Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ  ᠤᠨ ᠶᠡᠷᠦᠩᠬᠡᠢᠢᠯᠡᢉᠴᠢ ᠤ᠂ ᠬᠦᠷᠡᠯᠰᠦ᠋ᠬᠡ ᠨᠡᠷ᠎ᠡ ᠪᠦᠬᠦᠢ ᠬᠠᠤᠯᠢ ᠨᠤᠭᠤᠳ ᠲᠤ ᠪᠦᠬᠦᠯᠢ ᠳ᠋ᠦ ᠨᠢ ᠬᠣᠷᠢᠭ ᠲᠠᠯᠪᠢᠪᠠ

ᠮᠣᠩ᠋ᠭᠣᠯ ᠤᠯᠤᠰ  ᠤᠨ ᠶᠡᠬᠡ ᠬᠤᠷᠠᠯ ᠣᠯᠠᠨ ᠨᠡᠢᠢᠲᠡ ᠶ᠋ᠢᠨ ᠰᠦᠯᠵᠢᠶᠡᠨ ᠳ᠋ᠦ ᠬᠦᠮᠦᠨ ᠤ ᠡᠷᠬᠡ ᠶ᠋ᠢ ᠬᠠᠮᠠᠭᠠᠯᠠᠬᠤ ᠲᠤᠬᠠᠢ᠂ ᠬᠠᠷᠢᠯᠴᠠᠭ᠎ᠠ ᠬᠣᠯᠪᠤᠭᠠᠨ ᠤ᠋ ᠲᠤᠬᠠᠢ ᠬᠠᠤᠯᠢ ᠳ᠋ᠤ ᠨᠡᠮᠡᠯᠲᠡ᠂ ᠥᢉᠡᠷᠡᠴᠢᠯᠡᠯᠲᠡ ᠣᠷᠤᠭᠤᠯᠬᠤ ᠲᠤᠬᠠᠢ᠂ ᠻᠢᠪᠧᠷ ᠠᠶᠤᠯ ᠥᢉᠡᠢ ᠪᠠᠢᠢᠳᠠᠯ  ᠤᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠬᠦᠮᠦᠨ ᠤ ᠬᠤᠪᠢ ᠶ᠋ᠢᠨ ᠮᠡᠳᠡᢉᠡᠯᠡᠯ ᠬᠠᠮᠠᠭᠠᠯᠠᠬᠤ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠲᠠᠲᠠᠪᠤᠷᠢ ᠶ᠋ᠢᠨ ᠶᠡᠷᠦᠩᠬᠡᠢ ᠬᠠᠤᠯᠢ ᠳ᠋ᠤ ᠥᢉᠡᠷᠡᠴᠢᠯᠡᠯᠲᠡ ᠣᠷᠤᠭᠤᠯᠬᠤ ᠲᠤᠬᠠᠢ ᠬᠠᠤᠯᠢ ᠨᠤᠭᠤᠳ ᠢ᠋ ᠒᠐᠒᠓ ᠣᠨ ᠤ᠋ ᠐᠑ ᠳ᠋ᠦᢉᠡᠷ ᠰᠠᠷ᠎ᠠ ᠶ᠋ᠢᠨ ᠒᠐- ᠤ᠋ ᠡᠳᠦᠷ ᠡᠴᠦᠰᠯᠡᠨ ᠪᠠᠲᠤᠯᠠᠭᠰᠠᠨ᠃

