Та "Internet explorer"-ийн сүүлийн хувилбар болох "Microsoft edge"-г ашиглана уу

Хэрэв "Microsoft edge"-г татах бол энд дарж татаж авна уу

ᠠᠮᠧᠷᠢᠺᠠ ᠶᠢᠨ ᠨᠢᠭᠡᠳᠦᠭᠰᠡᠨ ᠤᠯᠤᠰ ᠤᠨ ᠮᠡᠳᠡᠭᠡᠯᠡᠯ ᠦᠨ ᠰᠠᠶᠢᠲ ᠳᠤ ᠨᠡᠶᠢᠲᠡᠯᠡᠭᠳᠡᠭᠰᠡᠨ 《ᠮᠣᠩᠭᠣᠯ ᠤᠨ ᠵᠠᠭᠪᠤᠷ》 ᠨᠡᠶᠢᠲᠡᠯᠡᠯ ᠢ ᠬᠦᠷᠭᠡᠵᠦ ᠪᠠᠶᠢᠨ᠎ᠠ

 

ᠠᠮᠧᠷᠢᠺᠠ ᠶᠢᠨ ᠨᠢᠭᠡᠳᠦᠭᠰᠡᠨ ᠤᠯᠤᠰ ᠤᠨ ᠸᠠᠱᠢᠩᠲ᠋ᠣᠨ ᠬᠣᠲᠠ ᠳᠤ ᠷᠧᠳᠠᠺᠼᠢ ᠲᠠᠢ www.dailycaller.com ᠮᠡᠳᠡᠭᠡᠯᠡᠯ ᠦᠨ ᠰᠠᠶᠢᠲ ᠳᠤ ᠥᠨᠥᠳᠥᠷ 《ᠮᠣᠩᠭ᠋ᠣᠯ ᠤᠨ ᠵᠠᠭᠪᠤᠷ》 ᠨᠡᠷᠡᠲᠡᠢ ᠨᠡᠶᠢᠲᠡᠯᠡᠯ ᠨᠡᠶᠢᠲᠡᠯᠡᠭᠳᠡᠯ᠎ᠡ᠃

 

ᠠᠮᠧᠷᠢᠺᠠ ᠶᠢᠨ ᠨᠢᠭᠡᠳᠦᠭᠰᠡᠨ ᠤᠯᠤᠰ ᠪᠣᠯᠤᠨ ᠮᠣᠩᠭ᠋ᠣᠯ ᠤᠯᠤᠰ ᠤᠨ ᠬᠤᠳᠠᠯᠳᠤᠭᠠᠨ ᠤ ᠠᠰᠠᠭᠤᠳᠠᠯ ᠢ ᠬᠥᠨᠳᠡᠭᠰᠡᠨ ᠡᠨᠡᠬᠦ ᠨᠡᠶᠢᠲᠡᠯᠡᠯ ᠢ ᠠᠩᠯᠢ ᠬᠡᠯᠡ ᠪᠡᠷ ᠲᠤᠬᠠᠢ ᠶᠢᠨ ᠮᠡᠳᠡᠭᠡᠯᠡᠯ ᠦᠨ ᠰᠠᠶᠢᠲ ᠠᠴᠠ ᠤᠩᠰᠢᠬᠤ ᠶᠢ ᠬᠦᠰᠡᠪᠡᠯ ᠡᠨᠳᠡ ᠳᠠᠷᠤᠨ᠎ᠠ ᠤᠤ᠃

 

ᠮᠣᠩᠭ᠋ᠣᠯ ᠬᠡᠯᠡ ᠪᠡᠷ ᠣᠷᠴᠢᠭᠤᠯᠤᠭᠰᠠᠨ ᠬᠤᠪᠢᠯᠪᠤᠷᠢ ᠲᠠᠢ ᠲᠠᠨᠢᠯᠴᠠᠨ᠎ᠠ ᠤᠤ᠃

 

ᠨᠡᠶᠢᠲᠡᠯᠡᠯ ᠳ᠋ᠡᠬᠢ ᠭᠡᠷᠡᠯ ᠵᠢᠷᠤᠭ ᠨᠢ ᠠᠮᠧᠷᠢᠺᠠ ᠶᠢᠨ ᠨᠢᠭᠡᠳᠦᠭᠰᠡᠨ ᠤᠯᠤᠰ ᠤᠨ ᠮᠣᠩᠭ᠋ᠣᠯ ᠳ᠋ᠠᠬᠢ ᠡᠯᠴᠢᠨ ᠰᠠᠶᠢᠳ ᠠᠰᠠᠨ ᠵᠣᠨᠠᠲ᠋ᠠᠨ ᠧᠳ᠋ᠯᠲ᠋ᠣᠨ /Jonathan Addleton/ ᠍ ᠤ ᠳᠠᠷᠤᠭᠰᠠᠨ ᠵᠢᠷᠤᠭ ᠤᠳ ᠶᠤᠮ᠃

 

ᠮᠣᠩᠭ᠋ᠣᠯ ᠤᠨ ᠵᠠᠭᠪᠤᠷ

 

ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠳ᠋ᠣᠨᠠᠯᠳ᠋ ᠲᠷᠠᠮᠫ ᠤᠨ ᠵᠠᠰᠠᠭ ᠵᠠᠬᠢᠷᠭ᠎ᠠ ᠠᠽᠢᠶ᠎ᠠ ᠳ᠋ᠠᠬᠢ ᠭᠠᠳᠠᠭᠠᠳᠤ ᠪᠣᠳᠣᠯᠭ᠎ᠠ ᠪᠠᠨ ᠰᠢᠨ᠎ᠡ ᠪᠡᠷ ᠲᠤᠩᠬᠠᠭᠯᠠᠵᠤ ᠪᠤᠢ ᠡᠨᠡ ᠦᠶ᠎ᠡ ᠳᠥ ᠮᠣᠩᠭ᠋ᠣᠯ ᠤᠯᠤᠰ ᠥᠪᠡᠷ ᠦᠨ ᠠᠷᠠᠳᠴᠢᠯᠠᠭᠰᠠᠨ ᠲᠣᠭᠲᠠᠯᠴᠠᠭ᠎ᠠ᠂ ᠪᠠᠶᠢᠭᠠᠯ ᠢᠢᠨ ᠪᠠᠶᠠᠯᠢᠭ ᠢᠶᠠᠨ ᠠᠷᠠᠳ ᠲᠦᠮᠡᠨ ᠦ ᠪᠡᠨ ᠲᠥᠯᠥᠭᠡ ᠪᠣᠯᠤᠨ ᠪᠥᠰᠡ ᠨᠤᠲᠤᠭ ᠤᠨ ᠲᠣᠭᠲᠠᠪᠤᠷᠢᠲᠠᠢ ᠪᠠᠶᠢᠳᠠᠯ ᠤᠨ ᠲᠥᠯᠥᠭᠡ ᠠᠰᠢᠭᠯᠠᠨ ᠬᠥᠭ᠍ᠵᠢᠬᠦ ᠶᠢ ᠵᠣᠷᠢᠵᠤ ᠪᠠᠶᠢᠨ᠎ᠠ᠃ ᠮᠣᠩᠭ᠋ᠣᠯ ᠤᠨ ᠠᠷᠠᠳᠴᠢᠯᠠᠭᠰᠠᠨ ᠲᠣᠭᠲᠠᠯᠴᠠᠭ᠎ᠠ᠂ ᠠᠮᠢᠳᠤᠷᠠᠯ ᠤᠨ ᠥᠪᠡᠷᠮᠢᠴᠡ ᠬᠡᠪ ᠮᠠᠶᠢᠭ ᠨᠢ ᠪᠢᠰᠢᠭᠦᠢ ᠣᠯᠠᠨ ᠪᠡᠷᠬᠡᠰᠢᠶᠡᠯ ᠢ ᠲᠤᠭᠤᠯᠵᠤ ᠶᠠᠪᠤᠭ᠎ᠠ ᠶᠤᠮ᠃ ᠪᠡᠷᠬᠡᠰᠢᠶᠡᠯ ᠢ ᠳᠠᠪᠠᠨ ᠲᠤᠭᠤᠯᠬᠤ ᠳᠤ ᠮᠣᠩᠭ᠋ᠣᠯ – ᠠᠮᠧᠷᠢᠺᠠ ᠶᠢᠨ ᠬᠠᠮᠲᠤ ᠶᠢᠨ ᠠᠵᠢᠯᠯᠠᠭ᠎ᠠ ᠪᠠᠨ ᠶᠡᠬᠡᠬᠡᠨ ᠬᠤᠪᠢ ᠨᠡᠮᠡᠷᠢ ᠣᠷᠣᠭᠤᠯᠳᠠᠭ ᠪᠢᠯᠡ᠃

ᠥᠩᠭᠡᠷᠡᠭᠰᠡᠨ ᠬᠣᠶᠠᠳᠤᠭᠠᠷ ᠰᠠᠷ᠎ᠠ ᠳᠤ ᠶᠡᠷᠦᠩᠬᠡᠶᠢᠯᠡᠭᠴᠢ ᠲᠷᠠᠮᠫᠠ ᠠᠴᠠ ᠮᠣᠩᠭ᠋ᠣᠯ ᠤᠯᠤᠰ ᠤᠨ ᠶᠡᠷᠦᠩᠬᠡᠶᠢᠯᠡᠭᠴᠢ ᠳᠥ ᠢᠷᠡᠭᠦᠯᠦᠭᠰᠡᠨ ᠵᠠᠬᠢᠳᠠᠯ ᠳᠤ 《ᠮᠠᠨ ᠤ ᠵᠠᠰᠠᠭ ᠵᠠᠬᠢᠷᠭ᠎ᠠ ᠮᠣᠩᠭ᠋ᠣᠯ ᠤᠯᠤᠰ ᠲᠠᠢ ᠲᠦᠩᠰᠢᠯᠡᠯ ᠦᠨ ᠦᠨᠡᠲᠦ ᠬᠠᠷᠢᠯᠴᠠᠭ᠎ᠠ ᠪᠠᠨ ᠴᠢᠨᠠᠭᠰᠢᠳᠠ ᠴᠤ ᠲᠤᠭᠤᠰᠢᠲᠠᠢ ᠬᠥᠭ᠍ᠵᠢᠭᠦᠯᠬᠦ ᠪᠣᠯᠤᠨ᠎ᠠ᠃ ᠠᠮᠧᠷᠢᠺᠠ ᠶᠢᠨ ᠨᠢᠭᠡᠳᠦᠭᠰᠡᠨ ᠤᠯᠤᠰ ᠨᠢ ᠮᠣᠩᠭ᠋ᠣᠯ ᠤᠯᠤᠰ ᠤᠨ ᠢᠲᠡᠭᠡᠯ ᠢ ᠣᠯᠤᠭᠰᠠᠨ 《ᠭᠤᠷᠪᠠᠳᠠᠭᠴᠢ ᠬᠥᠷᠰᠢ》 ᠭᠡᠳᠡᠭ ᠢᠶᠡᠷ ᠢᠶᠡᠨ ᠪᠠᠬᠠᠷᠬᠠᠳᠠᠭ ᠪᠥᠭᠡᠳ ᠪᠥᠰᠡ ᠨᠤᠲᠤᠭ ᠤᠨ ᠪᠣᠯᠤᠨ ᠳᠡᠯᠡᠬᠡᠢ ᠶᠢᠨ ᠠᠰᠠᠭᠤᠳᠠᠯ ᠤᠳ ᠢ ᠰᠢᠢᠳᠬᠦ ᠳᠥ ᠮᠣᠩᠭ᠋ᠣᠯ ᠤᠯᠤᠰ ᠤᠨ ᠳᠡᠮᠵᠢᠯᠭᠡ ᠳᠥ ᠲᠠᠯᠠᠷᠬᠠᠬᠤ ᠪᠣᠯᠤᠨ᠎ᠠ》 ᠭᠡᠵᠦ ᠳᠤᠷᠠᠳᠤᠭᠰᠠᠨ ᠨᠢ ᠪᠢᠳᠡᠨ ᠳᠥ ᠣᠨᠴᠠᠭᠠᠢ ᠤᠷᠮ᠎ᠠ ᠵᠣᠷᠢᠭ ᠥᠭᠴᠦ᠂ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠵᠦ ᠪᠠᠶᠢᠨ᠎ᠠ᠃

