᠢ ᠢᠢᠨ ᠴᠠᠭ ᠦᠶ᠎ᠡ ᠢᠢᠨ ᠣᠯᠠᠨ ᠠᠷᠠᠳ ᠲᠦᠮᠡᠨ ᠦ ᠶᠢᠷᠲᠢᠨᠴᠦ ᠢᠢ ᠦᠵᠡᠬᠦ ᠦᠵᠡᠯ᠂ ᠢᠲᠡᠭᠡᠯ ᠦᠨᠡᠮᠰᠢᠯ᠂ ᠱᠠᠰᠢᠨ ᠰᠢᠲᠦᠯᠭᠡ ᠢᠢᠨ ᠣᠯᠠᠨ ᠶᠠᠩᠵᠤ ᠪᠠᠢᠢᠳᠠᠯ ᠢ ᠬᠣᠷᠢᠭᠯᠠᠨ ᠴᠠᠭᠠᠵᠠᠯᠠᠵᠤ᠂ ᠦᠨᠡᠲᠦ ᠵᠦᠢᠯ ᠳᠥ ᠨᠢ ᠬᠠᠯᠠᠳᠠᠯ ᠦᠭᠡᠢ ᠬᠦᠨᠳᠦᠳᠬᠡᠯᠲᠡᠢ ᠬᠠᠨᠳᠤᠵᠤ ᠪᠠᠢᠢᠭᠰᠠᠨ ᠶᠠᠪᠤᠳᠠᠯ ᠪᠥᠭᠡᠳ ᠬᠦᠮᠦᠨ ᠲᠥᠷᠥᠯᠬᠢᠲᠡᠨ ᠦ ᠲᠡᠦᠬᠡᠨ ᠳᠥ ᠭᠠᠢᠢᠬᠠᠭᠳᠠᠨ ᠦᠯᠡᠳᠡᠵᠦ᠂ ᠥᠨᠥ ᠴᠠᠭ ᠤᠨ ᠰᠣᠶᠣᠯᠲᠤ ᠶᠢᠷᠲᠢᠨᠴᠦ ᠢᠢᠨ ᠲᠤᠯᠭᠠᠭᠤᠷᠢ ᠵᠠᠷᠴᠢᠮ ᠤᠳ ᠤᠨ ᠨᠢᠭᠡ ᠪᠣᠯᠤᠨ ᠥᠪᠯᠡᠭᠳᠡᠨ ᠦᠯᠡᠳᠡᠵᠡᠢ᠃

ᠮᠢᠨᠦ ᠮᠣᠩ᠋ᠭᠣᠯ ᠤᠨ ᠠᠷᠠᠳ ᠢᠷᠭᠡᠳ ᠡ᠂

ᠳᠠᠯᠠᠢ ᠶᠡᠬᠡ ᠬᠠᠭᠠᠨ ᠧᠦ᠋ᠷᠣᠠᠽᠢ ᠢᠢᠨ ᠡᠵᠡᠨᠲᠦ ᠭᠦᠷᠦᠨ ᠢ ᠦᠨᠳᠦᠰᠦᠯᠡᠨ ᠪᠠᠢᠢᠭᠤᠯᠤᠭᠰᠠᠨ ᠳᠡᠯᠡᠬᠡᠢ ᠢᠢᠨ ᠬᠦᠮᠦᠨ ᠪᠠᠢᠢᠭᠰᠠᠨ ᠲᠤᠯᠠ XIII ᠵᠠᠭᠤᠨ ᠠᠴᠠ ᠡᠬᠢᠯᠡᠨ ᠣᠯᠠᠨ ᠤᠯᠤᠰ ᠣᠷᠣᠨ ᠳᠤ ᠲᠡᠭᠦᠨ ᠦ ᠨᠠᠮᠲᠠᠷ ᠲᠡᠦᠬᠡ ᠢᠢ ᠣᠯᠠᠨ ᠬᠡᠯᠡ ᠪᠡᠷ ᠪᠢᠴᠢᠵᠦ ᠬᠡᠪᠯᠡᠭᠰᠡᠨ ᠪᠠᠢᠢᠳᠠᠭ᠃

ᠲᠡᠢᠢᠮᠦ ᠡᠴᠡ ᠴᠢᠩ᠋ᠭᠢᠰ ᠬᠠᠭᠠᠨ ᠤ ᠲᠡᠦᠬᠡ ᠪᠣᠯ ᠳᠠᠩ ᠭᠠᠭᠴᠠ ᠮᠣᠩ᠋ᠭᠣᠯᠴᠤᠳ ᠤᠨ ᠲᠡᠦᠬᠡ ᠪᠢᠰᠢ ᠳᠡᠯᠡᠬᠡᠢ ᠢᠢᠨ ᠨᠡᠢᠢᠲᠡ ᠢᠢᠨ ᠲᠡᠦᠬᠡ ᠭᠡᠳᠡᠭ ᠢ ᠣᠯᠠᠨ ᠣᠷᠣᠨ ᠤ ᠤᠳᠤᠷᠢᠳᠤᠭᠴᠢᠳ᠂ ᠨᠡᠷᠡᠲᠡᠢ ᠡᠷᠳᠡᠮᠲᠡᠨ ᠰᠤᠳᠤᠯᠤᠭᠠᠴᠢᠳ᠂ ᠱᠠᠰᠢᠨ ᠤ ᠲᠡᠷᠢᠭᠦᠨ ᠨᠦᠭᠦᠳ ᠬᠦᠯᠢᠶᠡᠨ ᠵᠥᠪᠰᠢᠶᠡᠷᠡᠳᠡᠭ᠃

ᠲᠡᠭᠦᠨᠴᠢᠯᠡᠨ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 800 ᠵᠢᠯ ᠦᠨ ᠣᠢ ᠪᠠᠷ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ᠂ ᠡᠩᠬᠡ ᠲᠠᠢᠢᠪᠤᠩ ᠤᠨ ᠨᠣᠪᠧᠯ ᠤᠨ ᠱᠠᠩᠨᠠᠯᠳᠤ ᠺᠢᠮ ᠳᠡ‍ ᠵᠦᠨ 《ᠴᠢᠩ᠋ᠭᠢᠰ ᠬᠠᠭᠠᠨ ᠤ ᠪᠠᠢᠢᠭᠤᠯᠤᠭᠰᠠᠨ ᠭᠠᠪᠢᠶ᠎ᠠ ᠳᠠᠷᠠᠭᠠᠬᠢ ᠲᠡᠦᠬᠡᠨ ᠠᠴᠢ ᠬᠣᠯᠪᠣᠭᠳᠠᠯ ᠲᠠᠢ ᠶᠤᠮ》 ᠭᠡᠳ 《ᠨᠢᠭᠡᠳᠦᠭᠡᠷ ᠲᠥ᠂ ᠥᠷᠥᠨ᠎ᠡ ᠳᠣᠷᠣᠨ᠎ᠠ ᠢᠢ ᠬᠣᠯᠪᠣᠭᠰᠠᠨ ᠬᠠᠭᠤᠷᠠᠢ ᠪᠣᠯᠤᠨ ᠳᠠᠯᠠᠢ ᠢᠢᠨ ᠵᠠᠮ ᠢ ᠪᠤᠢ ᠪᠣᠯᠭᠠᠭᠰᠠᠨ᠃ ᠬᠣᠶᠠᠳᠤᠭᠠᠷ ᠲᠤ᠂ ᠾᠷᠢᠰᠲ᠋ᠣᠰ ᠤᠨ ᠪᠣᠯᠤᠨ ᠢᠰᠯᠠᠮ ᠤᠨ ᠱᠠᠰᠢᠨ ᠳᠣᠷᠣᠨ᠎ᠠ ᠵᠦᠭ ᠲᠥ ᠳᠡᠯᠭᠡᠷᠡᠬᠦ ᠳᠥ ᠴᠢᠬᠤᠯᠠ ᠨᠥᠯᠥᠭᠡ ᠦᠵᠡᠭᠦᠯᠦᠭᠰᠡᠨ᠃ ᠭᠤᠷᠪᠠᠳᠤᠭᠠᠷ ᠲᠤ᠂ ᠭᠠᠵᠠᠷ ᠵᠦᠢ᠂ ᠣᠳᠣᠨ ᠣᠷᠣᠨ ᠰᠤᠳᠤᠯᠤᠯ᠂ ᠲᠣᠭᠠᠨ ᠤ ᠤᠬᠠᠭᠠᠨ᠂ ᠭᠠᠵᠠᠷ ᠤᠨ ᠵᠢᠷᠤᠭ ᠤᠨ ᠲᠧᠭᠨᠣᠯᠣᠭᠢ ᠢᠢ ᠥᠷᠥᠨᠡᠳᠥ ᠳ᠋ᠥ ᠳᠡᠯᠭᠡᠷᠡᠭᠦᠯᠦᠭᠰᠡᠨ᠃ ᠳᠥᠷᠪᠡᠳᠦᠭᠡᠷ ᠲᠥ᠂ ᠥᠷᠥᠨ᠎ᠡ ᠳᠣᠷᠣᠨ᠎ᠠ ᠢᠢᠨ ᠰᠤᠶᠤᠯ ᠤᠨ ᠪᠣᠯᠤᠨ ᠡᠳ᠋ ᠍ ᠦᠨ ᠵᠠᠰᠠᠭ ᠤᠨ ᠬᠠᠷᠢᠯᠴᠠᠭ᠎ᠠ ᠢᠢ ᠡᠷᠴᠢᠮᠵᠢᠭᠦᠯᠦᠭᠰᠡᠨ ᠢᠶᠡᠷ ᠳᠡᠯᠡᠬᠡᠢ ᠢᠢᠨ ᠢᠷᠡᠭᠡᠳᠦᠢ ᠢᠢᠨ ᠬᠥᠭ᠍ᠵᠢᠯ ᠦᠨ ᠦᠢᠯᠡ ᠶᠠᠪᠤᠴᠠ ᠢᠢ ᠥᠭᠡᠷᠡᠴᠢᠯᠡᠭᠰᠡᠨ ᠶᠤᠮ》 ᠬᠡᠮᠡᠨ ᠦᠨᠡᠯᠡᠨ ᠳ᠋ᠦᠩᠨᠡᠭᠰᠡᠨ ᠪᠠᠢᠢᠨ᠎ᠠ᠃

ᠲᠡᠭᠡᠪᠡᠯ XIV ᠳᠠᠯᠠᠢ ᠪᠯᠠᠮᠠ ᠬᠡᠯᠡᠬᠦ ᠳᠥ ᠪᠡᠨ 《1206 ᠣᠨ ᠳᠤ ᠮᠣᠩ᠋ᠭᠣᠯ ᠤᠨ ᠲᠠᠷᠬᠠᠢ ᠪᠤᠲᠠᠷᠬᠠᠢ ᠣᠪᠤᠭ ᠠᠢᠢᠮᠠᠭ ᠤᠳ ᠨᠢᠭᠡᠳᠦᠨ᠂ ᠴᠢᠩ᠋ᠭᠢᠰ ᠬᠠᠭᠠᠨ ᠢ ᠶᠡᠬᠡ ᠬᠠᠭᠠᠨ ᠳᠤ ᠡᠷᠭᠦᠮᠵᠢᠯᠡᠵᠦ᠂ ᠠᠭᠤᠤ ᠶᠡᠬᠡ ᠮᠣᠩ᠋ᠭᠣᠯ ᠤᠨ ᠡᠵᠡᠨᠲᠦ ᠭᠦᠷᠦᠨ ᠢ ᠪᠠᠢᠢᠭᠤᠯᠤᠭᠰᠠᠨ ᠪᠢᠯᠡ᠃ ᠲᠡᠷᠡᠪᠡᠷ ᠥᠪᠡᠷ ᠦᠨ ᠪᠡᠶ᠎ᠡ ᠪᠣᠯᠤᠭᠠᠳ ᠰᠡᠳᠬᠢᠯ ᠦᠨ ᠬᠢᠴᠢᠶᠡᠯ ᠵᠢᠳᠬᠦᠯ ᠢᠶᠡᠷ ᠶᠡᠬᠡ ᠠᠮᠵᠢᠯᠲᠠ ᠢᠢ ᠣᠯᠤᠭᠰᠠᠨ ᠶᠤᠮ᠃

ᠥᠨᠥᠳᠥᠷ ᠲᠡᠭᠦᠨ ᠦ ᠦᠯᠡᠳᠡᠭᠡᠭ᠍ᠰᠡᠨ ᠭᠠᠪᠢᠶ᠎ᠠ᠂ ᠪᠠᠬᠠᠷᠬᠠᠯ ᠨᠢ ᠮᠣᠩ᠋ᠭᠣᠯ ᠤᠨ ᠲᠤᠰᠠᠭᠠᠷ ᠲᠣᠭᠲᠠᠨᠢᠯ᠂ ᠡᠪ ᠨᠢᠭᠡᠳᠦᠯ᠂ ᠡᠷᠬᠡ ᠴᠢᠯᠦᠭᠡ ᠶᠤᠮ᠃