ᠮᠣᠩ᠋ᠭᠣᠯ ᠤᠯᠤᠰ  ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ ᠮᠣᠩ᠋ᠭᠤᠯ ᠤᠯᠤᠰ ᠤ᠋ᠨ ᠦᠨᠳᠦᠰᠦᠨ ᠬᠠᠤᠯᠢ ᠶ᠋ᠢᠨ ᠭᠤᠴᠢᠨ ᠭᠤᠷᠪᠠᠳᠤᠭᠠᠷ ᠵᠦᠢᠯ ᠦ᠋ᠨ ᠑ ᠳ᠋ᠡᠬᠢ ᠬᠡᠰᠡᠭ  ᠤᠨ ᠑᠂ ᠮᠣᠩ᠋ᠭᠣᠯ ᠤᠯᠤᠰ  ᠤᠨ ᠶᠡᠷᠦᠩᠬᠡᠢᠢᠯᠡᢉᠴᠢ ᠶ᠋ᠢᠨ ᠲᠤᠬᠠᠢ ᠬᠠᠤᠯᠢ ᠶ᠋ᠢᠨ ᠑᠒ ᠳ᠋ᠤᠭᠠᠷ ᠵᠦᠢᠯ ᠦ᠋ᠨ ᠘ ᠳ᠋ᠠᠬᠢ ᠬᠡᠰᠡᠭ  ᠢ ᠲᠤᠰ ᠲᠤᠰ ᠦᠨᠳᠦᠰᠦᠯᠡᠨ ᠳᠡᢉᠡᠷᠡᠬᠢ ᠬᠠᠤᠯᠢ ᠨᠤᠭᠤᠳ ᠲᠤ ᠪᠦᠬᠦᠯᠢ ᠳ᠋ᠦ ᠨᠢ ᠬᠣᠷᠢᠭ ᠲᠠᠯᠪᠢᠯ᠎ᠠ᠃

ᠬᠣᠷᠢᠭ ᠲᠠᠯᠪᠢᠭᠰᠠᠨ ᠲᠠᠯ ᠠ ᠪᠡᠷ ᠮᠣᠩ᠋ᠭᠣᠯ ᠤᠯᠤᠰ ᠤ᠋ᠨ ᠶᠡᠷᠦᠩᠬᠡᠢᠢᠯᠡᢉᠴᠢ ᠶ᠋ᠢᠨ ᠲᠠᠮᠠᠭ᠎ᠠ ᠶ᠋ᠢᠨ ᠭᠠᠵᠠᠷ  ᠤᠨ ᠳᠠᠷᠤᠭ᠎ᠠ ᠶᠠ‍᠃ᠰᠣᠳᠤᠪᠠᠭᠠᠲᠤᠷ᠂ ᠶᠡᠷᠦᠩᠬᠡᠢᠢᠯᠡᢉᠴᠢ ᠶ᠋ᠢᠨ ᠬᠠᠤᠯᠢ ᠵᠦᠢ ᠶ᠋ᠢᠨ ᠪᠣᠳᠤᠯᠭ᠎ᠠ ᠶ᠋ᠢᠨ ᠵᠥᠪᠯᠡᠬᠦ ᠠ‍᠃ᠪᠢᠮᠪᠠᠵᠢᠷᠭᠠᠯ ᠨᠠᠷ ᠮᠡᠳᠡᢉᠡᠯᠡᠯ ᠥᢉᠪᠡ᠃