ᠮᠣᠩᠭ᠋ᠣᠯᠴᠤᠳ᠂ ᠠᠮᠧᠷᠢᠺᠠᠴᠤᠳ ᠪᠢᠳᠡ ᠴᠢᠯᠦᠭᠡᠲᠦ ᠵᠠᠬ᠎ᠠ ᠵᠡᠭᠡᠯᠢ᠂ ᠬᠦᠢᠰ ᠦᠨ ᠲᠡᠭᠰᠢ ᠪᠠᠶᠢᠳᠠᠯ᠂ ᠱᠠᠰᠢᠨ ᠤ ᠡᠷᠬᠡ ᠴᠢᠯᠦᠭᠡ᠂ ᠠᠮᠢᠳᠤᠷᠠᠬᠤ ᠬᠡᠪ ᠮᠠᠶᠢᠭ ᠢᠶᠠᠷ ᠢᠶᠠᠨ ᠪᠠᠬᠠᠷᠬᠠᠳᠠᠭ ᠢᠶᠠᠷ ᠢᠶᠠᠨ ᠠᠳᠠᠯᠢ ᠲᠥᠰᠲᠡᠢ ᠦᠨᠡᠯᠡᠮᠵᠢ ᠲᠡᠢ ᠶᠤᠮ᠃ ᠪᠢᠳᠡ ᠠᠹᠬ᠋ᠠᠨᠨᠢᠰᠲ᠋ᠠᠨ ᠳᠤ ᠡᠩᠬᠡ ᠠᠮᠤᠭᠤᠯᠠᠩ ᠢ ᠲᠣᠭᠲᠠᠭᠠᠵᠤ ᠪᠤᠢ 《ᠨᠠᠲ᠋ᠣ᠋》 ᠢᠢᠨ ᠠᠵᠢᠯᠯᠠᠭ᠎ᠠ ᠶᠢ ᠲᠤᠭᠤᠰᠢᠲᠠᠢ ᠳᠡᠮᠵᠢᠳᠡᠭ ᠪᠥᠭᠡᠳ ᠮᠣᠩᠭ᠋ᠣᠯ ᠤᠯᠤᠰ ᠤᠨ ᠵᠡᠪᠰᠡᠭᠲᠦ ᠬᠦᠴᠦᠨ ᠦ 7 ᠳ᠋ᠤᠭᠠᠷ ᠡᠭᠡᠯᠵᠢ ᠶᠢᠨ ᠪᠡᠶ᠎ᠡ ᠪᠦᠷᠢᠯᠳᠦᠬᠦᠨ ᠡᠳᠦᠭᠡ ᠺᠠᠪᠤᠢᠯ ᠬᠣᠲᠠ ᠶᠢᠨ ᠠᠶᠤᠯ ᠦᠭᠡᠢ ᠪᠠᠶᠢᠳᠠᠯ ᠢ ᠬᠠᠩᠭ᠋ᠠᠬᠤ ᠳᠤ ᠴᠢᠬᠤᠯᠠ ᠡᠭᠦᠷᠭᠡ ᠭᠦᠢᠴᠡᠳᠭᠡᠵᠦ ᠪᠠᠶᠢᠭ᠎ᠠ᠃

ᠠᠮᠧᠷᠢᠺᠠ ᠶᠢᠨ ᠨᠢᠭᠡᠳᠦᠭᠰᠡᠨ ᠤᠯᠤᠰ ᠤᠨ ᠶᠡᠷᠦᠩᠬᠡᠶᠢᠯᠡᠭᠴᠢ ᠳ᠋ᠣᠨᠠᠯᠳ᠋ ᠲᠷᠠᠮᠫ ᠪᠣᠯᠤᠨ ᠬᠣᠶᠢᠳᠤ ᠰᠣᠯᠣᠩᠭ᠋ᠣᠰ ᠤᠨ ᠤᠳᠤᠷᠢᠳᠤᠭᠴᠢ ᠺᠢᠮ ᠵᠥᠨ᠍ ᠦᠨ ᠨᠠᠷ ᠤᠨ ᠬᠣᠭᠣᠷᠣᠨᠳᠣ ᠪᠣᠯᠬᠤ ᠲᠡᠦᠬᠡᠨ ᠠᠭᠤᠯᠵᠠᠯᠲᠠ ᠶᠢ ᠵᠣᠬᠢᠶᠠᠨ ᠪᠠᠶᠢᠭᠤᠯᠬᠤ ᠭᠠᠵᠠᠷ ᠢᠶᠠᠷ ᠰᠢᠩᠭ᠋ᠠᠫᠦᠢᠷ ᠰᠣᠩᠭ᠋ᠣᠭᠳᠠᠭᠰᠠᠨ ᠳᠤ ᠪᠠᠶᠠᠷᠲᠠᠢ ᠪᠠᠶᠢᠨ᠎ᠠ᠃ ᠡᠨᠡ ᠨᠢ ᠵᠡᠭᠦᠨ ᠬᠣᠶᠢᠳᠤ ᠠᠽᠢᠶ᠎ᠠ ᠳᠤ ᠡᠩᠬᠡ ᠲᠠᠶᠢᠪᠤᠩ᠂ ᠲᠣᠭᠲᠠᠪᠤᠷᠢᠲᠠᠢ ᠪᠠᠶᠢᠳᠠᠯ ᠢ ᠪᠤᠢ ᠪᠣᠯᠭᠠᠬᠤ ᠭᠡᠰᠡᠨ ᠪᠢᠳᠡ ᠪᠦᠬᠦᠨ ᠦ ᠣᠯᠠᠨ ᠠᠷᠪᠠᠨ ᠵᠢᠯ ᠦᠨ ᠬᠥᠳᠡᠯᠮᠦᠷᠢ ᠦᠷ᠎ᠡ ᠳ᠋ᠦᠩ ᠪᠡᠨ ᠥᠭᠴᠦ ᠪᠤᠢ ᠬᠡᠷᠡᠭ ᠶᠤᠮ᠃

