Та "Internet explorer"-ийн сүүлийн хувилбар болох "Microsoft edge"-г ашиглана уу

Хэрэв "Microsoft edge"-г татах бол энд дарж татаж авна уу

ᠡᠷᠲᠡᠨ ᠦ ᠨᠡᠢᠢᠰᠯᠡᠯ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠵᠠᠷᠯᠢᠭ ᠭᠠᠷᠭᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠷᠲᠡᠨ ᠦ ᠨᠡᠢᠢᠰᠯᠡᠯ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠲᠤ ᠴᠢᠭᠯᠡᠯ ᠪᠣᠯᠭᠠᠭᠰᠠᠨ ᠵᠠᠷᠯᠢᠭ ᠭᠠᠷᠭᠠᠯ᠎ᠠ᠃

ᠵᠠᠷᠯᠢᠭ ᠨᠢ ᠢᠷᠭᠡᠳ ᠦᠨ ᠡᠷᠡᠭᠦᠯ᠂ ᠠᠶᠤᠯ ᠦᠭᠡᠢ ᠤᠷᠴᠢᠨ ᠳᠤ ᠠᠮᠢᠳᠤᠷᠠᠬᠤ ᠨᠥᠬᠥᠴᠡᠯ ᠢ ᠪᠦᠷᠢᠳᠦᠭᠦᠯᠬᠦ᠂ ᠨᠡᠢᠢᠭᠡᠮ ᠤᠨ ᠰᠠᠭᠤᠷᠢ ᠦᠢᠯᠡᠴᠢᠯᠡᠭᠡᠨ ᠦ ᠬᠦᠷᠲᠡᠭᠡᠮᠵᠢ ᠢᠢ ᠨᠡᠮᠡᠭᠳᠡᠭᠦᠯᠬᠦ᠂ ᠬᠦᠮᠦᠨ ᠠᠮᠠ ᠢᠢᠨ ᠲᠥᠪᠯᠡᠷᠡᠯ ᠢ ᠰᠠᠭᠠᠷᠠᠭᠤᠯᠬᠤ᠂ ᠪᠥᠰᠡ ᠨᠤᠲᠤᠭ ᠤᠨ ᠬᠥᠭ᠍ᠵᠢᠯ ᠦᠨ ᠲᠡᠩᠴᠡᠪᠦᠷᠢ ᠲᠡᠢ ᠪᠠᠢᠢᠳᠠᠯ ᠢ ᠬᠠᠩ᠋ᠭᠠᠬᠤ ᠪᠣᠯᠤᠨ ᠲᠥᠷᠥᠳᠦ ᠶᠣᠰᠣᠨ ᠤ ᠪᠠᠨ ᠦᠨᠡᠲᠦ ᠥᠪ ᠢ ᠪᠡᠬᠢᠵᠢᠭᠦᠯᠬᠦ᠂ ᠲᠡᠦᠬᠡ ᠰᠤᠶᠤᠯ ᠢᠶᠠᠨ ᠰᠡᠷᠭᠦᠭᠡᠬᠦ ᠵᠣᠷᠢᠯᠭ᠎ᠠ ᠲᠠᠢ ᠶᠤᠮ᠃