ᠲᠡᠭᠦᠨ ᠦ ᠠᠭᠤᠤ ᠶᠡᠬᠡ ᠬᠢᠴᠢᠶᠡᠯ ᠵᠢᠳᠬᠦᠯ ᠢ ᠦᠯᠢᠭᠡᠷ ᠳᠠᠭᠤᠷᠢᠶᠠᠯᠠᠯ ᠪᠣᠯᠭᠠᠨ ᠬᠥᠭ᠍ᠵᠢᠭᠦᠯᠵᠦ᠂ ᠵᠥᠪᠬᠡᠨ ᠡᠳ᠋ ᠪᠠᠶᠠᠯᠢᠭ ᠤᠨ ᠳᠡᠪᠰᠢᠯ ᠪᠤᠰᠤ ᠬᠦᠮᠦᠨ ᠦ ᠳᠣᠲᠣᠭᠠᠳᠤ ᠦᠨᠡᠲᠦ ᠵᠦᠢᠯ ᠢ ᠬᠥᠭ᠍ᠵᠢᠭᠦᠯᠬᠦ ᠢᠢᠨ ᠲᠥᠯᠥᠭᠡ ᠠᠵᠢᠯᠯᠠᠬᠤ ᠢᠢ ᠲᠠ ᠪᠦᠬᠦᠨ ᠳᠥ ᠤᠷᠢᠶᠠᠯᠠᠵᠤ ᠪᠠᠢᠢᠨ᠎ᠠ》 ᠭᠡᠵᠡᠢ᠃

ᠷᠣᠮ ᠤᠨ ᠫᠠᠫ XVI ᠪᠧᠨᠢᠳᠢᠺᠲ 2006 ᠣᠨ ᠳᠤ ᠪᠢᠴᠢᠬᠦ ᠳᠥ ᠪᠡᠨ 《ᠴᠢᠩ᠋ᠭᠢᠰ ᠬᠠᠭᠠᠨ ᠮᠣᠩ᠋ᠭᠣᠯ ᠤᠨ ᠠᠷᠠᠳ ᠲᠦᠮᠡᠨ ᠦ ᠤᠯᠤᠰ ᠲᠥᠷᠥ᠂ ᠨᠡᠢᠢᠭᠡᠮ ᠰᠤᠶᠤᠯ ᠤᠨ ᠣᠨᠴᠠᠯᠢᠭ ᠢ ᠳᠡᠯᠡᠬᠡᠢ ᠳᠠᠬᠢᠨ ᠢᠶᠠᠨ ᠲᠠᠨᠢᠭᠤᠯᠬᠤ ᠳᠤ ᠥᠪᠡᠷ ᠦᠨ ᠬᠤᠪᠢ ᠬᠦᠮᠦᠨ ᠦ ᠴᠢᠨᠠᠷ ᠢᠶᠠᠷ ᠭᠠᠢᠢᠬᠠᠮᠰᠢᠭᠲᠠᠢ ᠬᠤᠪᠢ ᠨᠡᠮᠡᠷᠢ ᠣᠷᠣᠭᠤᠯᠤᠭᠰᠠᠨ ᠶᠤᠮ᠃

1206 ᠣᠨ ᠠᠴᠠ ᠥᠨᠥ ᠢᠢ ᠬᠦᠷᠲᠡᠯᠡᠬᠢ ᠬᠤᠭᠤᠴᠠᠭᠠᠨ ᠳᠤ ᠬᠦᠮᠦᠨ ᠲᠥᠷᠥᠯᠬᠢᠲᠡᠨ ᠦ ᠬᠥᠭ᠍ᠵᠢᠯ ᠳ᠋ᠦ ᠪᠠᠭ᠎ᠠ ᠦᠭᠡᠢ ᠥᠭᠡᠷᠡᠴᠢᠯᠡᠯᠲᠡ ᠭᠠᠷᠤᠭᠰᠠᠨ ᠬᠡᠳᠦᠢ ᠴᠤ ᠶᠡᠬᠡ ᠮᠣᠩ᠋ᠭᠣᠯ ᠤᠯᠤᠰ ᠪᠣᠯᠤᠨ ᠲᠡᠭᠦᠨ ᠦ ᠪᠤᠰᠤᠳ ᠰᠤᠶᠤᠯ ᠢᠷᠭᠡᠨᠰᠢᠯ ᠲᠡᠢ ᠬᠠᠷᠢᠯᠴᠠᠬᠤ ᠬᠠᠷᠢᠯᠴᠠᠭᠠᠨ ᠳᠤ ᠴᠢᠩ᠋ᠭᠢᠰ ᠬᠠᠭᠠᠨ ᠤ ᠣᠷᠣᠭᠤᠯᠤᠭᠰᠠᠨ ᠬᠤᠪᠢ ᠨᠡᠮᠡᠷᠢ ᠦᠯᠡᠮᠵᠢ ᠬᠡᠪ ᠢᠶᠡᠷ ᠦᠯᠡᠳᠡᠭᠰᠡᠨ ᠨᠢ ᠭᠠᠷᠴᠠᠭ᠎ᠠ ᠦᠭᠡᠢ ᠶᠤᠮ᠃

ᠡᠨᠡᠬᠦ ᠴᠢᠬᠤᠯᠠ ᠣᠯᠤᠯᠲᠠ ᠠᠮᠵᠢᠯᠲᠠ ᠢᠢ ᠵᠥᠪᠬᠡᠨ ᠰᠤᠳᠤᠯᠤᠭᠠᠳ ᠵᠣᠭᠰᠣᠬᠤ ᠦᠭᠡᠢ ᠥᠪᠡᠷᠰᠡᠳ ᠦᠨ ᠵᠦᠢ ᠶᠣᠰᠣᠨ ᠤ ᠦᠨᠳᠦᠰᠦᠨ ᠦ ᠪᠠᠬᠠᠷᠬᠠᠯ ᠢ ᠪᠤᠰᠤᠳ ᠠᠷᠠᠳ ᠲᠦᠮᠡᠨ ᠦ ᠰᠤᠶᠤᠯ ᠢᠷᠭᠡᠨᠰᠢᠯ ᠲᠡᠢ ᠬᠠᠷᠢᠯᠴᠠᠬᠤ ᠬᠠᠷᠢᠯᠴᠠᠭᠠᠨ ᠳᠤ᠂ ᠡᠪ ᠵᠦᠢ ᠲᠡᠢ ᠬᠣᠣᠰᠯᠠᠭᠤᠯᠵᠤ ᠦᠯᠢᠭᠡᠷ ᠳᠠᠭᠤᠷᠢᠶᠠᠯ ᠪᠣᠯᠭᠠᠬᠤ ᠨᠢ ᠴᠢᠬᠤᠯᠠ ᠪᠢᠯᠡ》 ᠬᠡᠮᠡᠨ ᠲᠡᠮᠳᠡᠭᠯᠡᠭᠰᠡᠨ ᠪᠠᠢᠢᠨ᠎ᠠ᠃

ᠮᠥᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠫᠦ᠋ᠲ᠋ᠢᠨ ᠬᠡᠯᠡᠬᠦ ᠳᠥ ᠪᠡᠨ 《ᠴᠢᠩ᠋ᠭᠢᠰ ᠬᠠᠭᠠᠨ ᠡᠬᠡ ᠢᠢ ᠨᠢ ᠲᠠᠯᠪᠢᠭᠰᠠᠨ ᠮᠣᠩ᠋ᠭᠣᠯ ᠤᠨ ᠲᠥᠷᠥᠳᠥ ᠤᠯᠤᠰ ᠳᠡᠯᠡᠬᠡᠢ ᠢᠢᠨ ᠲᠡᠦᠬᠡ ᠢᠢᠨ ᠥᠷᠨᠢᠯ ᠳᠥ ᠶᠡᠬᠡ ᠪᠡᠷ ᠨᠥᠯᠦᠭᠡᠯᠡᠭᠰᠡᠨ》 ᠭᠡᠰᠡᠨ ᠪᠣᠯ ᠶᠠᠫᠣᠨ ᠤᠯᠤᠰ ᠤᠨ ᠶᠡᠷᠦᠩᠬᠡᠢ ᠰᠠᠢᠢᠳ ᠵᠤᠨᠢᠴᠡᠷᠣ‍ ᠺᠣᠢᠢᠽᠤᠮᠢ‍ 《ᠧᠦ᠋ᠷᠣᠠᠽᠢ ᠢᠢᠨ ᠭᠠᠵᠠᠷ ᠨᠤᠲᠤᠭ ᠢ ᠡᠵᠡᠯᠡᠨ ᠵᠠᠬᠢᠷᠴᠤ ᠪᠠᠢᠢᠭᠰᠠᠨ ᠮᠣᠩ᠋ᠭᠣᠯ ᠤᠨ ᠡᠵᠡᠨᠲᠦ ᠭᠦᠷᠦᠨ ᠦ ᠦᠶ᠎ᠡ ᠳᠥ ᠠᠩᠬ᠎ᠠ 《ᠳᠡᠯᠡᠬᠡᠢ》 ᠬᠡᠮᠡᠬᠦ ᠶᠡᠷᠦᠩᠬᠡᠢ ᠣᠢᠢᠯᠠᠭᠠᠯᠲᠠ ᠪᠤᠢ ᠪᠣᠯᠤᠭᠰᠠᠨ ᠢᠶᠠᠷ ᠳᠡᠯᠡᠬᠡᠢ ᠢᠢᠨ ᠲᠡᠦᠬᠡ ᠡᠭᠦᠰᠦᠭᠰᠡᠨ》 ᠭᠡᠵᠦ ᠦᠵᠡᠳᠡᠭ ᠶᠠᠫᠣᠨ ᠤ ᠡᠷᠳᠡᠮᠲᠡᠨ ᠣᠺᠠᠳᠠ‍ ᠬᠢᠳᠡᠬᠢᠷᠤ‍ ᠤᠨ ᠳ᠋ᠦᠩᠨᠡᠯᠲᠡ ᠢᠢ ᠡᠰᠢᠯᠡᠨ ᠳᠤᠷᠠᠳᠤᠭᠠᠳ 《ᠮᠥᠨ ᠠᠪᠢᠶᠠᠰ ᠴᠢᠳᠠᠯ ᠲᠠᠢ᠂ ᠡᠷᠳᠡᠮ ᠲᠡᠢ ᠭᠠᠳᠠᠭᠠᠳᠤ ᠢᠢᠨ ᠢᠷᠭᠡᠳ ᠢ ᠥᠨᠳᠥᠷ ᠠᠯᠪᠠᠨ ᠲᠤᠰᠢᠶᠠᠯ ᠳᠤ ᠲᠣᠬᠣᠭᠠᠨ ᠲᠤᠮᠢᠯᠠᠬᠤ᠂ ᠨᠢᠭᠡᠳᠦᠭᠰᠡᠨ ᠮᠥᠩ᠋ᠭᠥᠨ ᠲᠡᠮᠳᠡᠭᠲᠦ ᠲᠡᠢ ᠪᠣᠯᠬᠤ᠂ ᠱᠠᠰᠢᠨ ᠰᠢᠲᠦᠬᠦ ᠡᠷᠬᠡ ᠴᠢᠯᠦᠭᠡ ᠵᠡᠷᠭᠡ ᠴᠢᠩ᠋ᠭᠢᠰ ᠬᠠᠭᠠᠨ ᠤ ᠶᠠᠪᠤᠭᠤᠯᠤᠭᠰᠠᠨ ᠪᠣᠳᠣᠯᠭ᠎ᠠ ᠢᠢ ᠠᠪᠴᠤ ᠦᠵᠡᠪᠡᠯ᠂ ᠮᠣᠩ᠋ᠭᠣᠯ ᠤᠨ ᠡᠵᠡᠨᠲᠦ ᠭᠦᠷᠦᠨ ᠳᠠᠶᠠᠭᠠᠷᠰᠢᠯ ᠤᠨ ᠠᠩᠬᠠᠳᠠᠭᠴᠢ ᠪᠠᠢᠢᠵᠠᠢ᠃

ᠬᠦᠮᠦᠨ ᠲᠥᠷᠥᠯᠬᠢᠲᠡᠨ ᠦ ᠲᠡᠦᠬᠡ ᠡᠴᠡ ᠠᠪᠴᠤ ᠦᠵᠡᠭᠰᠡᠨ ᠭᠡᠰᠡᠨ ᠨᠢᠭᠡᠨ ᠠᠭᠤᠤ ᠲᠡᠦᠬᠡ ᠢᠢᠨ ᠰᠢᠨ᠎ᠡ ᠡᠷᠢᠨ ᠦᠶ᠎ᠡ ᠢᠢ ᠡᠬᠢᠯᠡᠭᠦᠯᠦᠭᠰᠡᠨ ᠴᠢᠩ᠋ᠭᠢᠰ ᠬᠠᠭᠠᠨ ᠤ ᠪᠣᠳᠠᠲᠤ ᠪᠠᠢᠢᠳᠠᠯ ᠨᠢ ᠲᠡᠷᠡ ᠦᠶ᠎ᠡ ᠢᠢᠨ ᠲᠤᠬᠠᠢ ᠤᠯᠠᠮ ᠶᠡᠬᠡ ᠢᠢ ᠮᠡᠳᠡᠭᠦᠯᠬᠦ ᠪᠣᠯᠤᠨ᠎ᠠ》 ᠬᠡᠮᠡᠨ ᠳ᠋ᠦᠩᠨᠡᠵᠡᠢ᠃