ᠮᠣᠩᠭ᠋ᠣᠯ ᠤᠨ ᠠᠷᠠᠳ ᠲᠦᠮᠡᠨ ᠨᠠᠮᠠᠢᠢ ᠶᠡᠷᠦᠩᠬᠡᠶᠢᠯᠡᠭᠴᠢ ᠪᠡᠷ ᠰᠣᠩᠭ᠋ᠣᠬᠤ ᠳᠤ ᠪᠠᠨ ᠠᠪᠢᠯᠭ᠎ᠠ ᠲᠠᠢ ᠲᠡᠮᠡᠴᠡᠬᠦ᠂ ᠦᠨᠳᠦᠰᠦᠨ ᠦ ᠠᠶᠤᠯ ᠦᠭᠡᠢ ᠪᠠᠶᠢᠳᠠᠯ ᠢ ᠪᠡᠬᠢᠵᠢᠭᠦᠯᠬᠦ᠂ ᠮᠣᠩᠭ᠋ᠣᠯᠴᠤᠳ ᠢ ᠠᠵᠢᠯ ᠲᠠᠢ᠂ ᠣᠷᠤᠯᠭ᠎ᠠ ᠲᠠᠢ ᠪᠣᠯᠭᠠᠬᠤ ᠳᠠᠭᠠᠭᠠᠯᠭᠠᠪᠤᠷᠢ ᠥᠭ᠍ᠭᠦᠭᠰᠡᠨ᠃ ᠮᠣᠩᠭ᠋ᠣᠯ ᠤᠯᠤᠰ ᠪᠠᠶᠢᠭᠠᠯᠢ ᠢᠢᠨ ᠪᠠᠶᠠᠯᠢᠭ ᠶᠡᠬᠡ ᠲᠡᠢ ᠴᠤ᠂ ᠪᠠᠶᠠᠯᠢᠭ ᠤᠨ ᠰᠢᠳᠤᠷᠭᠤ ᠪᠤᠰᠤ ᠬᠤᠪᠢᠶᠠᠷᠢᠯᠠᠯᠲᠠ ᠠᠴᠠ ᠤᠯᠪᠠᠭᠠᠯᠠᠨ ᠬᠦᠮᠦᠨ ᠠᠮᠠ ᠶᠢᠨ ᠠᠮᠢᠵᠢᠷᠭᠠᠨ ᠤ ᠲᠦᠪᠰᠢᠨ ᠦ ᠡᠷᠡᠰ ᠵᠥᠷᠢᠭᠦᠦ ᠡᠭᠦᠰᠬᠦ ᠡᠴᠡ ᠰᠡᠷᠭᠡᠶᠢᠯᠡᠬᠦ ᠶᠣᠰᠣᠲᠠᠢ᠃ ᠮᠣᠩᠭ᠋ᠣᠯ ᠤᠨ ᠭᠤᠷᠪᠠᠬᠠᠨ ᠰᠠᠶ᠎ᠠ ᠢᠷᠭᠡᠨ ᠪᠠᠶᠠᠨ ᠬᠣᠭᠣᠰᠣᠨ ᠢᠶᠠᠷ ᠢᠶᠠᠨ ᠢᠯᠭᠠᠷᠠᠬᠤ ᠨᠢ ᠦᠨᠳᠦᠰᠦᠨ ᠦ ᠠᠶᠤᠯ ᠦᠭᠡᠢ ᠪᠠᠶᠢᠳᠠᠯ ᠳᠤ ᠰᠥᠷᠭᠦ ᠪᠡᠷ ᠨᠥᠯᠦᠭᠡᠯᠡᠵᠦ᠂ ᠠᠷᠠᠳᠴᠢᠯᠠᠭᠰᠠᠨ ᠲᠣᠭᠲᠠᠯᠴᠠᠭ᠎ᠠ ᠶᠢ ᠰᠤᠯᠠᠷᠠᠭᠤᠯᠬᠤ ᠡᠷᠦᠰᠳᠡᠯ ᠲᠡᠢ ᠶᠤᠮ᠃

ᠬᠡᠳᠦᠨ ᠵᠢᠯ ᠦᠨ ᠡᠮᠦᠨ᠎ᠡ ᠬᠦᠨᠡᠰᠦ᠂ ᠬᠥᠳᠡᠭᠡ ᠠᠵᠤ ᠠᠬᠤᠢ ᠶᠢᠨ ᠰᠠᠶᠢᠳ ᠢᠶᠠᠷ ᠠᠵᠢᠯᠯᠠᠵᠤ ᠪᠠᠶᠢᠬᠤ ᠦᠶᠡᠰ ᠢᠶᠡᠨ ᠪᠢ ᠡᠴᠢᠭᠡ ᠡᠪᠦᠭᠡᠳ ᠡᠴᠡ ᠤᠯᠠᠮᠵᠢᠯᠠᠨ ᠢᠷᠡᠭᠰᠡᠨ ᠨᠡᠭᠦᠳᠡᠯ ᠦᠨ ᠮᠠᠯ ᠠᠵᠤ ᠠᠬᠤᠢ ᠶᠢᠨ ᠬᠡᠪᠰᠢᠯ ᠢ ᠬᠠᠳᠠᠭᠠᠯᠠᠵᠤ᠂ ᠴᠢᠯᠦᠭᠡᠲᠦ ᠵᠠᠬ᠎ᠠ ᠵᠡᠭᠡᠯᠢ ᠶᠢᠨ ᠰᠢᠨ᠎ᠡ ᠪᠣᠯᠤᠮᠵᠢ ᠨᠤᠭᠤᠳ ᠢ ᠨᠡᠭᠡᠭᠡᠨ᠂ ᠡᠮᠡᠭᠲᠡᠶᠢᠴᠦᠳ ᠦᠨ ᠠᠵᠢᠯ ᠡᠷᠬᠢᠯᠡᠯᠲᠡ ᠶᠢ ᠨᠡᠮᠡᠭᠳᠡᠭᠦᠯᠬᠦ ᠵᠠᠮ ᠢᠶᠠᠷ ᠲᠤᠭᠤᠰᠢᠲᠠᠢ᠂ ᠲᠣᠭᠲᠠᠪᠤᠷᠢᠲᠠᠢ ᠬᠥᠭ᠍ᠵᠢᠬᠦ ᠪᠣᠳᠣᠯᠭ᠎ᠠ ᠶᠢ ᠪᠠᠷᠢᠮᠲᠠᠯᠠᠵᠤ ᠢᠷᠡᠭᠰᠡᠨ᠃