ᠡᠨᠡ ᠬᠦᠷᠢᠶᠡᠨ ᠳᠥ᠄

ᠣᠷᠬᠣᠨ ᠤ ᠬᠥᠨᠳᠡᠢ ᠢᠢᠨ ᠲᠡᠦᠬᠡᠨ ᠳᠤᠷᠠᠰᠬᠠᠯᠲᠤ ᠭᠠᠵᠠᠷ ᠲᠤ ᠲᠥᠷᠥ ᠵᠠᠬᠢᠷᠭ᠎ᠠ᠂ ᠰᠤᠶᠤᠯ᠂ ᠪᠣᠯᠪᠠᠰᠤᠷᠠᠯ᠂ ᠠᠶᠠᠯᠠᠯ ᠵᠢᠭᠤᠯᠴᠢᠯᠠᠯ ᠳᠤ ᠲᠦᠰᠢᠭᠯᠡᠭᠰᠡᠨ ᠪᠠᠢᠢᠭᠠᠯᠢ ᠤᠷᠴᠢᠨ ᠳᠤ ᠡᠭᠡᠯᠢ ᠲᠡᠢ᠂ ᠣᠷᠴᠢᠨ ᠦᠶ᠎ᠡ ᠢᠢᠨ ᠰᠢᠢᠳᠦᠯ ᠢ ᠲᠤᠰᠬᠠᠭᠰᠠᠨ ᠬᠠᠷᠠᠬᠣᠷᠣᠮ ᠬᠣᠲᠠ ᠪᠠᠢᠢᠭᠤᠯᠬᠤ ᠠᠰᠠᠭᠤᠳᠠᠯ ᠢ ᠰᠤᠳᠤᠯᠵᠤ᠂ ᠬᠠᠤᠯᠢ ᠲᠣᠭᠲᠠᠭᠠᠮᠵᠢ ᠳᠤ ᠨᠡᠢᠢᠴᠡᠭᠦᠯᠦᠨ ᠰᠤᠳᠤᠯᠭ᠎ᠠ ᠬᠢᠵᠦ᠂ ᠲᠥᠰᠥᠯ ᠪᠣᠯᠪᠠᠰᠤᠷᠠᠭᠤᠯᠤᠨ ᠤᠯᠤᠰ ᠤᠨ ᠶᠡᠬᠡ ᠬᠤᠷᠠᠯ ᠳᠤ ᠡᠷᠭᠦᠨ ᠪᠠᠷᠢᠬᠤ;