ᠲᠡᠭᠡᠪᠡᠯ ᠡᠷᠲᠡᠨ ᠦ ᠲᠡᠦᠬᠡᠲᠦ ᠠᠷᠠᠪ ᠤᠨ ᠪᠦᠭᠦᠳᠡ ᠨᠠᠢᠢᠷᠠᠮᠳᠠᠬᠤ ᠶᠡᠭᠢᠫᠧᠲ ᠤᠯᠤᠰ ᠤᠨ ᠶᠡᠷᠦᠩᠬᠡᠢᠢᠯᠡᠭᠴᠢ ᠾᠣᠰᠨᠢ‍ ᠮᠤᠪᠠᠷᠠᠺ ᠬᠡᠯᠡᠬᠦ ᠳᠥ ᠪᠡᠨ 《ᠡᠨᠡᠬᠦ ᠠᠭᠤᠤ ᠶᠡᠬᠡ ᠤᠳᠤᠷᠢᠳᠤᠭᠴᠢ ᠢᠢᠨ ᠲᠡᠦᠬᠡᠨ ᠡᠭᠦᠷᠭᠡ ᠨᠢ ᠮᠣᠩ᠋ᠭᠣᠯ ᠣᠪᠤᠭ ᠠᠢᠢᠮᠠᠭ ᠤᠳ ᠢ ᠨᠢᠭᠡᠳᠬᠡᠵᠦ᠂ ᠮᠣᠩ᠋ᠭᠣᠯ ᠤᠯᠤᠰ ᠢ ᠪᠠᠢᠢᠭᠤᠯᠤᠭᠠᠳ ᠵᠣᠭᠰᠣᠭ᠎ᠠ ᠦᠭᠡᠢ᠂ ᠬᠦᠮᠦᠨ ᠲᠥᠷᠥᠯᠬᠢᠲᠡᠨ ᠦ ᠲᠡᠦᠬᠡ ᠢᠢᠨ ᠳᠤᠮᠳᠠ ᠦᠶ᠎ᠡ ᠳᠥ ᠳᠡᠯᠡᠬᠡᠢ ᠭᠠᠵᠠᠷ ᠤᠨ ᠵᠢᠷᠤᠭ ᠢ ᠰᠢᠨ᠎ᠡ ᠪᠡᠷ ᠵᠢᠷᠤᠬᠤ ᠳᠤ ᠭᠦᠨᠵᠡᠭᠡᠢ ᠨᠥᠯᠥᠭᠡ ᠦᠵᠡᠭᠦᠯᠦᠭᠰᠡᠨ ᠶᠤᠮ᠃

ᠥᠪᠡᠷ ᠦᠨ ᠬᠢ ᠨᠢ ᠴᠠᠭ ᠦᠶ᠎ᠡ ᠢᠢᠨ ᠰᠢᠯᠭᠠᠭᠤᠷ ᠢᠶᠠᠷ ᠪᠣᠯ ᠴᠢᠩ᠋ᠭᠢᠰ ᠬᠠᠭᠠᠨ ᠠᠭᠤᠤ ᠶᠡᠬᠡ ᠪᠠᠢᠢᠯᠳᠤᠨ ᠳᠠᠭᠠᠭᠤᠯᠤᠭᠴᠢ ᠤᠳᠤᠷᠢᠳᠤᠭᠴᠢ ᠬᠡᠮᠡᠨ ᠠᠯᠳᠠᠷᠰᠢᠭᠰᠠᠨ ᠪᠠᠢᠢᠭᠰᠠᠨ ᠶᠤᠮ᠃

ᠲᠡᠷᠡ ᠤᠯᠤᠰ ᠦᠨᠳᠦᠰᠦᠲᠡᠨ ᠢᠶᠡᠨ ᠨᠢᠭᠡᠳᠬᠡᠵᠦ ᠲᠠᠷᠬᠠᠭ᠎ᠠ ᠪᠤᠲᠠᠷᠬᠠᠢ ᠪᠠᠢᠢᠭᠰᠠᠨ ᠴᠥᠭᠡᠬᠡᠨ ᠬᠡᠳᠦᠨ ᠣᠪᠤᠭ ᠠᠢᠢᠮᠠᠭ ᠢ ᠬᠦᠴᠦᠷᠬᠡᠭ᠌ ᠤᠯᠤᠰ ᠪᠣᠯᠭᠠᠨ ᠥᠭᠡᠷᠡᠴᠢᠯᠡᠵᠦ᠂ ᠤᠯᠠᠮ ᠢᠶᠠᠷ ᠥᠷᠭᠡᠨ ᠠᠭᠤᠳᠠᠮ ᠭᠠᠵᠠᠷ ᠨᠤᠲᠤᠭ ᠲᠠᠢ ᠶᠡᠬᠡ ᠭᠦᠷᠦᠨ ᠪᠣᠯᠭᠠᠨ ᠲᠡᠯᠡᠭᠰᠡᠨ ᠶᠤᠮ᠃

ᠡᠨᠡᠬᠦ ᠡᠵᠡᠨᠳᠦ ᠭᠦᠷᠦᠨ ᠦ ᠭᠠᠵᠠᠷ ᠨᠤᠲᠤᠭ ᠢ ᠥᠷᠭᠡᠳᠬᠡᠨ ᠲᠡᠯᠡᠬᠦ ᠦᠢᠯᠡ ᠬᠡᠷᠡᠭ ᠢ ᠲᠡᠭᠦᠨ ᠢ ᠲᠩᠷᠢ ᠳᠥ ᠬᠠᠯᠢᠭᠰᠠᠨ ᠬᠣᠢᠢᠨ᠎ᠠ ᠴᠤ ᠦᠶ᠎ᠡ ᠵᠠᠯᠭᠠᠮᠵᠢᠯᠠᠭᠴᠢᠳ ᠨᠢ ᠦᠷᠭᠦᠯᠵᠢᠯᠡᠭᠦᠯᠵᠦ᠂ ᠲᠡᠳᠡᠨ ᠦ ᠴᠡᠷᠢᠭ ᠦᠨ ᠬᠦᠴᠦ ᠨᠢ ᠳ᠋ᠤᠨᠠᠢ ᠮᠥᠷᠡᠨ ᠢ ᠭᠠᠲᠤᠯᠤᠨ ᠥᠨᠥ ᠢᠢᠨ ᠭᠧᠷᠮᠠᠨ ᠤ ᠬᠢᠯᠢ ᠳᠥ ᠲᠤᠯᠵᠤ ᠢᠷᠡᠵᠦ ᠪᠠᠢᠢᠭᠰᠠᠨ ᠲᠡᠦᠬᠡ ᠲᠡᠢ》 ᠬᠡᠮᠡᠨ ᠳ᠋ᠦᠩᠨᠡᠭᠰᠡᠨ ᠪᠠᠢᠢᠳᠠᠭ᠃

ᠲᠡᠭᠡᠪᠡᠯ ᠪᠦᠭᠦᠳᠡ ᠨᠠᠢᠢᠷᠠᠮᠳᠠᠬᠤ ᠲᠦᠷᠺ ᠤᠯᠤᠰ ᠤᠨ ᠶᠡᠷᠦᠩᠬᠡᠢᠢᠯᠡᠭᠴᠢ ᠷᠡᠵᠡᠫ ᠡᠷᠳᠠᠭᠤᠨ ᠪᠢᠴᠢᠬᠦ ᠳᠥ ᠪᠡᠨ 《1206 ᠣᠨ ᠳᠤ ᠪᠠᠢᠢᠭᠤᠯᠤᠭᠳᠠᠭᠰᠠᠨ ᠶᠡᠬᠡ ᠮᠣᠩ᠋ᠭᠣᠯ ᠤᠯᠤᠰ ᠨᠢ ᠳᠡᠯᠡᠬᠡᠢ ᠢᠢᠨ ᠲᠡᠦᠬᠡᠨ ᠳᠥ ᠭᠠᠷᠤᠭᠰᠠᠨ ᠬᠠᠮᠤᠭ ᠤᠨ ᠲᠣᠮᠣ ᠦᠷᠭᠦᠯᠵᠢᠯᠡᠭᠰᠡᠨ ᠬᠠᠭᠤᠷᠠᠢ ᠭᠠᠵᠠᠷ ᠤᠨ ᠡᠵᠡᠨᠲᠦ ᠭᠦᠷᠦᠨ ᠪᠠᠢᠢᠯ᠎ᠠ᠃

ᠡᠨᠡ ᠨᠢ ᠬᠦᠮᠦᠨ ᠲᠥᠷᠥᠯᠬᠢᠲᠡᠨ ᠦ ᠲᠡᠦᠬᠡ ᠢᠢᠨ ᠬᠥᠭ᠍ᠵᠢᠯ ᠦᠨ ᠶᠠᠪᠤᠴᠠ ᠳᠤ ᠨᠥᠯᠥᠭᠡ ᠦᠵᠡᠭᠦᠯᠬᠦ ᠨᠢ ᠡᠷᠡᠭᠡᠯᠵᠡᠭᠡ ᠦᠭᠡᠢ ᠪᠠᠢᠢᠭᠰᠠᠨ ᠶᠤᠮ᠃ ᠴᠢᠩ᠋ᠭᠢᠰ ᠬᠠᠭᠠᠨ ᠲᠡᠦᠬᠡᠨ ᠳᠥ ᠬᠠᠮᠤᠭ ᠤᠨ ᠲᠣᠮᠣ ᠡᠵᠡᠨᠲᠦ ᠭᠦᠷᠦᠨ ᠪᠠᠢᠢᠭᠤᠯᠤᠭᠰᠠᠨ ᠤᠳᠤᠷᠢᠳᠤᠭᠴᠢ ᠪᠠᠢᠢᠭᠰᠠᠨ ᠲᠡᠳᠦᠢ ᠦᠭᠡᠢ ᠠᠭᠤᠤ ᠲᠥᠷᠥ ᠤᠯᠤᠰ ᠢ ᠵᠠᠬᠢᠷᠴᠤ ᠴᠢᠳᠠᠭᠰᠠᠨ ᠴᠡᠷᠢᠭ ᠦᠨ ᠲᠣᠮᠣ ᠵᠠᠩᠵᠤᠨ ᠭᠡᠵᠦ ᠪᠢᠴᠢᠭᠳᠡᠳᠡᠭ ᠶᠤᠮ᠃

1206 ᠣᠨ ᠳᠤ ᠴᠢᠩ᠋ᠭᠢᠰ ᠬᠠᠭᠠᠨ ᠠᠭᠤᠤ ᠡᠵᠡᠨᠲᠦ ᠭᠦᠷᠦᠨ ᠢ ᠡᠭᠦᠰᠬᠡᠨ ᠪᠠᠢᠢᠭᠤᠯᠵᠤ᠂ ᠲᠤᠰᠠᠭᠠᠷ ᠲᠣᠭᠲᠠᠨᠢᠯ ᠤᠨ ᠨᠡᠷ᠎ᠡ ᠬᠦᠨᠳᠦ ᠢᠢ ᠣᠯᠵᠤ ᠠᠪᠤᠭᠰᠠᠨ ᠪᠥᠭᠡᠳ ᠲᠡᠷᠡ ᠪᠡᠷ 1227 ᠣᠨ ᠳᠤ ᠨᠠᠰᠤᠨ ᠥᠭᠡᠳᠡ ᠪᠣᠯᠬᠤ ᠦᠶ᠎ᠡ ᠳᠥ ᠮᠣᠩ᠋ᠭᠣᠯ ᠤᠨ ᠡᠵᠡᠨᠲᠦ ᠭᠦᠷᠦᠨ ᠬᠠᠷ᠎ᠠ ᠳᠠᠯᠠᠢ ᠠᠴᠠ ᠨᠣᠮᠣᠬᠠᠨ ᠳᠠᠯᠠᠢ ᠬᠦᠷᠲᠡᠯᠡᠬᠢ ᠭᠠᠵᠠᠷ ᠨᠤᠲᠤᠭ ᠢ ᠡᠵᠡᠮᠰᠢᠵᠦ ᠪᠠᠢᠢᠪᠠ᠃

ᠨᠥᠬᠥᠷ ᠴᠤ ᠪᠠᠢ᠂ ᠳᠠᠢᠢᠰᠤᠨ ᠴᠤ ᠪᠠᠢ ᠣᠯᠠᠨ ᠠᠷᠠᠳ ᠲᠦᠮᠡᠨ ᠦ ᠲᠡᠦᠬᠡᠨ ᠳᠥ ᠥᠪᠡᠷ ᠦᠨ ᠪᠠᠢᠢᠯᠳᠤᠨ ᠳᠠᠭᠠᠭᠤᠯᠤᠯ ᠢᠶᠠᠷ ᠳᠤᠷᠠᠰᠤᠭᠳᠠᠨ ᠦᠯᠡᠳᠡᠭᠰᠡᠨ ᠠᠤᠭ᠎ᠠ ᠶᠡᠬᠡ ᠴᠢᠩ᠋ᠭᠢᠰ ᠬᠠᠭᠠᠨ ᠤ ᠵᠣᠷᠢᠭᠰᠠᠨ ᠳᠤ ᠪᠠᠨ ᠬᠦᠷᠬᠦ ᠴᠢᠳᠠᠪᠤᠷᠢ᠂ ᠴᠡᠷᠢᠭ ᠦᠨ ᠶᠡᠬᠡ ᠡᠷᠳᠡᠮ ᠨᠢ ᠮᠣᠩ᠋ᠭᠣᠯ ᠤᠨ ᠶᠡᠬᠡ ᠡᠵᠡᠨᠲᠦ ᠭᠦᠷᠦᠨ ᠳᠤ ᠶᠡᠬᠡ ᠵᠦᠢᠯ ᠢ ᠥᠭᠴᠡᠢ᠃