ᠡᠨᠡ ᠵᠣᠷᠢᠯᠭ᠎ᠠ ᠪᠠᠷ ᠠᠮᠧᠷᠢᠺᠠ ᠶᠢᠨ ᠰᠢᠯᠢᠳᠡᠭ ᠺᠣᠮᠫᠠᠨᠢ ᠨᠤᠭᠤᠳ ᠢ ᠬᠥᠷᠥᠩᠭᠡ ᠤᠷᠤᠭᠤᠯᠬᠤ᠂ ᠬᠠᠮᠲᠤᠷᠠᠨ ᠠᠵᠢᠯᠯᠠᠬᠤ᠂ ᠵᠥᠪᠯᠡᠭᠡ ᠠᠪᠬᠤ ᠪᠠᠷ ᠮᠣᠩᠭ᠋ᠣᠯ ᠳᠤ ᠤᠷᠢᠵᠤ ᠪᠠᠶᠢᠭᠰᠠᠨ ᠪᠢᠯᠡ᠃ ᠳᠡᠯᠡᠬᠡᠢ ᠶᠢᠨ ᠰᠢᠯᠢᠳᠡᠭ ᠲᠦᠩᠰᠢ ᠨᠦᠭᠦᠳ ᠲᠡᠢ ᠬᠠᠮᠲᠤᠷᠠᠵᠤ ᠪᠠᠶᠢᠵᠤ ᠯᠠ ᠮᠣᠩᠭ᠋ᠣᠯᠴᠤᠳ ᠡᠳ᠋ ᠍ ᠦᠨ ᠵᠠᠰᠠᠭ ᠢᠶᠠᠨ ᠲᠡᠯᠡᠬᠦ᠂ ᠬᠥᠭ᠍ᠵᠢᠯ ᠦᠨ ᠲᠥᠰᠥᠯ ᠦᠳ ᠦᠨ ᠦᠷ᠎ᠡ ᠠᠰᠢᠭ ᠢ ᠬᠦᠷᠲᠡᠬᠦ᠂ ᠳᠡᠳ᠋ ᠪᠦᠲᠦᠴᠡ ᠪᠡᠨ ᠬᠥᠭ᠍ᠵᠢᠭᠦᠯᠬᠦ ᠢᠨᠵᠧᠨᠧᠷ ᠦᠨ ᠰᠤᠳᠤᠯᠭ᠎ᠠ ᠨᠤᠭᠤᠳ ᠢ ᠬᠢᠵᠦ ᠭᠦᠢᠴᠡᠳᠭᠡᠬᠦ ᠪᠣᠯᠤᠮᠵᠢ ᠲᠠᠢ ᠪᠣᠯᠤᠨ᠎ᠠ᠃

ᠡᠭᠦᠨ ᠦ ᠵᠡᠷᠭᠡᠴᠡᠭᠡ ᠪᠢᠳᠡ ᠢᠷᠭᠡᠳ ᠲᠥ ᠪᠡᠨ ᠬᠥᠷᠥᠩᠭᠡ ᠣᠷᠣᠭᠤᠯᠬᠤ ᠶᠢ ᠵᠣᠷᠢᠵᠤ ᠪᠠᠶᠢᠨ᠎ᠠ᠃ ᠲᠦᠭᠦᠬᠡᠢ ᠡᠳ᠋ ᠍ ᠦᠨ ᠵᠠᠬ᠎ᠠ ᠵᠡᠭᠡᠯᠢ ᠨᠢ ᠪᠠᠶᠢᠩᠭ᠋ᠤ ᠶᠢᠨ ᠬᠡᠯᠪᠡᠯᠵᠡᠯ ᠲᠡᠢ ᠪᠠᠶᠢᠬᠤ ᠤᠴᠢᠷ ᠠᠵᠤ ᠦᠢᠯᠡᠳᠪᠦᠷᠢ ᠶᠢᠨ ᠲᠥᠪ ᠦᠳ ᠢ ᠪᠠᠶᠢᠭᠤᠯᠵᠤ᠂ ᠠᠰᠢᠭᠲᠤ ᠮᠠᠯᠲᠠᠮᠠᠯ ᠳᠤ ᠪᠠᠨ ᠨᠡᠮᠡᠭᠦᠦ ᠥᠷᠲᠡᠭ ᠰᠢᠩᠭᠡᠭᠡᠬᠦ ᠶᠢ ᠬᠦᠰᠡᠵᠦ ᠪᠠᠶᠢᠨ᠎ᠠ᠃ ᠢᠩᠭᠢᠭ᠍ᠰᠡᠨ ᠢᠶᠡᠷ ᠪᠢᠳᠡ ᠠᠵᠢᠯ ᠤᠨ ᠪᠠᠶᠢᠷᠢ ᠶᠢ ᠣᠯᠠᠨ ᠢᠶᠠᠷ ᠪᠤᠢ ᠪᠣᠯᠭᠠᠵᠤ᠂ ᠡᠳ᠋ ᠍ ᠦᠨ ᠵᠠᠰᠠᠭ ᠢᠶᠠᠨ ᠲᠥᠷᠦᠯᠵᠢᠭᠦᠯᠵᠦ ᠴᠢᠳᠠᠨ᠎ᠠ᠃

ᠮᠣᠩᠭ᠋ᠣᠯ ᠤᠯᠤᠰ 1990 ᠣᠨ ᠳᠤ ᠲᠥᠪᠯᠡᠷᠡᠭᠰᠡᠨ ᠲᠥᠯᠥᠪᠯᠡᠭᠡᠲᠦ ᠡᠳ᠋ ᠍ ᠦᠨ ᠵᠠᠰᠠᠭ ᠠᠴᠠ ᠲᠠᠲᠠᠭᠠᠯᠵᠠᠵᠤ᠂ ᠴᠢᠯᠦᠭᠡᠲᠦ ᠵᠠᠬ᠎ᠠ ᠵᠡᠭᠡᠯᠢ ᠳᠥ ᠬᠥᠯ ᠲᠠᠯᠪᠢᠭᠰᠠᠨ᠃ ᠲᠡᠷᠡ ᠪᠡᠷᠬᠡ ᠴᠠᠭ ᠲᠤ ᠠᠮᠧᠷᠢᠺᠠ ᠶᠢᠨ ᠨᠢᠭᠡᠳᠦᠭᠰᠡᠨ ᠤᠯᠤᠰ ᠤᠨ ᠺᠣᠩᠷᠧᠰᠰ ᠤᠨ ᠭᠡᠰᠢᠭᠦᠨ ᠹᠢᠯ ᠺᠷᠧᠢᠢᠨ ᠠᠭᠰᠠᠨ ᠤ ᠡᠷᠭᠦᠨ ᠪᠠᠷᠢᠵᠤ᠂ ᠪᠠᠲᠤᠯᠠᠭᠤᠯᠤᠭᠰᠠᠨ ᠭᠠᠶᠢᠯᠢ ᠶᠢᠨ ᠲᠠᠲᠠᠪᠤᠷᠢ ᠶᠢ ᠲᠡᠭᠯᠡᠬᠦ ᠬᠠᠤᠯᠢ ᠶᠢᠨ ᠠᠴᠢ ᠪᠠᠷ ᠮᠣᠩᠭ᠋ᠣᠯ ᠤᠨ ᠨᠣᠣᠰᠣᠨ ᠤ ᠦᠢᠯᠡᠳᠪᠦᠷᠢᠯᠡᠯ ᠲᠥᠷᠥ ᠶᠢᠨ ᠵᠠᠬᠢᠷᠭᠠᠳᠠᠯ ᠠᠴᠠ ᠰᠠᠯᠤᠭᠰᠤᠨ ᠠᠩᠬᠠᠨ ᠤ ᠰᠠᠯᠪᠤᠷᠢ ᠪᠣᠯᠵᠠᠢ᠃ ᠡᠷᠬᠡ ᠴᠢᠯᠦᠭᠡ ᠶᠢ ᠳᠠᠭᠠᠭᠠᠳ ᠦᠢᠯᠡᠳᠪᠦᠷᠢᠯᠡᠯ᠂ ᠬᠤᠳᠠᠯᠳᠤᠭ᠎ᠠ ᠬᠥᠭ᠍ᠵᠢᠵᠦ᠂ ᠮᠣᠩᠭ᠋ᠣᠯᠴᠤᠳ ᠨᠡᠶᠢᠲᠡ ᠪᠡᠷ ᠢᠶᠡᠨ ᠡᠨᠡ ᠬᠠᠤᠯᠢ ᠶᠢᠨ ᠦᠷ᠎ᠡ ᠰᠢᠮ᠎ᠡ ᠶᠢ ᠬᠦᠷᠲᠡᠭᠰᠡᠨ ᠶᠤᠮ᠃