ᠬᠠᠤᠯᠢ ᠶ᠋ᠢᠨ ᠲᠥᠰᠦᠯ ᠢ᠋ ᠪᠣᠯᠪᠠᠰᠤᠷᠠᠭᠤᠯᠬᠤ᠂ ᠬᠡᠯᠡᠯᠴᠡᠨ ᠪᠠᠲᠤᠯᠠᠬᠤ ᠦᠢᠯᠡ ᠶᠠᠪᠤᠴᠠ ᠳ᠋ᠤ ᠢᠷᢉᠡᠨ᠂ ᠣᠯᠠᠨ ᠨᠡᠢᠢᠲᠡ ᠶ᠋ᠢᠨ ᠣᠷᠤᠯᠴᠠᠭ᠎ᠠ ᠶ᠋ᠢ ᠬᠠᠩ᠋ᠭᠠᠭ᠎ᠠ ᠦᢉᠡᠢ᠂ ᠡᠷᠬᠡ᠂ ᠬᠠᠤᠯᠢ ᠶᠣᠰᠤᠨ ᠤ᠋ ᠠᠰᠢᠭ ᠰᠣᠨᠢᠷᠬᠠᠯ ᠨᠢ ᠬᠥᠨᠳᠡᢉᠳᠡᠬᠦ ᠡᠲᠡᢉᠡᠳ᠂ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠢᠢᠭᠤᠯᠤᠯᠭ᠎ᠠ᠂ ᠮᠡᠷᢉᠡᠵᠢᠯ ᠦ᠋ᠨ ᠪᠣᠯᠤᠨ ᠰᠤᠳᠤᠯᠭᠠᠨ ᠤ᠋ ᠪᠠᠢᠢᠭᠤᠯᠤᠯᠭ᠎ᠠ ᠪᠠᠷ ᠬᠡᠯᠡᠯᠴᠡᢉᠦᠯᠵᠦ᠂ ᠰᠠᠨᠠᠯ ᠢ᠋ ᠠᠪᠤᠭ᠎ᠠ ᠦᢉᠡᠢ ᠨᠢ ᠮᠣᠩ᠋ᠭᠣᠯ ᠤᠯᠤᠰ  ᠤᠨ ᠦᠨᠳᠦᠰᠦᠨ ᠬᠠᠤᠯᠢ ᠶ᠋ᠢᠨ ᠬᠣᠷᠢᠨ ᠵᠢᠷᠭᠤᠭᠠᠳᠤᠭᠠᠷ ᠵᠦᠢᠯ ᠦ᠋ᠨ ᠒ ᠳ᠋ᠠᠬᠢ ᠬᠡᠰᠡᠭ ᠲᠦ “ᠢᠷᢉᠡᠳ᠂ ᠪᠤᠰᠤᠳ ᠪᠠᠢᠢᠭᠤᠯᠤᠯᠭ᠎ᠠ ᠬᠠᠤᠯᠢ ᠶ᠋ᠢᠨ ᠲᠥᠰᠦᠯ ᠦ᠋ᠨ ᠲᠤᠬᠠᠢ ᠰᠠᠨᠠᠯ  ᠢᠢᠠᠨ ᠬᠠᠤᠯᠢ ᠰᠠᠨᠠᠭᠠᠴᠢᠯᠠᠭᠴᠢ ᠳ᠋ᠤ ᠤᠯᠠᠮᠵᠢᠯᠠᠨ᠎ᠠ᠃”᠂ ᠬᠠᠤᠯᠢ ᠲᠣᠭᠲᠠᠭᠠᠮᠵᠢ ᠶ᠋ᠢᠨ ᠲᠤᠬᠠᠢ ᠬᠠᠤᠯᠢ ᠶ᠋ᠢᠨ ᠘ ᠳ᠋ᠤᠭᠠᠷ ᠵᠦᠢᠯ ᠦ᠋ᠨ ᠘᠂᠑᠃᠕᠂ ᠘᠂᠑᠃᠖ ᠳ᠋ᠠᠬᠢ ᠵᠢᠭᠠᠯᠲᠠ᠂ ᠓᠘ ᠳᠤᠭᠠᠷ ᠵᠦᠢᠯ ᠢ᠋ ᠲᠤᠰ ᠲᠤᠰ ᠵᠥᠷᠢᠴᠡᢉᠰᠡᠨ ᠪᠠᠢᠢᠨ᠎ᠠ᠃