ᠥᠨᠥ ᠢᠢᠨ 1.5 ᠰᠠᠶ᠎ᠠ ᠬᠠᠪᠲᠠᠭᠠᠢ ᠳᠥᠷᠪᠡᠯᠵᠢᠨ ᠺᠢᠯᠣᠮᠧᠲ᠋ᠷ ᠥᠷᠭᠡᠨ ᠠᠭᠤᠳᠠᠮ ᠨᠤᠲᠤᠭ ᠳᠡᠪᠢᠰᠬᠡᠷ ᠲᠡᠢ᠂ ᠡᠷᠴᠢ ᠬᠦᠴᠦᠲᠡᠢ᠂ ᠵᠠᠯᠠᠭᠤ ᠬᠦᠮᠦᠨ ᠠᠮᠠ ᠲᠠᠢ ᠮᠣᠩ᠋ᠭᠣᠯ ᠤᠯᠤᠰ ᠣᠷᠴᠢᠨ ᠦᠶ᠎ᠡ ᠢᠢᠨ ᠳᠡᠯᠡᠬᠡᠢ ᠶᠢᠷᠲᠢᠨᠴᠦ ᠢᠢᠨ ᠢᠳᠡᠪᠬᠢᠲᠡᠢ ᠤᠯᠤᠰ ᠣᠷᠣᠨ ᠤ ᠨᠢᠭᠡ ᠪᠣᠯᠤᠨ ᠬᠥᠭ᠍ᠵᠢᠨ ᠴᠡᠴᠡᠭᠯᠡᠵᠦ ᠪᠠᠢᠢᠨ᠎ᠠ᠃ ᠮᠣᠩ᠋ᠭᠣᠯ ᠤᠯᠤᠰ ᠳᠡᠯᠡᠬᠡᠢ ᠢᠢᠨ ᠲᠡᠦᠬᠡᠨ ᠳᠥ ᠥᠪᠡᠷ ᠦᠨ ᠥᠪᠡᠷᠮᠢᠴᠡ ᠪᠠᠢᠢᠷᠢ ᠰᠠᠭᠤᠷᠢ ᠪᠣᠯᠤᠨ ᠰᠤᠶᠤᠯ ᠤᠨ ᠥᠪ ᠢᠶᠡᠨ ᠬᠠᠳᠠᠭᠠᠯᠠᠨ ᠦᠯᠡᠳᠡᠵᠦ ᠴᠢᠳᠠᠭᠰᠠᠨ ᠶᠤᠮ》 ᠬᠡᠮᠡᠨ ᠳ᠋ᠦᠩᠨᠡᠵᠡᠢ᠃

ᠮᠥᠨ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠪᠢᠯᠯ ᠺᠯᠢᠨᠲ᠋ᠤᠨ 《1206 ᠣᠨ ᠳᠤ ᠴᠢᠩ᠋ᠭᠢᠰ ᠬᠠᠭᠠᠨ ᠶᠡᠬᠡ ᠮᠣᠩ᠋ᠭᠣᠯ ᠤᠯᠤᠰ ᠢ ᠨᠢᠭᠡᠳᠬᠡᠨ ᠵᠠᠩ᠋ᠭᠢᠳᠤᠭᠰᠠᠨ ᠦᠶ ᠡ ᠡᠴᠡ ᠬᠣᠢᠢᠰᠢ ᠮᠣᠩ᠋ᠭᠣᠯᠴᠤᠳ ᠲᠤᠰᠠᠭᠠᠷ ᠲᠣᠭᠲᠠᠨᠢᠯ᠂ ᠡᠷᠬᠡ ᠴᠢᠯᠦᠭᠡ ᠢᠢ ᠭᠦᠨ᠎ᠡ ᠡᠷᠬᠢᠮᠯᠡᠨ ᠳᠡᠭᠡᠳᠦᠯᠡᠵᠦ ᠢᠷᠡᠭᠰᠡᠨ》 ᠬᠡᠮᠡᠨ ᠴᠣᠬᠣᠨ ᠲᠡᠮᠳᠡᠭᠯᠡᠵᠡᠢ᠃

ᠲᠡᠭᠡᠪᠡᠯ ᠹᠷᠠᠨᠼ ᠤᠯᠤᠰ ᠤᠨ ᠶᠡᠷᠦᠩᠬᠡᠢᠢᠯᠡᠭᠴᠢ ᠵᠠᠺ ᠱᠢᠷᠠᠺ ᠴᠢᠩ᠋ᠭᠢᠰ ᠬᠠᠭᠠᠨ᠂ ᠲᠡᠭᠦᠨ ᠦ ᠦᠢᠯᠡ ᠬᠡᠷᠡᠭ ᠢ ᠲᠣᠳᠣᠷᠬᠠᠢᠢᠯᠠᠬᠤ ᠳᠤ ᠪᠠᠨ 《ᠳᠡᠯᠡᠬᠡᠢ ᠢᠢ ᠳᠣᠩᠰᠣᠯᠭᠠᠵᠤ ᠪᠠᠢᠢᠭᠰᠠᠨ ᠡᠨᠡᠬᠦ ᠶᠡᠬᠡ ᠪᠠᠢᠢᠯᠳᠤᠨ ᠳᠠᠭᠠᠭᠤᠯᠤᠭᠴᠢ ᠶᠠᠮᠪᠠᠷ ᠶᠡᠬᠡ ᠥᠨᠳᠥᠷ ᠰᠤᠶᠤᠯ ᠲᠠᠢ᠂ ᠢᠷᠡᠭᠡᠳᠦᠢ ᠢᠢ ᠤᠷᠢᠳᠴᠢᠯᠠᠨ ᠬᠠᠷᠠᠭᠴᠢ᠂ ᠥᠪᠡᠷ ᠦᠨ ᠨᠡᠢᠢᠭᠡᠮ ᠴᠠᠭ ᠦᠶ᠎ᠡ ᠢᠢ ᠲᠣᠳᠣᠷᠬᠠᠢᠢᠯᠠᠭᠴᠢ ᠪᠠᠢᠢᠭᠰᠠᠨ ᠢ ᠲᠡᠷᠡ ᠪᠦᠷ ᠪᠦᠷᠢᠨ ᠳᠦᠭᠦᠷᠡᠩ ᠰᠤᠳᠤᠯᠵᠤ᠂ ᠮᠡᠳᠡᠵᠦ ᠠᠮᠵᠢᠭ᠎ᠠ ᠦᠭᠡᠢ ᠪᠠᠢᠢᠨ᠎ᠠ᠃

ᠴᠢᠩ᠋ᠭᠢᠰ ᠬᠠᠭᠠᠨ ᠣᠪᠤᠭ ᠠᠢᠢᠮᠠᠭ ᠤᠨ ᠲᠣᠭᠲᠠᠯᠴᠠᠭ᠎ᠠ ᠢᠢ ᠵᠠᠳᠠᠯᠤᠨ ᠬᠠᠯᠠᠵᠤ᠂ ᠦᠨᠳᠦᠰᠦᠨ ᠦ ᠡᠪ ᠨᠢᠭᠡᠳᠦᠯ ᠢ ᠡᠭᠦᠰᠬᠡᠨ ᠪᠤᠢ ᠪᠣᠯᠭᠠᠵᠤ᠂ ᠮᠣᠩ᠋ᠭᠣᠯ ᠦᠨᠳᠦᠰᠦᠲᠡᠨ ᠦ ᠦᠶ᠎ᠡ ᠢᠢᠨ ᠦᠶ᠎ᠡ ᠳᠥ ᠮᠥᠩᠬᠡᠳᠡ ᠤᠷᠤᠰᠢᠬᠤ ᠡᠬᠢ ᠦᠨᠳᠦᠰᠦ ᠢᠢ ᠲᠠᠯᠪᠢᠵᠤ ᠥᠭ᠍ᠭᠦᠭ᠍ᠰᠡᠨ ᠶᠤᠮ᠃

ᠲᠡᠷᠡ ᠪᠡᠷ ᠡᠩᠬᠡ ᠲᠠᠢᠢᠪᠤᠩ ᠢ ᠲᠣᠭᠲᠠᠭᠠᠵᠤ᠂ ᠡᠷᠲᠡᠨ ᠦ ᠲᠣᠷᠭᠠᠨ ᠤ ᠵᠠᠮ ᠤᠨ ᠠᠶᠤᠯ ᠦᠭᠡᠢ ᠪᠠᠢᠢᠳᠠᠯ ᠢ ᠬᠠᠩ᠋ᠭᠠᠵᠤ᠂ ᠬᠤᠳᠠᠯᠳᠤᠭ᠎ᠠ ᠨᠠᠢᠢᠮᠠᠢ᠂ ᠣᠶᠤᠨ ᠤ ᠪᠣᠯᠤᠨ ᠤᠷᠠᠯᠢᠭ ᠰᠤᠶᠤᠯ ᠤᠨ ᠰᠣᠯᠢᠯᠴᠠᠭ᠎ᠠ ᠢᠢ ᠬᠥᠭ᠍ᠵᠢᠭᠦᠯᠬᠦ ᠪᠣᠯᠤᠯᠴᠠᠭ᠎ᠠ ᠢᠢ ᠣᠯᠭᠤᠭᠰᠠᠨ ᠶᠤᠮ᠃

ᠲᠡᠦᠬᠡᠴᠢᠳ ᠦᠨ ᠬᠦᠯᠢᠶᠡᠨ ᠵᠥᠪᠰᠢᠶᠡᠷᠡᠭᠰᠡᠨ ᠢᠶᠡᠷ ᠴᠢᠩ᠋ᠭᠢᠰ ᠬᠠᠭᠠᠨ ᠤ ᠦᠯᠡᠳᠡᠭᠡᠭ᠍ᠰᠡᠨ ᠨᠢᠭᠡᠨ ᠴᠢᠬᠤᠯᠠ ᠥᠪ ᠪᠣᠯᠬᠤ 《ᠮᠣᠩ᠋ᠭᠣᠯ ᠤᠨ ᠶᠡᠬᠡ ᠠᠮᠤᠷ ᠠᠮᠤᠭᠤᠯᠠᠩ (Pax Mongolica)》 ᠨᠢ ᠧᠦ᠋ᠷᠣᠫᠠ᠂ ᠠᠽᠢ ᠢᠢ ᠬᠣᠯᠪᠣᠭᠰᠠᠨ ᠬᠠᠷᠢᠯᠴᠠᠭ᠎ᠠ ᠢᠢ ᠣᠯᠠᠨ ᠵᠠᠭᠤᠨ ᠤ ᠲᠤᠷᠰᠢᠳᠠ ᠬᠥᠭ᠍ᠵᠢᠨ ᠴᠡᠴᠡᠭᠯᠡᠬᠦ ᠪᠣᠯᠤᠮᠵᠢ ᠢᠢ ᠪᠦᠷᠢᠳᠦᠭᠦᠯᠦᠭᠰᠡᠨ ᠶᠤᠮ᠃

ᠴᠢᠩ᠋ᠭᠢᠰ ᠬᠠᠭᠠᠨ ᠥᠨᠥ ᠦᠶ᠎ᠡ ᠳᠥ ᠳᠣᠮᠣᠭᠲᠤ ᠪᠠᠭᠠᠲᠤᠷ ᠪᠣᠯᠵᠤ᠂ ᠲᠡᠭᠦᠨ ᠦ ᠰᠦᠷ ᠬᠦᠴᠦ᠂ ᠳᠤᠷᠠᠰᠤᠮᠵᠢ ᠦᠶ᠎ᠡ ᠢᠢᠨ ᠦᠶ᠎ᠡ ᠳᠥ ᠠᠶᠤᠬᠤ᠂ ᠪᠢᠰᠢᠷᠡᠬᠦ ᠢᠢ ᠬᠣᠣᠰᠯᠠᠭᠤᠯᠤᠨ ᠮᠥᠩᠬᠡᠷᠡᠭᠰᠡᠭᠡᠷ ᠪᠠᠢᠢᠨ᠎ᠠ》 ᠬᠡᠮᠡᠨ ᠦᠨᠡᠯᠡᠨ ᠳ᠋ᠦᠩᠨᠡᠵᠡᠢ᠃

2005 ᠣᠨ ᠳᠤ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ ᠲᠡᠦᠬᠡᠲᠦ 800 ᠵᠢᠯ ᠦᠨ ᠣᠢ ᠢᠢ ᠲᠣᠬᠢᠶᠠᠯᠳᠤᠭᠤᠯᠤᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠢ ᠠᠰᠰᠠᠮᠪᠯᠧᠢ ᠮᠣᠩ᠋ᠭᠣᠯᠴᠤᠳ ᠤᠨ ᠬᠦᠮᠦᠨ ᠲᠥᠷᠥᠯᠬᠢᠲᠡᠨ ᠦ ᠲᠡᠦᠬᠡᠨ ᠳᠥ ᠣᠷᠣᠭᠤᠯᠤᠭᠰᠠᠨ ᠬᠤᠪᠢ ᠨᠡᠮᠡᠷᠢ ᠢᠢ ᠥᠨᠳᠥᠷ ᠢᠶᠡᠷ ᠦᠨᠡᠯᠡᠨ ᠣᠯᠠᠨ ᠤᠯᠤᠰ ᠲᠤ ᠲᠡᠮᠳᠡᠭᠯᠡᠨ ᠥᠩ᠋ᠭᠡᠷᠡᠭᠡᠬᠦ ᠢᠢ ᠭᠡᠰᠢᠭᠦᠨ ᠣᠷᠣᠨ ᠨᠤᠭᠤᠳ ᠲᠠᠭᠠᠨ ᠤᠷᠢᠶᠠᠯᠠᠭᠰᠠᠨ ᠲᠣᠭᠲᠠᠭᠠᠯ ᠭᠠᠷᠭᠠᠭᠰᠠᠨ᠃