ᠥᠩᠭᠡᠷᠡᠭᠰᠡᠨ ᠵᠢᠯ ᠠᠮᠧᠷᠢᠺᠠ ᠶᠢᠨ ᠨᠢᠭᠡᠳᠦᠭᠰᠡᠨ ᠤᠯᠤᠰ 56 ᠰᠠᠶ᠎ᠠ ᠠᠮ‍᠂ᠳ᠋ᠣᠯᠯᠠᠷ ᠤᠨ ᠦᠨ᠎ᠡ ᠪᠦᠬᠦᠢ ᠪᠠᠷᠠᠭ᠎ᠠ ᠶᠢ ᠮᠣᠩᠭ᠋ᠣᠯ ᠤᠯᠤᠰ ᠤᠷᠤᠭᠤ ᠡᠺᠰᠫᠣᠷᠲ᠋ᠯᠠᠵᠠᠢ᠃ ᠬᠠᠷᠢᠨ ᠮᠣᠩᠭ᠋ᠣᠯ ᠤᠯᠤᠰ ᠠᠴᠠ ᠠᠮᠧᠷᠢᠺᠠ ᠶᠢᠨ ᠨᠢᠭᠡᠳᠦᠭᠰᠡᠨ ᠤᠯᠤᠰ ᠤᠨ ᠬᠡᠷᠡᠭᠯᠡᠭᠴᠢᠳ ᠲᠤ ᠶᠡᠷᠦ ᠳᠡᠭᠡᠨ ᠯᠠ 11 ᠰᠠᠶ᠎ᠠ ᠠᠮ‍᠂ᠳ᠋ᠣᠯᠯᠠᠷ ᠤᠨ ᠪᠠᠷᠠᠭ᠎ᠠ ᠪᠦᠲᠦᠭᠡᠭ᠍ᠳᠡᠬᠦᠨ ᠢ ᠨᠡᠶᠢᠯᠡᠭᠦᠯᠵᠡᠢ᠃ ᠡᠶᠢᠮᠦ ᠨᠥᠬᠥᠴᠡᠯ ᠳᠥ ᠠᠮᠧᠷᠢᠺᠠ ᠶᠢᠨ ᠢᠷᠭᠡᠳ ᠦᠨ ᠠᠵᠢᠯ ᠤᠨ ᠪᠠᠶᠢᠷᠢ ᠶᠢ ᠪᠤᠯᠢᠶᠠᠵᠤ᠂ ᠵᠠᠬ᠎ᠠ ᠵᠡᠭᠡᠯᠢ ᠳᠥ ᠬᠢᠮᠳᠠ ᠪᠠᠷᠠᠭ᠎ᠠ ᠪᠦᠲᠦᠭᠡᠭ᠍ᠳᠡᠬᠦᠨ ᠦ ᠪᠥᠭᠡᠭᠡᠨᠡᠷᠡᠯ ᠪᠤᠢ ᠪᠣᠯᠭᠠᠨ᠎ᠠ ᠭᠡᠳᠡᠭ ᠨᠢ ᠣᠭᠲᠣ ᠦᠨᠳᠦᠰᠦᠯᠡᠯ ᠦᠭᠡᠢ ᠶᠤᠮ᠃