ᠡᠨᠡ ᠨᠢ ᠮᠣᠩ᠋ᠭᠣᠯ ᠤᠯᠤᠰ  ᠤᠨ ᠦᠨᠳᠦᠰᠦᠨ ᠬᠠᠤᠯᠢ ᠶ᠋ᠢᠨ ᠨᠢᢉᠡᠳᠦᢉᠡᠷ ᠵᠦᠢᠯ ᠦ᠋ᠨ ᠒ ᠳ᠋ᠠᠬᠢ ᠬᠡᠰᠡᠭ  ᠤᠨ “ᠠᠷᠠᠳᠴᠢᠯᠠᠭᠰᠠᠨ ᠶᠣᠰᠤ᠂ … ᠦᠨᠳᠦᠰᠦᠨ ᠤ ᠡᠪ ᠨᠢᢉᠡᠳᠦᠯ ᠢ᠋ ᠬᠠᠩ᠋ᠭᠠᠬᠤ᠂ ᠬᠠᠤᠯᠢ ᠳᠡᢉᠡᠳᠦᠯᠡᠬᠦ ᠨᠢ ᠲᠥᠷᠦ ᠶ᠋ᠢᠨ ᠦᠢᠯᠡ ᠠᠵᠢᠯᠯᠠᠭᠠᠨ ᠤ᠋ ᠦᠨᠳᠦᠰᠦᠨ ᠵᠠᠷᠴᠢᠮ ᠮᠥᠨ” ᢉᠡᠰᠡᠨ ᠵᠢᠭᠠᠯᠲᠠ ᠶ᠋ᠢ ᠵᠥᠷᠢᠴᠡᠬᠦ ᠨᠥᠬᠦᠴᠡᠯ ᠢ᠋ ᠪᠤᠢ ᠪᠣᠯᠭᠠᠭᠰᠠᠨ ᠪᠠᠢᠢᠨ᠎ᠠ᠃

ᠮᠣᠩ᠋ᠭᠤᠯ ᠤᠯᠤᠰ  ᠤᠨ ᠦᠨᠳᠦᠰᠦᠨ ᠬᠠᠤᠯᠢ ᠶ᠋ᠢᠨ ᠑᠙ ᠳ᠋ᠦᢉᠡᠷ ᠵᠦᠢᠯ ᠦ᠋ᠨ ᠑ ᠳ᠋ᠡᠬᠢ ᠬᠡᠰᠡᠭ ᠲᠦ “ᠲᠥᠷᠦ ᠡᠴᠡ ᠬᠦᠮᠦᠨ ᠤ ᠡᠷᠬᠡ᠂ ᠡᠷᠬᠡ ᠴᠢᠯᠦᠭᠡ ᠶ᠋ᠢ ᠬᠠᠩ᠋ᠭᠠᠬᠤᠢᠢᠴᠠ ᠡᠳ᠋  ᠤᠨ ᠵᠠᠰᠠᠭ᠂ ᠨᠡᠢᠢᢉᠡᠮ᠂ ᠬᠠᠤᠯᠢ ᠵᠦᠢ ᠶ᠋ᠢᠨ ᠪᠣᠯᠤᠨ ᠪᠤᠰᠤᠳ ᠪᠠᠲᠤᠯᠠᠭ᠎ᠠ ᠶ᠋ᠢ ᠪᠦᠷᠢᠳᠦᢉᠦᠯᠬᠦ᠂ ᠬᠦᠮᠦᠨ ᠤ ᠡᠷᠬᠡ᠂ ᠡᠷᠬᠡ ᠴᠢᠯᠦᠭᠡ ᠶ᠋ᠢ ᠵᠥᠷᠢᠴᠡᠬᠦ ᠲᠡᠢ ᠲᠡᠮᠡᠴᠡᠬᠦ᠂ ᠬᠥᠨᠳᠡᢉᠳᠡᢉᠰᠡᠨ ᠡᠷᠬᠡ ᠶ᠋ᠢ ᠰᠡᠷᢉᠦᢉᠡᠨ ᠡᠳ᠋ᠯᠡᢉᠦᠯᠬᠦ ᠡᢉᠦᠷᠭᠡ ᠶ᠋ᠢ ᠢᠷᢉᠡᠨ ᠤ ᠪᠡᠨ ᠡᠮᠦᠨ᠎ᠡ ᠬᠠᠷᠢᠭᠤᠴᠠᠨ᠎ᠠ” ᢉᠡᠵᠦ ᠵᠢᠭᠠᠭᠰᠠᠨ᠃