ᠡᠨᠡ ᠲᠣᠭᠲᠠᠭᠠᠯ ᠳᠤ 《ᠶᠡᠬᠡ ᠮᠣᠩ᠋ᠭᠣᠯ ᠤᠯᠤᠰ ᠠᠽᠢ᠂ ᠧᠦ᠋ᠷᠣᠫᠠ ᠢᠢᠨ ᠣᠯᠠᠨ ᠨᠡᠢᠢᠭᠡᠮ ᠳᠥ ᠥᠪᠡᠷ ᠦᠨ ᠤᠯᠪᠠᠭ᠎ᠠ ᠢᠢ ᠦᠯᠡᠳᠡᠭᠡᠬᠦ ᠢᠢᠨ ᠵᠡᠷᠭᠡᠴᠡᠭᠡ ᠥᠷᠥᠨ᠎ᠡ᠂ ᠳᠣᠷᠣᠨ᠎ᠠ ᠢᠢᠨ ᠰᠤᠶᠤᠯ ᠤᠯᠠᠮᠵᠢᠯᠠᠯ ᠢ ᠥᠪᠡᠷᠲᠡᠭᠡᠨ ᠰᠢᠩ᠋ᠭᠡᠭᠡᠨ᠂ ᠬᠥᠮᠥᠨ ᠦ ᠦᠨᠡᠲᠦ ᠵᠦᠢᠯᠡᠰ ᠦᠨ ᠰᠣᠯᠪᠢᠴᠠᠯ᠂ ᠳᠡᠯᠡᠬᠡᠢ ᠢᠢᠨ ᠢᠷᠭᠡᠨᠰᠢᠯ ᠦᠳ ᠢ ᠬᠣᠯᠪᠣᠭᠰᠠᠨ ᠭᠦᠭᠦᠷᠭᠡ ᠪᠣᠯᠵᠤ᠂ ᠬᠤᠳᠠᠯᠳᠤᠭ᠎ᠠ ᠠᠷᠠᠯᠵᠢᠶᠠᠨ ᠤ ᠥᠷᠭᠡᠨ ᠰᠦᠯᠵᠢᠶ᠎ᠡ ᠢᠢ ᠬᠥᠭ᠍ᠵᠢᠭᠦᠯᠬᠦ᠂ ᠵᠠᠰᠠᠭ ᠵᠠᠬᠢᠷᠭ᠎ᠠ᠂ ᠰᠤᠶᠤᠯ᠂ ᠱᠠᠰᠢᠨ ᠪᠣᠯᠤᠨ ᠬᠤᠳᠠᠯᠳᠤᠭᠠᠨ ᠤ ᠲᠣᠮᠣᠬᠠᠨ ᠲᠥᠪ ᠦᠳ ᠢ ᠪᠤᠢ ᠪᠣᠯᠭᠠᠵᠤ᠂ ᠪᠦᠬᠦ ᠬᠡᠯᠪᠡᠷᠢ ᠢᠢᠨ ᠰᠤᠶᠤᠯ ᠢᠷᠭᠡᠨᠰᠢᠯ ᠬᠣᠭᠣᠷᠣᠨᠳᠣ ᠢᠢᠨ ᠶᠠᠷᠢᠶ᠎ᠠ ᠬᠡᠯᠡᠯᠴᠡᠭᠡ᠂ ᠬᠠᠷᠢᠯᠴᠠᠭ᠎ᠠ ᠢᠢ ᠬᠥᠭ᠍ᠵᠢᠭᠦᠯᠬᠦ ᠳᠥ ᠭᠦᠢᠴᠡᠳᠭᠡᠭ᠍ᠰᠡᠨ ᠴᠢᠬᠤᠯᠠ ᠡᠭᠦᠷᠭᠡ ᠢᠢ ᠬᠦᠯᠢᠶᠡᠨ ᠵᠥᠪᠰᠢᠶᠡᠷᠡᠴᠥ᠂ ᠮᠣᠩ᠋ᠭᠣᠯᠴᠤᠳ ᠤᠨ ᠰᠤᠶᠤᠯ ᠢᠷᠭᠡᠨᠰᠢᠯ ᠳᠥ ᠤᠯᠠᠮᠵᠢᠯᠠᠭᠳᠠᠨ ᠢᠷᠡᠭᠰᠡᠨ ᠪᠠᠢᠢᠭᠠᠯᠢ ᠳᠡᠯᠡᠬᠡᠢ ᠲᠡᠢ ᠪᠡᠨ ᠵᠣᠬᠢᠴᠠᠨ ᠠᠮᠢᠳᠤᠷᠠᠬᠤ ᠶᠣᠰᠣᠨ ᠤ ᠠᠴᠢ ᠬᠣᠯᠪᠣᠭᠳᠠᠯ ᠥᠨᠥ ᠢᠢᠨ ᠳᠡᠯᠡᠬᠡᠢ ᠶᠢᠷᠲᠢᠨᠴᠦ ᠳ᠋ᠥ ᠤᠯᠠᠮ ᠪᠦᠷ ᠥᠰᠦᠨ ᠨᠡᠮᠡᠭᠳᠡᠵᠦ ᠪᠤᠢ ᠢᠢ ᠣᠨᠴᠠᠯᠠᠵᠤ ᠪᠠᠢᠢᠨ᠎ᠠ》 ᠬᠡᠮᠡᠨ ᠴᠣᠬᠣᠨ ᠲᠡᠮᠳᠡᠭᠯᠡᠭᠰᠡᠨ ᠪᠢᠯᠡ᠃

ᠡᠨᠡ ᠪᠦᠬᠦᠨ ᠡᠴᠡ ᠦᠵᠡᠪᠡᠯ 《ᠴᠢᠩ᠋ᠭᠢᠰ ᠬᠠᠭᠠᠨ ᠪᠣᠯᠤᠨ ᠲᠡᠭᠦᠨ ᠢ ᠵᠠᠯᠭᠠᠮᠵᠢᠯᠠᠭᠰᠠᠨ ᠶᠡᠬᠡ ᠬᠠᠭᠠᠳ ᠳᠡᠯᠡᠬᠡᠢ ᠨᠡᠢᠢᠲᠡ ᠳᠥ ᠡᠪ ᠡᠶ᠎ᠡ ᠢᠢ ᠡᠷᠬᠢᠮᠯᠡᠨ᠂ ᠬᠠᠤᠯᠢ ᠴᠠᠭᠠᠵᠠ ᠢᠢᠨ ᠳᠣᠣᠷ᠎ᠠ ᠠᠮᠤᠷ ᠠᠮᠤᠭᠤᠯᠠᠩ ᠢ ᠴᠣᠭᠴᠠᠯᠠᠭᠠᠵᠤ᠂ ᠱᠠᠰᠢᠨ ᠰᠢᠲᠦᠯᠭᠡ᠂ ᠲᠡᠭᠰᠢ ᠪᠠᠢᠢᠳᠠᠯ ᠢ ᠲᠡᠳᠬᠦᠭ᠍ᠰᠡᠨ ᠠᠷᠠᠳᠴᠢᠯᠠᠭᠰᠠᠨ ᠦᠵᠡᠯ ᠰᠠᠨᠠᠭ᠎ᠠ ᠢᠢ ᠳᠡᠯᠭᠡᠷᠡᠭᠦᠯᠵᠦ᠂ ᠬᠤᠳᠠᠯᠳᠤᠭ᠎ᠠ ᠠᠷᠠᠯᠵᠢᠶ᠎ᠠ᠂ ᠬᠠᠷᠢᠯᠴᠠᠭ᠎ᠠ ᠬᠣᠯᠪᠣᠭ᠎ᠠ᠂ ᠰᠤᠶᠤᠯ᠂ ᠰᠢᠨᠵᠢᠯᠡᠬᠦ ᠤᠬᠠᠭᠠᠨ ᠵᠡᠷᠭᠡ ᠣᠯᠠᠨ ᠰᠠᠯᠪᠤᠷᠢ ᠢᠢ ᠬᠥᠭ᠍ᠵᠢᠭᠦᠯᠵᠦ᠂ ᠡᠯᠴᠢ ᠰᠤᠯᠢᠯᠴᠠᠬᠤ ᠶᠣᠰᠣᠨ᠂ ᠳ᠋ᠢᠫᠯᠣᠮᠠᠲ ᠠᠯᠪᠠᠨ ᠤ ᠣᠢᠢᠯᠠᠭᠠᠯᠲᠠ ᠢᠢ ᠠᠩᠬ᠎ᠠ ᠪᠤᠢ ᠪᠣᠯᠭᠠᠨ᠂ ᠥᠨᠥ ᠢᠢᠨ ᠳᠡᠯᠡᠬᠡᠢ ᠶᠢᠷᠲᠢᠨᠴᠦ ᠢᠢᠨ ᠦᠨᠡᠲᠦ ᠵᠦᠢᠯ᠂ ᠦᠵᠡᠯ ᠰᠠᠨᠠᠭ᠎ᠠ᠂ ᠳᠠᠶᠠᠭᠠᠷᠰᠢᠯ ᠤᠨ ᠦᠨᠳᠦᠰᠦ ᠰᠠᠭᠤᠷᠢ ᠢᠢ ᠲᠠᠯᠪᠢᠭᠰᠠᠨ》 ᠬᠡᠮᠡᠨ ᠳᠡᠯᠡᠬᠡᠢ ᠨᠡᠢᠢᠲᠡ ᠪᠡᠷ ᠢᠶᠡᠨ ᠦᠨᠡᠯᠡᠨ ᠳ᠋ᠦᠩᠨᠡᠵᠦ ᠪᠠᠢᠢᠭ᠎ᠠ ᠨᠢ ᠳᠡᠭᠡᠷᠡᠬᠢ ᠠᠯᠳᠠᠷᠲᠠᠢ ᠬᠦᠮᠦᠰ ᠦᠨ ᠬᠡᠯᠡᠭᠰᠡᠨ ᠦᠭᠡ᠂ ᠬᠢᠭ᠍ᠰᠡᠨ ᠰᠤᠳᠤᠯᠭ᠎ᠠ᠂ ᠪᠢᠴᠢᠭᠰᠡᠨ ᠨᠣᠮ ᠵᠣᠬᠢᠶᠠᠯ ᠠᠴᠠ ᠲᠣᠳᠣ ᠬᠠᠷᠠᠭᠳᠠᠵᠤ ᠪᠠᠢᠢᠨ᠎ᠠ᠃

ᠶᠡᠬᠡ ᠡᠵᠡᠨ ᠴᠢᠩ᠋ᠭᠢᠰ ᠬᠠᠭᠠᠨ ᠡᠴᠢᠭᠡ ᠡᠪᠦᠭᠡᠳ ᠦᠨ ᠢᠶᠡᠨ ᠡᠦᠬᠡ ᠲᠡᠦᠬᠡ᠂ ᠥᠪ ᠰᠤᠷᠭᠠᠯ ᠢ ᠵᠢᠷᠦᠬᠡ ᠰᠡᠳᠬᠢᠯ ᠳᠥ ᠪᠡᠨ ᠬᠠᠳᠠᠭᠠᠯᠠᠵᠤ᠂ ᠦᠢᠯᠡ ᠬᠡᠷᠡᠭᠲᠦ ᠪᠡᠨ ᠮᠥᠷᠳᠡᠯᠭᠡ ᠪᠣᠯᠭᠠᠨ ᠲᠥᠷᠥ ᠤᠯᠤᠰ ᠢᠶᠠᠨ ᠤᠳᠤᠷᠢᠳᠤᠭᠰᠠᠨ ᠪᠥᠭᠡᠳ ᠠᠷᠠᠳ ᠲᠦᠮᠡᠨ ᠳᠥ ᠪᠡᠨ ᠪᠢᠯᠢᠭ᠌ ᠰᠤᠷᠭᠠᠯ ᠢᠶᠠᠨ ᠰᠤᠷᠭᠠᠨ ᠠᠢᠢᠯᠠᠳᠴᠤ᠂ ᠦᠷ᠎ᠡ ᠬᠣᠢᠢᠴᠢ ᠳᠤ ᠪᠠᠨ ᠥᠪᠯᠡᠭᠦᠯᠦᠨ ᠦᠯᠡᠳᠡᠭᠡᠭ᠍ᠰᠡᠨ᠂ ᠠᠯᠤᠰ ᠤᠨ ᠬᠠᠷᠠᠭ᠎ᠠ ᠲᠠᠢ᠂ ᠬᠣᠯᠠᠴᠢ ᠤᠬᠠᠭᠠᠨ ᠲᠠᠢ᠂ ᠬᠠᠭᠠᠨ ᠡᠴᠢᠭᠡ ᠪᠠᠢᠢᠭᠰᠠᠨ᠃

ᠶᠡᠬᠡ ᠡᠵᠡᠨ ᠬᠠᠭᠠᠨ ᠢᠶᠠᠷ ᠢᠶᠠᠨ ᠣᠪᠤᠭᠯᠠᠭᠰᠠᠨ ᠡᠷᠬᠢᠮ ᠬᠦᠨᠳᠦᠳᠥ ᠠᠷᠠᠳ ᠢᠷᠭᠡᠳ ᠡ !