ᠬᠣᠶᠠᠷ ᠲᠠᠯ᠎ᠠ ᠶᠢᠨ ᠬᠤᠳᠠᠯᠳᠤᠭᠠᠨ ᠤ ᠪᠣᠯᠤᠮᠵᠢ ᠠᠰᠤᠷᠤ ᠶᠡᠬᠡ᠃ ᠮᠣᠩᠭ᠋ᠣᠯ ᠤᠨ ᠡᠳ᠋ ᠍ ᠦᠨ ᠵᠠᠰᠠᠭ ᠲᠤ ᠥᠭ᠍ᠭᠦᠭ᠍ᠰᠡᠨ ᠨᠢᠭᠡ ᠲᠣᠮᠣᠬᠠᠨ ᠬᠦᠴᠦ ᠨᠢ 1991 ᠣᠨ ᠳᠤ ᠠᠮᠧᠷᠢᠺᠠ ᠶᠢᠨ ᠨᠢᠭᠡᠳᠦᠭᠰᠡᠨ ᠤᠯᠤᠰ ᠠᠴᠠ ᠪᠢᠳᠡᠨ ᠳᠥ ᠥᠭᠴᠦ ᠪᠠᠶᠢᠭᠰᠠᠨ ᠦᠨᠳᠦᠰᠦᠨ ᠦ ᠨᠡᠩ ᠲᠠᠭᠠᠯᠠᠮᠵᠢᠲᠠᠢ ᠨᠥᠬᠥᠴᠡᠯ ᠪᠠᠶᠢᠭᠰᠠᠨ᠃ ᠡᠨᠡ ᠣᠨᠴᠠᠭᠠᠢ ᠬᠠᠷᠢᠯᠴᠠᠭ᠎ᠠ ᠲᠡᠷᠡ ᠴᠠᠭ ᠲᠤ ᠮᠠᠨ ᠤ ᠡᠳ᠋ ᠍ ᠦᠨ ᠵᠠᠰᠠᠭ ᠲᠤ ᠰᠢᠨ᠎ᠡ ᠪᠣᠯᠤᠮᠵᠢ ᠶᠢ ᠨᠡᠭᠡᠭᠡᠨ᠂ 40 ᠮᠢᠩᠭ᠋᠎ᠠ ᠭᠠᠷᠤᠢ ᠡᠮᠡᠭᠲᠡᠶᠢᠴᠦᠳ ᠢ ᠠᠵᠢᠯ ᠲᠠᠢ ᠪᠣᠯᠭᠠᠵᠤ ᠪᠠᠶᠢᠭᠰᠠᠨ ᠲᠡᠦᠬᠡ ᠲᠡᠢ ᠶᠤᠮ᠃ ᠬᠣᠶᠠᠷ ᠲᠠᠯ᠎ᠠ ᠶᠢᠨ ᠬᠤᠳᠠᠯᠳᠤᠭᠠᠨ ᠤ ᠬᠠᠷᠢᠯᠴᠠᠭᠠᠨ ᠤ ᠰᠲ᠋ᠷᠠᠲ᠋ᠧᠭᠢ ᠶᠢᠨ ᠥᠭ᠍ᠭᠦᠭᠡᠴᠢ ᠡᠭᠦᠨ ᠡᠴᠡ ᠴᠤ ᠶᠡᠬᠡ ᠪᠢᠯᠡ᠃

ᠪᠢᠳᠡ ᠦᠨᠳᠦᠰᠦᠨ ᠦ ᠠᠶᠤᠯ ᠦᠭᠡᠢ ᠪᠠᠶᠢᠳᠠᠯ ᠢᠶᠠᠨ ᠬᠠᠩᠭ᠋ᠠᠬᠤ ᠶᠢᠨ ᠬᠠᠵᠠᠭᠤ ᠪᠠᠷ ᠣᠯᠠᠨ ᠤᠯᠤᠰ ᠤᠨ ᠲᠦᠩᠰᠢ ᠨᠦᠭᠦᠳ ᠲᠡᠢ ᠪᠡᠨ ᠬᠠᠮᠲᠤᠷᠠᠨ ᠡᠳ᠋ ᠍ ᠦᠨ ᠵᠠᠰᠠᠭ ᠢᠶᠠᠨ ᠲᠡᠯᠡᠵᠦ᠂ ᠴᠢᠳᠠᠪᠬᠢᠵᠢᠭᠤᠯᠬᠤ ᠶᠢ ᠵᠣᠷᠢᠵᠤ ᠪᠠᠶᠢᠨ᠎ᠠ᠃ ᠶᠠᠫᠣᠨ ᠤᠯᠤᠰ᠂ ᠧᠦ᠋ᠷᠣᠫᠠ ᠶᠢᠨ ᠬᠣᠯᠪᠣᠭ᠎ᠠ ᠬᠣᠶᠠᠭᠤᠯᠠ ᠮᠣᠩᠭ᠋ᠣᠯ ᠤᠨ ᠣᠯᠠᠨ ᠪᠠᠷᠠᠭ᠎ᠠ ᠶᠢ ᠲᠠᠲᠠᠪᠤᠷᠢ ᠦᠭᠡᠢ ᠪᠡᠷ ᠢᠮᠫᠤᠷᠲ᠋ᠯᠠᠬᠤ ᠪᠣᠯᠤᠮᠵᠢ ᠶᠢ ᠣᠯᠭᠤᠭᠰᠠᠨ᠃ ᠮᠠᠨ ᠤ ᠨᠣᠣᠰᠣ ᠨᠣᠯᠣᠤᠷ᠂ ᠨᠡᠬᠡᠮᠡᠯ ᠰᠦᠯᠵᠢᠮᠡᠯ ᠦᠨ ᠰᠠᠯᠪᠤᠷᠢ ᠨᠤᠭᠤᠳ ᠲᠤ ᠡᠭᠦᠨ ᠲᠡᠢ ᠲᠥᠰᠲᠡᠢ ᠠᠮᠧᠷᠢᠺᠠ ᠶᠢᠨ ᠨᠢᠭᠡᠳᠦᠭᠰᠡᠨ ᠤᠯᠤᠰ ᠤᠨ ᠬᠥᠲᠥᠯᠪᠦᠷᠢ ᠬᠡᠷᠡᠭᠵᠢᠬᠦ (ᠡᠨᠡ ᠨᠢ ᠠᠮᠧᠷᠢᠺᠠ ᠶᠢᠨ ᠠᠵᠢᠯᠴᠢᠳ ᠲᠤ ᠶᠠᠮᠠᠷ ᠨᠢᠭᠡ ᠰᠥᠷᠭᠦ ᠨᠥᠯᠦᠭᠡ ᠦᠭᠡᠢ) ᠨᠢ ᠪᠥᠰᠡ ᠨᠤᠲᠤᠭ ᠳᠠᠬᠢ ᠮᠣᠩᠭ᠋ᠣᠯ ᠤᠨ ᠪᠠᠶᠢᠷᠢ ᠰᠠᠭᠤᠷᠢ ᠶᠢ ᠪᠠᠲᠤᠳᠬᠠᠬᠤ ᠳᠤ ᠮᠠᠰᠢ ᠴᠢᠬᠤᠯᠠ ᠠᠴᠢ ᠬᠣᠯᠪᠣᠭᠳᠠᠯ ᠲᠠᠢ᠃