ᠮᠥᠨ ᠮᠣᠩ᠋ᠭᠤᠯ ᠤᠯᠤᠰ  ᠤᠨ ᠦᠨᠳᠦᠰᠦᠨ ᠬᠠᠤᠯᠢ ᠶ᠋ᠢᠨ ᠑᠙ ᠳ᠋ᠦᢉᠡᠷ ᠵᠦᠢᠯ ᠦ᠋ᠨ ᠓ ᠳ᠋ᠠᠬᠢ ᠬᠡᠰᠡᠭ ᠲᠦ “ᠬᠦᠮᠦᠨ ᠤ ᠡᠷᠬᠡ᠂ ᠡᠷᠬᠡ ᠴᠢᠯᠦᠭᠡ ᠪᠡᠨ ᠡᠳ᠋ᠯᠡᠬᠦ ᠳ᠋ᠦ ᠪᠡᠨ ᠦᠨᠳᠦᠰᠦᠨ ᠤ ᠠᠶᠤᠯ ᠥᢉᠡᠢ ᠪᠠᠢᠢᠳᠠᠯ᠂ ᠪᠤᠰᠤᠳ ᠬᠦᠮᠦᠨ  ᠤ ᠡᠷᠬᠡ᠂ ᠡᠷᠬᠡ ᠴᠢᠯᠦᠭᠡ ᠶ᠋ᠢ ᠬᠣᠬᠢᠷᠠᠭᠠᠵᠤ᠂ ᠨᠡᠢᠢᢉᠡᠮ ᠦ᠋ᠨ ᠳᠢᠭ᠌ ᠵᠢᠷᠤᠮ ᠢ᠋ ᠭᠠᠵᠢᠭᠤᠳᠠᠭᠤᠯᠵᠤ ᠪᠣᠯᠬᠤ ᠦᢉᠡᠢ” ᠬᠡᠮᠡᠨ ᠬᠢᠵᠠᠭᠠᠷᠯᠠᠯᠲᠠ ᠲᠣᠭᠲᠠᠭᠠᠭᠰᠠᠨ ᠢ᠋ ᠠᠩᠬᠠᠷᠴᠤ ᠪᠠᠢᠢᠬᠤ ᠶᠣᠰᠤ ᠲᠠᠢ ᢉᠡᠵᠦ ᠦᠵᠡᠵᠡᠢ᠃

ᠮᠣᠩ᠋ᠭᠣᠯ ᠤᠯᠤᠰ  ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ ᠬᠦᠮᠦᠨ ᠤ ᠡᠷᠬᠡ᠂ ᠡᠷᠬᠡ ᠴᠢᠯᠦᠭᠡ ᠲᠡᠢ ᠬᠣᠯᠪᠤᠭ᠎ᠠ ᠲᠠᠢ ᠠᠯᠢᠪᠠ ᠬᠠᠤᠯᠢ ᠲᠣᠭᠲᠠᠭᠠᠮᠵᠢ ᠶ᠋ᠢ ᠪᠣᠯᠪᠠᠰᠤᠷᠠᠭᠤᠯᠬᠤ᠂ ᠬᠡᠯᠡᠯᠴᠡᠨ ᠪᠠᠲᠤᠯᠠᠬᠤ ᠳ᠋ᠠᠭᠠᠨ ᠣᠯᠠᠨ ᠨᠡᠢᠢᠲᠡ ᠶ᠋ᠢᠨ ᠣᠷᠤᠯᠴᠠᠭ᠎ᠠ ᠶ᠋ᠢ ᠰᠠᠢᠢᠲᠤᠷ ᠬᠠᠩ᠋ᠭᠠᠨ᠂ ᠮᠡᠷᢉᠡᠵᠢᠯ ᠦ᠋ᠨ ᠪᠣᠯᠤᠨ ᠰᠤᠳᠤᠯᠭᠠᠨ ᠤ᠋ ᠪᠠᠢᠢᠭᠤᠯᠤᠯᠭ᠎ᠠ ᠶ᠋ᠢᠨ ᠰᠠᠨᠠᠭ᠎ᠠ ᠪᠣᠳᠤᠯ ᠢ᠋ ᠰᠣᠨᠤᠰᠴᠤ᠂ ᠣᠯᠠᠨ ᠤᠯᠤᠰ  ᠤᠨ ᠰᠠᠢᠢᠨ ᠲᠤᠷᠰᠢᠯᠭ᠎ᠠ᠂ ᠰᠤᠳᠤᠯᠭ᠎ᠠ ᠰᠢᠨᠵᠢᠯᠡᢉᠡᠨ ᠳ᠋ᠦ ᠰᠠᠭᠤᠷᠢᠯᠠᠨ᠂ ᠦᠨᠳᠦᠰᠦᠨ ᠬᠠᠤᠯᠢ ᠪᠠᠷ ᠪᠠᠲᠤᠯᠠᠭᠠᠵᠢᠭᠰᠠᠨ ᠬᠦᠮᠦᠨ ᠤ ᠡᠷᠬᠡ᠂ ᠡᠷᠬᠡ ᠴᠢᠯᠦᠭᠡ᠂ ᠬᠠᠤᠯᠢ ᠳᠡᢉᠡᠳᠦᠯᠡᠬᠦ ᠵᠠᠷᠴᠢᠮ ᠢ᠋ ᠴᠢᠩᠳᠠ ᠪᠠᠷᠢᠮᠲᠠᠯᠠᠵᠤ ᠪᠠᠢᠢᠬᠤ ᠤᠴᠢᠷᠲᠠᠢ ᢉᠡᠵᠦ ᠦᠵᠡᠪᠡ᠃

ᠮᠣᠩ᠋ᠭᠤᠯ ᠤᠯᠤᠰ  ᠤᠨ ᠦᠨᠳᠦᠰᠦᠨ ᠬᠠᠤᠯᠢ ᠶ᠋ᠢᠨ ᠭᠤᠴᠢᠨ ᠭᠤᠷᠪᠠᠳᠤᠭᠠᠷ ᠵᠦᠢᠯ ᠦ᠋ᠨ ᠑ ᠳ᠋ᠡᠬᠢ ᠬᠡᠰᠡᠭ  ᠤᠨ ᠑᠆ ᠲᠦ “ᠤᠯᠤᠰ  ᠤᠨ ᠶᠡᠬᠡ ᠬᠤᠷᠠᠯ  ᠤᠨ ᠪᠠᠲᠤᠯᠠᠭᠰᠠᠨ ᠬᠠᠤᠯᠢ᠂ ᠪᠤᠰᠤᠳ ᠰᠢᠢᠳᠪᠦᠷᠢ ᠳ᠋ᠦ ᠪᠦᠬᠦᠯᠢ ᠳ᠋ᠦ ᠨᠢ ᠪᠤᠶᠤ ᠵᠠᠷᠢᠮ ᠬᠡᠰᠡᠭ ᠲᠦ ᠬᠣᠷᠢᠭ ᠲᠠᠯᠪᠢᠬᠤ” ᠬᠡᠮᠡᠨ ᠮᠣᠩ᠋ᠭᠤᠯ ᠤᠯᠤᠰ  ᠤᠨ ᠶᠡᠷᠦᠩᠬᠡᠢᠢᠯᠡᢉᠴᠢ ᠶ᠋ᠢᠨ ᠦᠨᠳᠦᠰᠦᠨ ᠪᠦᠷᠢᠨ ᠡᠷᠬᠡ ᠳ᠋ᠦ ᠵᠢᠭᠠᠭᠰᠠᠨ᠃