ᠲᠡᠦᠬᠡ ᠢᠢᠨ ᠣᠷᠣᠭ᠎ᠠ ᠪᠤᠰᠬᠠᠭ᠎ᠠ ᠠᠯᠢ ᠴᠤ ᠴᠠᠭ ᠦᠶ᠎ᠡ ᠳᠥ ᠮᠣᠩ᠋ᠭᠣᠯ ᠤᠨ ᠲᠥᠯᠥᠭᠡ ᠴᠣᠬᠢᠯᠠᠬᠤ ᠵᠢᠷᠦᠬᠡ ᠢᠢ ᠨᠢᠭᠡᠳᠬᠡᠵᠦ ᠴᠢᠳᠠᠬᠤ ᠮᠣᠩ᠋ᠭᠣᠯ ᠪᠠᠬᠠᠷᠬᠠᠯ ᠢ ᠶᠡᠬᠡ ᠬᠠᠭᠠᠨ ᠥᠪᠡᠷ ᠦᠨ ᠰᠦᠷ ᠬᠦᠴᠦ᠂ ᠰᠤᠤ ᠠᠯᠳᠠᠷ ᠢᠶᠠᠷ ᠢᠶᠠᠨ ᠮᠣᠩ᠋ᠭᠣᠯᠴᠤᠳ ᠪᠢᠳᠡᠨ ᠳᠥ ᠪᠦᠲᠦᠭᠡᠵᠦ ᠥᠭ᠍ᠭᠦᠭ᠍ᠰᠡᠨ᠃

ᠬᠠᠭᠠᠨ ᠡᠵᠡᠨ ᠦ ᠮᠣᠩ᠋ᠭᠣᠯ ᠤᠨ ᠲᠡᠦᠬᠡᠨ ᠳᠥ ᠪᠠᠢᠢᠭᠤᠯᠤᠭᠰᠠᠨ ᠪᠠᠬᠠᠳᠤᠮ᠎ᠠ ᠭᠠᠪᠢᠶ᠎ᠠ᠂ ᠪᠠᠬᠠᠷᠬᠠᠮ᠎ᠠ ᠦᠢᠯᠡᠰ ᠢ ᠶᠠᠭᠤ ᠪᠠᠷ ᠴᠤ ᠦᠨᠡᠯᠡᠵᠦ ᠪᠠᠷᠠᠰᠢ ᠦᠭᠡᠢ᠂ ᠶᠠᠭᠤᠲᠠᠢ ᠴᠤ ᠵᠦᠢᠴᠢᠯᠡᠬᠦ ᠠᠷᠭ᠎ᠠ ᠦᠭᠡᠢ ᠪᠥᠭᠡᠳ ᠦᠶ᠎ᠡ ᠢᠢᠨ ᠦᠶ᠎ᠡ ᠳᠥ ᠮᠣᠩ᠋ᠭᠣᠯ ᠤᠨ ᠠᠷᠠᠳ ᠲᠦᠮᠡᠨ ᠦ ᠣᠶᠤᠨ ᠰᠠᠨᠠᠭᠠᠨ ᠤ ᠳᠠᠷᠬᠠᠯᠠᠭ᠎ᠠ ᠢᠢ ᠪᠡᠬᠢᠵᠢᠭᠦᠯᠦᠨ᠂ ᠮᠣᠩ᠋ᠭᠣᠯ ᠦᠨᠳᠦᠰᠦᠲᠡᠨ ᠢ ᠨᠢᠭᠡᠳᠬᠡᠨ ᠵᠠᠩ᠋ᠭᠢᠳᠴᠤ ᠪᠠᠢᠢᠳᠠᠭ ᠦᠨᠡᠲᠦ ᠵᠦᠢᠯ ᠪᠢᠯᠡ᠃

ᠮᠣᠩ᠋ᠭᠣᠯᠴᠤᠳ ᠪᠢᠳᠡ ᠡᠵᠡᠨ ᠴᠢᠩ᠋ᠭᠢᠰ ᠬᠠᠭᠠᠨ ᠤ ᠪᠠᠨ ᠲᠦᠷᠦᠭᠰᠡᠨ ᠨᠤᠲᠤᠭ᠂ ᠳᠡᠯᠡᠬᠡᠢ ᠢᠢᠨ ᠮᠣᠩ᠋ᠭᠣᠯᠴᠤᠳ ᠤᠨ ᠭᠠᠯ ᠭᠣᠯᠣᠮᠲᠠ ᠢᠢ ᠰᠠᠬᠢᠨ ᠰᠠᠭᠤᠭ᠎ᠠ ᠬᠠᠷᠢᠭᠤᠴᠠᠯᠭ᠎ᠠ ᠲᠠᠢ ᠪᠥᠭᠡᠳ ᠬᠦᠨᠳᠦ ᠲᠡᠢ ᠡᠭᠦᠷᠭᠡ ᠪᠡᠨ ᠢᠮᠠᠭᠲᠠ ᠤᠬᠠᠮᠰᠠᠷᠯᠠᠨ᠂ ᠡᠵᠡᠨ ᠬᠠᠭᠠᠨ ᠤ ᠪᠠᠨ ᠶᠡᠬᠡ ᠥᠪ ᠢ ᠬᠠᠢᠢᠷᠠᠯᠠᠨ ᠬᠠᠮᠠᠭᠠᠯᠠᠵᠤ᠂ ᠰᠤᠷᠪᠤᠯᠵᠢᠯᠠᠨ ᠰᠤᠳᠤᠯᠵᠤ᠂ ᠲᠦᠭᠡᠭᠡᠨ ᠳᠡᠯᠭᠡᠷᠡᠭᠦᠯᠬᠦ ᠳᠥ ᠬᠡᠨ ᠪᠦᠬᠦᠨ ᠡᠴᠡ ᠢᠯᠡᠭᠦᠦ ᠰᠡᠳᠬᠢᠯ ᠵᠢᠷᠦᠬᠡ᠂ ᠬᠢᠴᠢᠶᠡᠯ ᠵᠢᠳᠬᠦᠯ ᠭᠠᠷᠭᠠᠬᠤ ᠶᠣᠰᠣᠲᠠᠢ ᠭᠡᠳᠡᠭ ᠢᠶᠡᠨ ᠦᠶ᠎ᠡ ᠢᠢᠨ ᠦᠶ᠎ᠡ ᠳᠥ ᠰᠠᠨᠠᠵᠤ᠂ ᠦᠢᠯᠡ ᠬᠡᠷᠡᠭ ᠢᠶᠡᠷ ᠢᠶᠡᠨ ᠬᠠᠷᠠᠭᠤᠯᠵᠤ᠂ ᠦᠷ᠎ᠡ ᠬᠣᠢᠢᠴᠢ ᠳᠤ ᠪᠠᠨ ᠵᠠᠬᠢᠵᠤ ᠦᠯᠡᠳᠡᠭᠡᠬᠦ ᠤᠴᠢᠷᠲᠠᠢ᠃

ᠲᠡᠢᠢᠮᠦ ᠡᠴᠡ ᠮᠣᠩ᠋ᠭᠣᠯ ᠲᠥᠷᠥ ᠢᠢᠨ ᠲᠡᠷᠢᠭᠦᠨ ᠵᠠᠷᠯᠢᠭ ᠪᠠᠭᠤᠯᠭᠠᠵᠤ᠂ ᠮᠣᠩ᠋ᠭᠣᠯ ᠬᠦᠮᠦᠨ ᠪᠦᠷᠢ ᠶᠡᠬᠡ ᠮᠣᠩ᠋ᠭᠣᠯ ᠤᠯᠤᠰ ᠤᠨ ᠭᠠᠯ ᠭᠣᠯᠣᠮᠲᠠ ᠢᠢ ᠰᠠᠬᠢᠵᠤ ᠪᠤᠢ ᠢᠢ ᠪᠠᠨ ᠭᠦᠨ᠎ᠡ ᠤᠬᠠᠮᠰᠠᠷᠯᠠᠨ᠂ ᠡᠵᠡᠨ ᠪᠣᠭᠳᠠ ᠴᠢᠩ᠋ᠭᠢᠰ ᠬᠠᠭᠠᠨ ᠤ ᠡᠰᠢ ᠬᠥᠷᠥᠭ ᠢ ᠮᠣᠩ᠋ᠭᠣᠯ ᠲᠥᠷᠥ᠂ ᠠᠢᠢᠯ ᠡᠷᠦᠬᠡ᠂ ᠠᠯᠪᠠᠨ ᠪᠠᠢᠢᠭᠤᠯᠤᠯᠭ᠎ᠠ ᠪᠦᠷᠢ ᠬᠦᠨᠳᠦᠳᠬᠡᠨ ᠵᠠᠯᠠᠵᠤ᠂ ᠰᠤᠤ ᠠᠯᠳᠠᠷ᠂ ᠦᠢᠯᠡ ᠬᠡᠷᠡᠭ᠂ ᠪᠢᠯᠢᠭ᠌ ᠰᠤᠷᠭᠠᠯ ᠢ ᠡᠷᠬᠢᠮᠯᠡᠨ ᠳᠡᠭᠡᠳᠦᠯᠡᠵᠦ᠂ ᠳᠠᠭᠠᠨ ᠮᠥᠷᠳᠡᠵᠦ᠂ ᠲᠥᠷᠥᠳᠦ ᠶᠣᠰᠣᠨ ᠤ ᠦᠨᠡᠲᠦ ᠵᠦᠢᠯ᠂ ᠥᠪ ᠰᠤᠶᠤᠯ ᠢᠶᠠᠨ ᠦᠷ᠎ᠡ ᠬᠣᠢᠢᠴᠢ ᠳᠤ ᠪᠠᠨ ᠥᠪᠯᠡᠭᠦᠯᠦᠨ ᠦᠯᠡᠳᠡᠭᠡᠵᠦ᠂ ᠡᠪ ᠡᠶ᠎ᠡ ᠰᠠᠬᠢᠨ ᠪᠠᠲᠤᠳᠬᠠᠵᠤ᠂ ᠤᠯᠤᠰ ᠣᠷᠣᠨ ᠢᠶᠠᠨ ᠮᠠᠨᠳᠤᠭᠤᠯᠬᠤ ᠳᠤ ᠬᠤᠪᠢ ᠨᠡᠮᠡᠷᠢ ᠪᠡᠨ ᠣᠷᠣᠭᠤᠯᠬᠤ ᠢᠢ ᠤᠷᠢᠶᠠᠯᠠᠭᠰᠠᠨ ᠪᠢᠯᠡ᠃

ᠴᠢᠩ᠋ᠭᠢᠰ ᠬᠠᠭᠠᠨ ᠨᠢᠭᠡᠨ ᠬᠥᠮᠥᠨ ᠦ ᠠᠮᠢᠳᠤᠷᠠᠯ ᠳᠤ ᠬᠢᠵᠦ ᠦᠯᠦ ᠪᠠᠷᠠᠮ᠂ ᠮᠢᠩ᠋ᠭ᠎ᠠ ᠮᠢᠩ᠋ᠭᠠᠨ ᠤᠳᠤᠷᠢᠳᠤᠭᠴᠢᠳ ᠤᠨ ᠬᠢᠵᠦ ᠪᠦᠲᠦᠭᠡᠭ᠍ᠰᠡᠨ ᠡᠴᠡ ᠢᠯᠡᠭᠦᠦ ᠶᠡᠬᠡ ᠲᠡᠦᠬᠡ ᠢᠢ ᠪᠦᠲᠦᠭᠡᠵᠦ᠂ ᠡᠩᠨᠡᠰᠢ ᠦᠭᠡᠢ ᠰᠤᠤ ᠠᠯᠳᠠᠷ ᠢᠶᠠᠨ ᠳᠡᠯᠡᠬᠡᠢ ᠶᠢᠷᠲᠢᠨᠴᠦ ᠳ᠋ᠥ ᠳᠠᠭᠤᠷᠢᠰᠬᠠᠵᠤ᠂ ᠰᠤᠳᠤᠯᠤᠨ ᠰᠢᠨᠵᠢᠯᠡᠵᠦ ᠦᠯᠦ ᠳᠠᠭᠤᠰᠬᠤ ᠠᠷᠪᠢᠨ ᠶᠡᠬᠡ ᠥᠪ ᠢ ᠬᠦᠮᠦᠨ ᠲᠥᠷᠥᠯᠬᠢᠲᠡᠨ ᠳᠥ ᠦᠯᠡᠳᠡᠭᠡᠭ᠍ᠰᠡᠨ ᠶᠤᠮ᠃