ᠬᠦᠴᠤᠲᠡᠢ ᠡᠳ᠋ ᠍ ᠦᠨ ᠵᠠᠰᠠᠭ᠂ ᠢᠳᠡᠪᠬᠢᠲᠡᠢ ᠠᠷᠠᠳᠴᠢᠯᠠᠯ ᠪᠦᠬᠦᠢ ᠮᠣᠩᠭ᠋ᠣᠯ ᠤᠯᠤᠰ ᠣᠷᠣᠰᠢᠨ ᠲᠣᠭᠲᠠᠨᠢᠬᠤ ᠨᠢ ᠭᠠᠭᠴᠠ ᠮᠣᠩᠭ᠋ᠣᠯᠴᠤᠳ ᠲᠤ ᠴᠤ ᠪᠢᠰᠢ ᠵᠡᠭᠦᠨ ᠬᠣᠶᠢᠳᠤ ᠠᠽᠢᠶ᠎ᠠ (ᠲᠡᠭᠦᠨ ᠳᠣᠲᠣᠷ᠎ᠠ ᠬᠣᠶᠢᠳᠤ ᠰᠣᠯᠣᠩᠭ᠋ᠣᠰ ᠪᠠᠭᠳᠠᠨ᠎ᠠ) ᠪᠣᠯᠤᠨ ᠳᠡᠯᠡᠬᠡᠢ ᠶᠢᠨ ᠪᠤᠰᠤᠳ ᠣᠷᠣᠨ ᠨᠤᠭᠤᠳ ᠲᠤ ᠴᠤ ᠠᠰᠢᠭᠲᠠᠢ ᠪᠠᠶᠢᠬᠤ ᠪᠣᠯᠤᠨ᠎ᠠ᠃ ᠮᠣᠩᠭ᠋ᠣᠯ ᠤᠯᠤᠰ ᠤᠨ ᠲᠣᠭᠲᠠᠪᠤᠷᠢᠲᠠᠢ ᠪᠠᠶᠢᠳᠠᠯ᠂ ᠡᠳ᠋ ᠍ ᠦᠨ ᠵᠠᠰᠠᠭ ᠤᠨ ᠬᠥᠭ᠍ᠵᠢᠯ ᠨᠢ ᠪᠥᠰᠡ ᠨᠤᠲᠤᠭ ᠤᠨ ᠪᠣᠯᠤᠨ ᠳᠡᠯᠡᠬᠡᠢ ᠶᠢᠨ ᠡᠳ᠋ ᠍ ᠦᠨ ᠵᠠᠰᠠᠭ ᠲᠤ ᠴᠢᠯᠦᠭᠡᠲᠦ᠂ ᠰᠢᠳᠤᠷᠭᠤ ᠬᠤᠳᠠᠯᠳᠤᠭ᠎ᠠ ᠵᠣᠩᠬᠢᠯᠠᠬᠤ ᠶᠢ ᠳᠡᠮᠵᠢᠳᠡᠭ ᠪᠦᠬᠦ ᠤᠯᠤᠰ ᠤᠳ ᠲᠤ ᠲᠠᠭᠠᠲᠠᠢ ᠨᠥᠯᠥᠭᠡ ᠦᠵᠡᠭᠦᠯᠬᠦ ᠨᠢ ᠡᠷᠡᠭᠡᠯᠵᠡᠭᠡ ᠦᠭᠡᠢ᠃

ᠦᠨᠳᠦᠰᠦᠨ ᠦ ᠡᠷᠬᠡ ᠠᠰᠢᠭ ᠤᠨ ᠢᠶᠠᠨ ᠲᠥᠯᠥᠭᠡ ᠪᠠᠲᠤ ᠵᠣᠭᠰᠣᠬᠤ ᠨᠢ ᠦᠨᠡᠲᠦ ᠵᠦᠢᠯᠡᠰ ᠦᠨ ᠢᠶᠡᠨ ᠲᠥᠯᠥᠭᠡ ᠪᠠᠲᠤ ᠵᠣᠭᠰᠣᠨ᠎ᠠ ᠭᠡᠰᠡᠨ ᠦᠭᠡ᠃ ᠥᠩᠭᠡᠷᠡᠭᠰᠡᠨ 20 ᠵᠢᠯ ᠦᠨ ᠬᠤᠭᠤᠴᠠᠭᠠᠨ ᠳᠤ ᠥᠷᠨᠢᠭᠰᠡᠨ ᠠᠷᠠᠳᠴᠢᠯᠠᠭᠰᠠᠨ ᠰᠢᠯᠵᠢᠯᠲᠡ ᠶᠢᠨ ᠦᠢᠯᠡ ᠶᠠᠪᠤᠴᠠ ᠶᠢᠨ ᠦᠷ᠎ᠡ ᠳ᠋ᠦᠩ ᠳᠥ ᠪᠢᠳᠡ ᠤᠯᠤᠰ ᠤᠨ ᠢᠶᠠᠨ ᠬᠣᠴᠣᠷᠤᠭᠳᠠᠭᠰᠠᠨ ᠺᠣᠮᠮᠤᠢᠨᠢᠰᠲ ᠲᠣᠭᠲᠠᠯᠴᠠᠭ᠎ᠠ ᠶᠢ ᠢᠳᠡᠪᠬᠢᠲᠡᠢ᠂ ᠨᠡᠭᠡᠭᠡᠯᠲᠡᠲᠡᠢ᠂ ᠴᠢᠯᠦᠭᠡᠲᠦ ᠵᠠᠬ᠎ᠠ ᠵᠡᠭᠡᠯᠢ ᠶᠢᠨ ᠨᠡᠶᠢᠭᠡᠮ ᠢᠶᠡᠷ ᠰᠣᠯᠢᠭᠰᠠᠨ ᠶᠤᠮ᠃ 1990 ᠍ ᠊ ᠭᠡᠳ ᠣᠨ ᠳᠤ ᠮᠣᠩᠭ᠋ᠣᠯ ᠤᠯᠤᠰ ᠢ ᠥᠭᠡᠳᠡ ᠲᠠᠲᠠᠭᠰᠠᠨ ᠪᠦᠲᠦᠭᠡᠯᠴᠢ ᠠᠷᠭ᠎ᠠ ᠪᠠᠷᠢᠯ ᠠᠽᠢᠶ᠎ᠠ ᠶᠢᠨ ᠵᠢᠷᠦᠬᠡᠨ ᠳᠥ 21 ᠳᠦᠭᠡᠷ ᠵᠠᠭᠤᠨ ᠤ ᠡᠳ᠋ ᠍ ᠦᠨ ᠵᠠᠰᠠᠭ ᠢ ᠴᠣᠭᠴᠠᠯᠠᠭᠠᠬᠤ ᠳᠤ ᠮᠥᠨ ᠴᠢᠬᠤᠯᠠ ᠡᠭᠦᠷᠭᠡ ᠲᠡᠢ ᠪᠠᠶᠢᠬᠤ ᠪᠣᠯᠤᠨ᠎ᠠ᠃