ᠬᠠᠷᠠᠬᠣᠷᠣᠮ ᠬᠣᠲᠠ ᠢᠢᠨ ᠬᠥᠭ᠍ᠵᠢᠯ ᠦᠨ ᠶᠡᠷᠦᠩᠬᠡᠢ ᠲᠥᠯᠥᠪᠯᠡᠯᠲᠡ᠂ ᠵᠠᠮ ᠬᠠᠷᠢᠯᠴᠠᠭ᠎ᠠ᠂ ᠡᠷᠴᠢᠮ ᠬᠦᠴᠦ᠂ ᠤᠰᠤ ᠬᠠᠩ᠋ᠭᠠᠮᠵᠢ᠂ ᠢᠨᠵᠧᠨᠧᠷ ᠦᠨ ᠳᠡᠳ᠋ ᠪᠦᠲᠦᠴᠡ ᠢᠢᠨ ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ᠂ ᠵᠢᠷᠤᠭ ᠲᠥᠰᠥᠯ ᠢ ᠰᠤᠳᠤᠯᠭ᠎ᠠ ᠰᠢᠨᠵᠢᠯᠡᠭᠡ᠂ ᠳᠡᠯᠡᠬᠡᠢ  ᠢᠢᠨ ᠬᠣᠲᠠ ᠨᠤᠭᠤᠳ ᠤᠨ ᠴᠢᠭ᠌ ᠬᠠᠨᠳᠤᠯᠭ᠎ᠠ᠂ ᠮᠣᠩ᠋ᠭᠣᠯ ᠣᠷᠣᠨ ᠤ ᠭᠠᠵᠠᠷ ᠨᠤᠲᠤᠭ ᠤᠨ ᠥᠪᠡᠷᠮᠢᠴᠡ ᠪᠠᠢᠢᠳᠠᠯ᠂ ᠲᠡᠦᠬᠡ᠂ ᠰᠤᠶᠤᠯ ᠲᠠᠢ ᠤᠶᠠᠯᠳᠤᠭᠤᠯᠤᠨ ᠪᠣᠯᠪᠠᠰᠤᠷᠠᠭᠤᠯᠬᠤ;
ᠰᠢᠨ᠎ᠡ ᠬᠣᠲᠠ ᠪᠠᠢᠢᠭᠤᠯᠬᠤ ᠪᠣᠳᠣᠯᠭ᠎ᠠ᠂ ᠲᠥᠯᠦᠪᠯᠡᠯᠲᠡ ᠲᠡᠢ ᠤᠶᠠᠯᠳᠤᠭᠤᠯᠤᠨ ᠬᠣᠲᠠ ᠪᠠᠢᠢᠭᠤᠯᠬᠤ ᠪᠣᠯᠤᠨ ᠬᠣᠲᠠ ᠢᠢᠨ ᠡᠷᠬᠡ ᠵᠦᠢ ᠢᠢᠨ ᠣᠷᠴᠢᠨ ᠢ ᠪᠣᠯᠪᠠᠰᠤᠷᠠᠩ᠋ᠭᠤᠢ ᠪᠣᠯᠭᠠᠬᠤ ᠴᠢᠭᠯᠡᠯ ᠳᠥ ᠡᠷᠬᠡ ᠵᠦᠢ ᠢᠢᠨ ᠰᠢᠨᠡᠳᠬᠡᠯ ᠬᠢᠬᠦ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠲᠤ ᠴᠢᠭᠯᠡᠯ ᠪᠣᠯᠭᠠᠯ᠎ᠠ᠃
ᠮᠥᠨ ᠶᠥᠨᠧᠰᠺᠤ /United Nations Educational Scientific and Cultural Organization/ ᠍ ᠢᠢᠨ ᠳᠡᠯᠡᠬᠡᠢ ᠢᠢᠨ ᠰᠣᠶᠣᠯ ᠤᠨ ᠥᠪ ᠲᠥ ᠪᠦᠷᠢᠳᠬᠡᠭ᠍ᠳᠡᠭᠰᠡᠨ 《ᠣᠷᠬᠣᠨ ᠤ ᠬᠥᠨᠳᠡᠢ ᠢᠢᠨ ᠰᠣᠶᠣᠯ ᠤᠨ ᠳᠤᠷᠠᠰᠬᠠᠯᠲᠤ ᠭᠠᠵᠠᠷ》 ᠍ ᠤᠨ ᠥᠪ᠂ ᠰᠣᠶᠣᠯ ᠢ ᠬᠠᠮᠠᠭᠠᠯᠠᠬᠤ᠂ ᠮᠣᠩ᠋ᠭᠣᠯ ᠤᠨ ᠡᠵᠡᠨᠲᠦ ᠭᠦᠷᠦᠨ ᠦ ᠡᠷᠲᠡᠨ ᠦ ᠨᠡᠢᠢᠰᠯᠡᠯ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠲᠡᠦᠬᠡᠨ ᠦᠢᠯᠡ ᠬᠡᠷᠡᠭ᠂ ᠶᠡᠬᠡ ᠪᠦᠲᠦᠭᠡᠨ ᠪᠠᠢᠢᠭᠤᠯᠤᠯᠲᠠ ᠳᠤ ᠮᠠᠩᠯᠠᠢᠢᠯᠠᠨ ᠣᠷᠣᠯᠴᠠᠬᠤ ᠢᠢ ᠢᠷᠭᠡᠳ᠂ ᠠᠵᠤ ᠠᠬᠤᠢ ᠢᠢᠨ ᠨᠢᠭᠡᠴᠡ᠂ ᠪᠠᠢᠢᠭᠤᠯᠤᠯᠭ᠎ᠠ ᠨᠤᠭᠤᠳ ᠲᠤ ᠤᠷᠢᠶᠠᠯᠠᠯ᠎ᠠ᠃

ᠬᠠᠷᠠᠬᠣᠷᠣᠮ ᠬᠣᠲᠠ ᠪᠠᠢᠢᠭᠤᠯᠬᠤ ᠲᠤᠬᠠᠢ ᠵᠠᠷᠯᠢᠭ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠᠩ᠋ᠭᠦᠭ ᠢᠢᠨ ᠰᠣᠳᠤᠪᠠᠭᠠᠲᠤᠷ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠯᠤᠪᠰᠠᠩᠨᠠᠮᠰᠠᠷᠠᠢ ᠢᠢᠨ ᠣᠶᠤᠨ-ᠡᠷᠳᠡᠨᠢ ᠨᠠᠷ ᠵᠠᠷᠯᠢᠭ ᠲᠤ ᠭᠠᠷ ᠤᠨ ᠦᠰᠦᠭ ᠵᠢᠷᠤᠪᠠ᠃