ᠶᠡᠬᠡ ᠡᠵᠡᠨ ᠴᠢᠩ᠋ᠭᠢᠰ ᠬᠠᠭᠠᠨ ᠤ ᠰᠤᠤ ᠠᠯᠳᠠᠷ᠂ ᠦᠢᠯᠡ ᠬᠡᠷᠡᠭ ᠢ ᠳᠣᠲᠣᠭᠠᠳᠤ᠂ ᠭᠠᠳᠠᠭᠠᠳᠤ ᠳᠤ ᠰᠤᠷᠲᠠᠯᠴᠢᠯᠠᠨ ᠲᠠᠨᠢᠭᠤᠯᠬᠤ᠂ ᠲᠦᠭᠡᠭᠡᠨ ᠳᠡᠯᠭᠡᠷᠡᠭᠦᠯᠬᠦ᠂ ᠰᠤᠷᠪᠤᠯᠵᠢᠯᠠᠨ ᠰᠤᠳᠤᠯᠬᠤ ᠴᠢᠭᠯᠡᠯ ᠢᠶᠡᠷ ᠲᠥᠷᠥ᠂ ᠵᠠᠰᠠᠭ ᠪᠣᠯᠤᠨ ᠮᠠᠨ ᠤ ᠦᠶ᠎ᠡ᠂ ᠦᠶ᠎ᠡ ᠢᠢᠨ ᠲᠥᠷᠥ ᠢᠢᠨ ᠲᠡᠷᠢᠭᠦᠨ᠂ ᠡᠷᠳᠡᠮᠲᠡᠨ ᠮᠡᠷᠭᠡᠳ᠂ ᠠᠷᠠᠳ ᠢᠷᠭᠡᠳ᠂ ᠬᠣᠯᠪᠣᠭᠳᠠᠬᠤ ᠪᠠᠢᠢᠭᠤᠯᠤᠯᠭ᠎ᠠ ᠨᠤᠭᠤᠳ ᠬᠦᠴᠦᠨ ᠴᠢᠷᠮᠠᠢᠢᠯᠲᠠ ᠭᠠᠷᠭᠠᠨ ᠪᠣᠳᠠᠲᠤ ᠠᠵᠢᠯ ᠤᠳ ᠢ ᠬᠢᠵᠦ ᠪᠦᠲᠦᠭᠡᠵᠦ ᠢᠷᠡᠭᠰᠡᠨ ᠢ ᠲᠡᠦᠬᠡᠨ ᠪᠠᠶᠠᠷ ᠤᠨ ᠡᠨᠡ ᠡᠳᠦᠷ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃

ᠡᠨᠡ ᠵᠢᠯ ᠮᠣᠩ᠋ᠭᠣᠯᠴᠤᠳ ᠪᠢᠳᠡ ᠶᠡᠬᠡ ᠬᠠᠭᠠᠨ ᠤ ᠪᠠᠨ ᠮᠡᠨᠳᠦᠯᠡᠭᠰᠡᠨ ᠦ 860 ᠵᠢᠯ ᠦᠨ ᠣᠢ ᠢᠢ ᠲᠣᠬᠢᠶᠠᠯᠳᠤᠭᠤᠯᠤᠨ ᠶᠡᠬᠡ ᠡᠵᠡᠨ ᠴᠢᠩ᠋ᠭᠢᠰ ᠬᠠᠭᠠᠨ᠂ ᠲᠡᠭᠦᠨ ᠦ ᠡᠪᠦᠭᠡ ᠳᠡᠭᠡᠳᠦᠰ ᠪᠣᠯᠤᠭᠠᠳ ᠵᠠᠯᠭᠠᠮᠵᠢᠯᠠᠭᠴᠢᠳ ᠤᠨ ᠲᠡᠦᠬᠡ ᠢᠢ ᠬᠠᠷᠠᠭᠤᠯᠤᠭᠰᠠᠨ 《ᠴᠢᠩ᠋ᠭᠢᠰ ᠬᠠᠭᠠᠨ》 ᠬᠠᠭᠠᠳ ᠢᠵᠠᠭᠤᠷᠲᠠᠨ ᠤ ᠮᠦᠽᠧᠢ ᠢᠢ ᠴᠠᠷ᠎ ᠲᠠᠬᠤᠯ ᠤᠨ ᠬᠦᠨᠳᠦ ᠪᠡᠷᠬᠡ ᠴᠠᠭ ᠦᠶ᠎ᠡ ᠳᠥ ᠪᠠᠷᠢᠵᠤ ᠪᠠᠢᠢᠭᠤᠯᠤᠨ ᠠᠰᠢᠭᠯᠠᠯᠲᠠ ᠳᠤ ᠣᠷᠣᠭᠤᠯᠵᠤ ᠴᠢᠳᠠᠯ ᠠ᠃

ᠮᠥᠨ ᠡᠨᠡ ᠵᠢᠯ 《ᠴᠢᠩ᠋ᠭᠢᠰ ᠬᠠᠭᠠᠨ ᠤ ᠶᠢᠷᠲᠢᠨᠴᠦ ᠪᠠ ᠮᠣᠩ᠋ᠭᠣᠯ ᠰᠤᠳᠤᠯᠤᠯ》 ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢ ᠤᠯᠠᠭᠠᠨᠪᠠᠭᠠᠲᠤᠷ ᠬᠣᠲᠠᠨ  ᠠ ᠵᠣᠬᠢᠶᠠᠨ ᠪᠠᠢᠢᠭᠤᠯᠵᠤ᠂ ᠴᠢᠩ᠋ᠭᠢᠰ ᠬᠠᠭᠠᠨ ᠰᠤᠳᠤᠯᠤᠯ ᠤᠨ ᠣᠯᠠᠨ ᠤᠯᠤᠰ ᠤᠨ ᠬᠣᠯᠪᠣᠭ᠎ᠠ ᠢᠢ ᠪᠠᠢᠢᠭᠤᠯᠤᠯ᠎ᠠ᠃

ᠡᠨᠡ ᠬᠣᠯᠪᠣᠭ᠎ᠠ᠂ ᠴᠢᠩ᠋ᠭᠢᠰ ᠬᠠᠭᠠᠨ ᠮᠦᠽᠧᠢ ᠨᠢ ᠶᠡᠬᠡ ᠬᠠᠭᠠᠨ ᠤ ᠬᠦᠮᠦᠨ ᠲᠥᠷᠥᠯᠬᠢᠲᠡᠨ ᠦ ᠬᠥᠭ᠍ᠵᠢᠯ ᠳ᠋ᠦ ᠣᠷᠣᠭᠤᠯᠤᠭᠰᠠᠨ ᠬᠤᠪᠢ ᠨᠡᠮᠡᠷᠢ᠂ ᠲᠡᠭᠦᠨ ᠦ ᠲᠥᠷᠥᠳᠦ ᠶᠣᠰᠣᠨ᠂ ᠲᠡᠦᠬᠡ ᠰᠤᠶᠤᠯ ᠤᠨ ᠥᠪ ᠢ ᠰᠢᠨᠵᠢᠯᠡᠬᠦ ᠤᠬᠠᠭᠠᠨᠴᠢ ᠪᠠᠷ ᠰᠤᠳᠤᠯᠬᠤ᠂ ᠲᠦᠭᠡᠭᠡᠨ ᠳᠡᠯᠭᠡᠷᠡᠭᠦᠯᠬᠦ᠂ ᠰᠤᠷᠲᠠᠯᠴᠢᠯᠠᠨ ᠲᠠᠨᠢᠭᠤᠯᠬᠤ᠂ ᠴᠢᠩ᠋ᠭᠢᠰ ᠬᠠᠭᠠᠨ ᠰᠤᠳᠤᠯᠤᠯ ᠤᠨ ᠬᠠᠮᠤᠷᠬᠤ ᠴᠠᠷ᠎ ᠬᠦᠷᠢᠢ᠎ᠡ ᠢᠢ ᠦᠷᠭᠡᠳᠭᠡᠬᠦ᠂ ᠳᠡᠯᠡᠬᠡᠢ ᠢᠢᠨ ᠣᠯᠠᠨ ᠣᠷᠣᠨ ᠤ ᠡᠷᠳᠡᠮᠲᠡᠨ ᠰᠤᠳᠤᠯᠤᠭᠠᠴᠢᠳ ᠤᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠵᠦ᠂ ᠬᠠᠮᠲᠤᠷᠠᠭᠰᠠᠨ ᠲᠥᠰᠥᠯ᠂ ᠬᠥᠲᠥᠯᠪᠦᠷᠢ ᠨᠦᠭᠦᠳ ᠢ ᠬᠡᠷᠡᠭᠵᠢᠭᠦᠯᠬᠦ ᠪᠣᠯᠤᠨ᠎ᠠ᠃

ᠮᠣᠩ᠋ᠭᠣᠯ ᠤᠯᠤᠰ ᠴᠢᠩ᠋ᠭᠢᠰ ᠬᠠᠭᠠᠨ ᠰᠤᠳᠤᠯᠤᠯ ᠢᠶᠠᠷ ᠳᠡᠯᠡᠬᠡᠢ ᠳᠥ ᠮᠠᠩᠯᠠᠢᠢᠯᠠᠵᠤ ᠪᠠᠢᠢᠬᠤ ᠤᠴᠢᠷᠲᠠᠢ᠃

ᠶᠡᠬᠡ ᠬᠠᠭᠠᠨ ᠢ ᠬᠥᠷᠥᠰᠥᠲᠥ ᠳ᠋ᠥ ᠮᠡᠨᠳᠦᠯᠡᠭᠰᠡᠨ ᠴᠠᠭ ᠠᠴᠠ ᠬᠣᠢᠢᠰᠢᠬᠢ ᠪᠦᠬᠦᠢ ᠯᠠ ᠦᠢᠯᠡ ᠬᠡᠷᠡᠭ ᠢ ᠨᠢ ᠳᠡᠯᠡᠬᠡᠢ ᠢᠢᠨ ᠠᠭᠤᠤ ᠬᠦᠮᠦᠰ᠂ ᠠᠯᠳᠠᠷ ᠰᠤᠤᠲᠠᠨ ᠨᠤᠭᠤᠳ᠂ ᠪᠢᠯᠢᠭ᠌ ᠣᠶᠤᠨᠲᠠᠨ ᠨᠤᠭᠤᠳ᠂ ᠪᠢᠴᠢᠭ᠌ ᠦᠨ ᠮᠡᠷᠭᠡᠳ ᠲᠠᠨᠢᠨ ᠮᠡᠳᠡᠵᠦ᠂ ᠰᠤᠷᠪᠤᠯᠵᠢᠯᠠᠨ ᠰᠤᠳᠤᠯᠬᠤ ᠭᠡᠵᠦ ᠬᠡᠳᠦᠨ ᠵᠠᠭᠤᠨ ᠢ ᠲᠤᠭᠤᠯᠵᠠᠢ᠃

ᠲᠡᠢᠢᠮᠦ ᠡᠴᠡ ᠴᠢᠩ᠋ᠭᠢᠰ ᠬᠠᠭᠠᠨ ᠪᠣᠯᠤᠨ ᠮᠣᠩ᠋ᠭᠣᠯ ᠤᠨ ᠡᠵᠡᠨᠲᠦ ᠭᠦᠷᠦᠨ ᠰᠤᠳᠤᠯᠤᠯ ᠢᠶᠠᠷ ᠣᠯᠠᠨ ᠤᠯᠤᠰ ᠤᠨ ᠲᠦᠪᠰᠢᠨ ᠳᠥ ᠠᠵᠢᠯᠯᠠᠬᠤ᠂ ᠨᠠᠷᠢᠨ ᠮᠡᠷᠭᠡᠵᠢᠯ ᠦᠨ ᠰᠤᠳᠤᠯᠤᠭᠠᠴᠢ ᠡᠷᠳᠡᠮᠲᠡᠳ ᠢ ᠲᠥᠷᠥ ᠢᠢᠨ ᠪᠣᠳᠣᠯᠭ᠎ᠠ ᠪᠠᠷ ᠪᠡᠯᠡᠳᠬᠡᠨ ᠰᠤᠷᠭᠠᠬᠤ ᠶᠠᠪᠤᠳᠠᠯ ᠴᠢᠬᠤᠯᠠ ᠪᠠᠢᠢᠨ᠎ᠠ᠃

ᠴᠢᠩ᠋ᠭᠢᠰ ᠬᠠᠭᠠᠨ ᠰᠤᠳᠤᠯᠤᠯ ᠬᠥᠭ᠍ᠵᠢᠬᠦ ᠢᠢᠨ ᠬᠢᠷᠢ ᠪᠡᠷ ᠣᠯᠠᠨ ᠣᠷᠣᠨ ᠤ ᠡᠷᠳᠡᠮᠲᠡᠨ ᠮᠡᠷᠭᠡᠳ ᠶᠡᠬᠡ ᠬᠠᠭᠠᠨ ᠤ ᠬᠦᠮᠦᠨ ᠲᠥᠷᠥᠯᠬᠢᠲᠡᠨ ᠦ ᠬᠥᠭ᠍ᠵᠢᠯ ᠳᠡᠪᠰᠢᠯ᠂ ᠳᠡᠯᠡᠬᠡᠢ ᠢᠢᠨ ᠲᠡᠦᠬᠡᠨ ᠳᠥ ᠣᠷᠣᠭᠤᠯᠤᠭᠰᠠᠨ ᠦᠯᠡᠮᠵᠢ ᠶᠡᠬᠡ ᠭᠠᠪᠢᠶ᠎ᠠ ᠵᠢᠳᠬᠦᠯ ᠢ ᠲᠠᠨᠢᠨ ᠮᠡᠳᠡᠵᠦ᠂ ᠦᠨᠡᠯᠡᠨ ᠴᠡᠩᠨᠡᠵᠦ᠂ ᠬᠦᠯᠢᠶᠡᠨ ᠵᠥᠪᠰᠢᠶᠡᠷᠡᠴᠥ᠂ ᠡᠵᠡᠨ ᠬᠠᠭᠠᠨ ᠪᠣᠯᠤᠨ ᠮᠣᠩ᠋ᠭᠣᠯᠴᠤᠳ ᠤᠨ ᠲᠠᠯᠠᠭᠠᠷᠬᠢ ᠦᠨᠡᠨ ᠪᠣᠳᠠᠲᠤ ᠲᠡᠦᠬᠡ ᠳᠡᠯᠡᠬᠡᠢ ᠨᠡᠢᠢᠲᠡ ᠳᠥ ᠲᠦᠭᠡᠨ ᠳᠡᠯᠭᠡᠷᠡᠬᠦ ᠪᠣᠯᠤᠨ᠎ᠠ᠃

ᠪᠢᠳᠡ ᠬᠦᠴᠦᠷᠬᠡᠭ᠌ ᠬᠥᠭ᠍ᠵᠢᠩ᠋ᠭᠦᠢ ᠤᠯᠤᠰ ᠣᠷᠣᠨ ᠪᠠᠢᠢᠭᠤᠯᠬᠤ ᠢᠢ ᠬᠡᠳᠦᠢ ᠴᠢᠨᠡᠭᠡ ᠡᠷᠡᠮᠡᠯᠵᠡᠨ᠎ᠡ᠂ ᠲᠡᠳᠦᠢ ᠴᠢᠨᠡᠭᠡ ᠡᠶ᠎ᠡ ᠡᠪ ᠢᠶᠡᠨ ᠬᠢᠴᠢᠶᠡᠵᠦ᠂ ᠡᠬᠡ ᠲᠡᠦᠬᠡ᠂ ᠡᠴᠢᠭᠡ ᠡᠪᠦᠭᠡᠳ ᠦᠨ ᠢᠶᠡᠨ ᠮᠡᠳᠡᠯᠭᠡ ᠤᠬᠠᠭᠠᠨ᠂ ᠪᠢᠯᠢᠭ᠌ ᠰᠤᠷᠭᠠᠯ ᠠᠴᠠ ᠰᠤᠷᠤᠯᠴᠠᠵᠤ᠂ ᠡᠷᠲᠡ᠂ ᠡᠳᠦᠭᠡ᠂ ᠢᠷᠡᠭᠡᠳᠦᠢ ᠭᠤᠷᠪᠠᠨ ᠴᠠᠭ ᠤᠨ ᠠᠯᠲᠠᠨ ᠬᠡᠯᠬᠢᠶ᠎ᠡ ᠢᠢ ᠪᠡᠬᠢᠵᠢᠭᠦᠯᠬᠦ ᠤᠴᠢᠷᠲᠠᠢ᠃

ᠲᠠ ᠪᠢᠳᠡᠨ ᠦ ᠲᠤᠰᠠᠭᠠᠷ ᠲᠣᠭᠲᠠᠨᠢᠭᠰᠠᠨ ᠤᠯᠤᠰ ᠭᠡᠷ᠂ ᠡᠷᠬᠡ ᠴᠢᠯᠦᠭᠡ᠂ ᠥᠷᠭᠡᠨ ᠠᠭᠤᠳᠠᠮ ᠭᠠᠵᠠᠷ ᠨᠤᠲᠤᠭ᠂ ᠬᠦᠮᠦᠨ ᠠᠷᠠᠳ᠂ ᠪᠠᠬᠠᠷᠬᠠᠯᠳᠤ ᠲᠡᠦᠬᠡ ᠰᠤᠶᠤᠯ ᠪᠣᠯ ᠶᠡᠬᠡ ᠬᠠᠭᠠᠨ ᠤ ᠠᠯᠳᠠᠷ ᠭᠠᠪᠢᠶ᠎ᠠ ᠲᠠᠢ ᠰᠠᠯᠤᠰᠢ ᠦᠭᠡᠢ ᠬᠣᠯᠪᠣᠭ᠎ᠠ ᠲᠠᠢ ᠭᠡᠳᠡᠭ ᠢ ᠦᠶ᠎ᠡ ᠢᠢᠨ ᠦᠶ᠎ᠡ ᠳᠥ ᠰᠠᠨᠠᠵᠤ᠂ ᠡᠵᠡᠨ ᠬᠠᠭᠠᠨ ᠤ ᠪᠠᠨ ᠪᠢᠯᠢᠭ᠌ ᠰᠤᠷᠭᠠᠯ ᠢ ᠳᠠᠭᠠᠵᠤ ᠮᠥᠷᠲᠡᠬᠥ ᠶᠣᠰᠣᠲᠠᠢ᠃

ᠴᠢᠩ᠋ᠭᠢᠰ ᠬᠠᠭᠠᠨ 《ᠥᠨᠳᠥᠷ ᠠᠭᠤᠯᠠ ᠢᠢ ᠵᠣᠷᠢ᠂ ᠥᠷᠭᠡᠨ ᠳᠠᠯᠠᠢ ᠳᠤ ᠭᠠᠷ᠂ ᠬᠣᠯᠠ ᠬᠡᠮᠡᠨ ᠪᠤᠤ ᠴᠥᠬᠥᠷᠡ᠂ ᠶᠠᠪᠤᠪᠠᠰᠤ ᠬᠦᠷᠡᠨ᠎ᠡ᠂ ᠶᠡᠬᠡ ᠬᠡᠮᠡᠨ ᠪᠤᠤ ᠰᠢᠨᠲᠠᠷᠠ᠂ ᠣᠷᠣᠯᠳᠤᠪᠠᠰᠤ ᠭᠠᠲᠤᠯᠠᠨ᠎ᠠ᠂ ᠬᠦᠨᠳᠦ ᠬᠡᠮᠡᠨ ᠪᠤᠤ ᠵᠢᠷᠦᠬᠡᠰᠢᠶᠡ᠂ ᠡᠷᠭᠦᠪᠡᠰᠦ ᠳᠠᠭᠠᠭᠠᠨ᠎ᠠ》 ᠭᠡᠰᠡᠨ ᠪᠢᠯᠢᠭ᠌ ᠰᠤᠷᠭᠠᠯ ᠢᠶᠠᠨ ᠴᠢᠩᠳᠠ ᠪᠠᠷᠢᠮᠲᠠᠯᠠᠨ ᠠᠭᠤᠤ ᠲᠡᠦᠬᠡ ᠢᠢ ᠪᠦᠲᠦᠭᠡᠵᠦ᠂ ᠶᠡᠬᠡ ᠮᠣᠩ᠋ᠭᠣᠯ ᠤᠯᠤᠰ ᠢᠶᠠᠨ ᠪᠠᠢᠢᠭᠤᠯᠤᠨ᠂ ᠳᠡᠯᠡᠬᠡᠢ ᠢᠢᠨ ᠨᠡᠢᠢᠲᠡ ᠢᠢ ᠲᠥᠪᠰᠢᠳᠬᠡᠭ᠍ᠰᠡᠨ ᠪᠢᠯᠡ᠃

ᠮᠣᠩ᠋ᠭᠣᠯᠴᠤᠳ ᠪᠢᠳᠡ ᠡᠨᠡᠬᠦ ᠪᠢᠯᠢᠭ᠌ ᠰᠤᠷᠭᠠᠯ ᠢ ᠡᠷᠬᠢᠮᠯᠡᠨ ᠳᠡᠭᠡᠳᠦᠯᠡᠵᠦ᠂ ᠴᠢᠩᠳᠠᠯᠠᠨ ᠮᠥᠷᠳᠡᠵᠦ᠂ ᠲᠥᠷᠥ ᠤᠯᠤᠰ᠂ ᠲᠦᠮᠡᠨ ᠣᠯᠠᠨ ᠢᠶᠠᠷ ᠢᠶᠠᠨ ᠤᠯᠤᠰ ᠮᠣᠩ᠋ᠭᠣᠯ ᠤᠨ ᠢᠶᠠᠨ ᠲᠥᠯᠥᠭᠡ ᠬᠢᠴᠢᠶᠡᠨ ᠵᠢᠳᠬᠦᠵᠦ᠂ ᠬᠤᠪᠢ ᠵᠠᠶᠠᠭᠠᠨ ᠳᠤ ᠪᠠᠨ ᠡᠵᠡᠨ ᠪᠣᠯᠬᠤ ᠠᠪᠠᠰᠤ ᠶᠡᠬᠡ ᠦᠢᠯᠡᠰ ᠢ ᠪᠦᠲᠦᠭᠡᠵᠦ᠂ ᠬᠦᠴᠦᠷᠬᠡᠭ᠌ ᠮᠣᠩ᠋ᠭᠣᠯ ᠤᠯᠤᠰ ᠢ ᠴᠣᠭᠴᠠᠯᠠᠭᠠᠨ ᠬᠥᠭ᠍ᠵᠢᠭᠦᠯᠵᠦ ᠴᠢᠳᠠᠨ᠎ᠠ᠃

ᠮᠣᠩ᠋ᠭᠣᠯ ᠬᠦᠮᠦᠨ ᠪᠦᠷᠢ ᠴᠢᠩ᠋ᠭᠢᠰ ᠬᠠᠭᠠᠨ ᠢᠶᠠᠨ ᠬᠦᠨᠳᠦᠳᠬᠡᠨ ᠳᠡᠭᠡᠳᠦᠯᠡᠵᠦ᠂ ᠪᠢᠰᠢᠷᠡᠨ ᠰᠢᠲᠦᠵᠦ᠂ ᠡᠷᠬᠡ ᠴᠢᠯᠦᠭᠡ᠂ ᠲᠤᠰᠠᠭᠠᠷ ᠲᠣᠭᠲᠠᠨᠢᠯ᠂ ᠡᠪ ᠨᠢᠭᠡᠳᠦᠯ ᠢᠶᠡᠨ ᠵᠢᠷᠦᠬᠡᠨ ᠦ ᠲᠣᠯᠲᠣ᠂ ᠨᠢᠳᠦᠨ ᠦ ᠴᠥᠴᠥᠭᠡᠢ ᠮᠡᠲᠦ ᠬᠠᠢᠢᠷᠠᠯᠠᠨ ᠬᠠᠮᠠᠭᠠᠯᠠᠵᠤ᠂ ᠡᠴᠢᠭᠡ ᠡᠪᠦᠭᠡᠳ ᠦᠨ ᠢᠶᠡᠨ ᠪᠠᠢᠢᠭᠤᠯᠤᠭᠰᠠᠨ ᠶᠡᠬᠡ ᠮᠣᠩ᠋ᠭᠣᠯ ᠤᠯᠤᠰ ᠤᠨ ᠦᠷᠭᠦᠯᠵᠢᠯᠡᠯ ᠪᠣᠯᠬᠤ ᠪᠠᠨ ᠥᠷᠯᠥᠭᠡ ᠪᠦᠷᠢ ᠰᠠᠨᠠᠵᠤ᠂ ᠡᠳᠦᠷ ᠪᠦᠷᠢ ᠬᠢᠴᠢᠶᠡᠵᠦ᠂ ᠦᠳᠡᠰᠢ ᠪᠦᠷᠢ ᠴᠡᠩᠨᠡᠵᠦ ᠶᠠᠪᠤᠬᠤ ᠢᠢ ᠲᠡᠦᠬᠡᠨ ᠡᠨᠡ ᠡᠳᠦᠷ ᠡᠷᠬᠢᠮ ᠬᠦᠨᠳᠦᠳᠥ ᠠᠷᠠᠳ ᠢᠷᠭᠡᠳ ᠲᠥ ᠪᠡᠨ ᠤᠷᠢᠶᠠᠯᠠᠵᠤ ᠪᠠᠢᠢᠨ᠎ᠠ᠃

ᠳᠡᠯᠡᠬᠡᠢ ᠢᠢᠨ ᠮᠢᠩ᠋ᠭᠠᠨ ᠤ ᠰᠤᠤᠲᠤ ᠬᠥᠮᠥᠨ᠂ ᠥᠨᠥ ᠢᠢᠨ ᠳᠡᠯᠡᠬᠡᠢ ᠶᠢᠷᠲᠢᠨᠴᠦ ᠢᠢ ᠦᠨᠳᠦᠰᠦᠯᠡᠭᠴᠢᠳ ᠦᠨ ᠨᠢᠭᠡ᠂ ᠬᠠᠭᠠᠳ ᠤᠨ ᠬᠠᠭᠠᠨ ᠶᠡᠬᠡ ᠡᠵᠡᠨ ᠴᠢᠩ᠋ᠭᠢᠰ ᠬᠠᠭᠠᠨ ᠤ ᠪᠠᠨ ᠮᠡᠨᠳᠦᠯᠡᠭᠰᠡᠨ ᠦ ᠲᠡᠦᠬᠡᠲᠦ ᠣᠢ ᠢᠢᠨ ᠪᠠᠶᠠᠷ ᠤᠨ ᠮᠡᠨᠳᠦ ᠢᠢ ᠶᠡᠬᠡ ᠬᠠᠭᠠᠨ ᠤ ᠦᠷ᠎ᠡ ᠰᠠᠳᠤ ᠪᠣᠯᠤᠭᠰᠠᠨ ᠮᠣᠩ᠋ᠭᠣᠯ ᠤᠨ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠳᠡᠯᠡᠬᠡᠢ ᠨᠡᠢᠢᠲᠡ ᠳᠥ ᠡᠷᠭᠦᠨ ᠳᠡᠪᠰᠢᠭᠦᠯᠦᠶ᠎ᠡ᠃

ᠮᠥᠩᠬᠡ ᠲᠩᠷᠢ ᠢᠢᠨ ᠬᠦᠴᠦᠨ ᠳᠣᠣᠷ᠎ᠠ ᠶᠡᠬᠡ ᠡᠵᠡᠨ ᠬᠠᠭᠠᠨ ᠤ ᠰᠦᠷ ᠬᠦᠴᠦ᠂ ᠰᠤᠤ ᠠᠯᠳᠠᠷ ᠮᠣᠩ᠋ᠭᠣᠯᠴᠤᠳ ᠪᠢᠳᠡᠨ ᠢ ᠥᠨᠢ ᠮᠥᠩᠬᠡᠳᠡ ᠢᠪᠡᠭᠡᠬᠦ ᠪᠣᠯᠲᠤᠭᠠᠢ᠃