ᠮᠥᠨ ᠮᠣᠩ᠋ᠭᠣᠯ ᠤᠯᠤᠰ  ᠤᠨ ᠶᠡᠬᠡ ᠬᠤᠷᠠᠯ  ᠤᠨ ᠴᠢᠭᠤᠯᠭᠠᠨ ᠤ᠋ ᠬᠤᠷᠠᠯᠳᠤᠭᠠᠨ ᠤ᠋ ᠳᠢᠭ᠌  ᠤᠨ ᠲᠤᠬᠠᠢ ᠬᠠᠤᠯᠢ ᠶ᠋ᠢᠨ ᠔᠕ ᠳ᠋ᠤᠭᠠᠷ ᠵᠦᠢᠯ ᠦ᠋ᠨ ᠔᠕᠂᠕ ᠳ᠋ᠠᠬᠢ ᠬᠡᠰᠡᠭ ᠲᠦ “ᠡᠨᠡ ᠬᠠᠤᠯᠢ ᠶ᠋ᠢᠨ ᠔᠕᠂᠔᠆ ᠲᠦ ᠵᠢᠭᠠᠭᠰᠠᠨ ᠤ᠋ ᠳᠠᠭᠠᠭᠤ ᠢᠯᠡᢉᠡᢉᠰᠡᠨ ᠬᠠᠤᠯᠢ᠂ ᠲᠣᠭᠲᠠᠭᠠᠯ ᠢ᠋ ᠮᠣᠩ᠋ᠭᠣᠯ ᠤᠯᠤᠰ  ᠤᠨ ᠶᠡᠷᠦᠩᠬᠡᠢᠢᠯᠡᢉᠴᠢ ᠶ᠋ᠢᠨ ᠲᠠᠮᠠᠭ᠎ᠠ ᠶ᠋ᠢᠨ ᠭᠠᠵᠠᠷ ᠬᠦᠯᠢᠶᠡᠵᠦ ᠠᠪᠤᠭᠰᠠᠨ ᠡᠳᠦᠷ ᠡᠴᠡ ᠬᠣᠢᠢᠰᠢ ᠠᠵᠢᠯ  ᠤᠨ ᠕ ᠡᠳᠦᠷ ᠲᠦ ᠪᠠᠭᠲᠠᠭᠠᠨ ᠮᠣᠩ᠋ᠭᠣᠯ ᠤᠯᠤᠰ  ᠤᠨ ᠶᠡᠷᠦᠩᠬᠡᠢᠢᠯᠡᢉᠴᠢ ᠲᠤᠬᠠᠢ ᠶ᠋ᠢᠨ ᠬᠠᠤᠯᠢ᠂ ᠲᠣᠭᠲᠠᠭᠠᠯ ᠢ᠋ ᠪᠦᠬᠦᠯᠢ ᠳ᠋ᠦ ᠨᠢ ᠪᠤᠶᠤ ᠲᠡᢉᠦᠨ ᠤ ᠵᠠᠷᠢᠮ ᠬᠡᠰᠡᠭ ᠲᠦ ᠬᠣᠷᠢᠭ ᠲᠠᠯᠪᠢᠬᠤ ᠡᠰᠡᠬᠦ ᠠᠰᠠᠭᠤᠳᠠᠯ ᠢ᠋ ᠰᠢᠢᠢᠳᠪᠦᠷᠢᠯᠡᠨ᠎ᠡ” ᢉᠡᠵᠦ ᠵᠢᠭᠠᠭᠰᠠᠨ᠃

ᠣᠯᠠᠨ ᠨᠡᠢᠢᠲᠡ ᠶ᠋ᠢᠨ ᠰᠦᠯᠵᠢᠶᠡᠨ ᠳ᠋ᠦ ᠬᠦᠮᠦᠨ ᠤ ᠡᠷᠬᠡ ᠶ᠋ᠢ ᠬᠠᠮᠠᠭᠠᠯᠠᠬᠤ ᠲᠤᠬᠠᠢ ᠪᠣᠯᠤᠨ ᠲᠡᢉᠦᠨ ᠢ᠋ ᠳᠠᠭᠠᠯᠳᠤᠨ ᠪᠠᠲᠤᠯᠠᠭᠰᠠᠨ ᠬᠠᠤᠯᠢ ᠨᠤᠭᠤᠳ  ᠤᠨ ᠳᠠᠭᠠᠵᠤ ᠮᠥᠷᠳᠡᠬᠦ ᠬᠤᠭᠤᠴᠠᠭ᠎ᠠ ᠒᠐᠒᠓ ᠣᠨ ᠤ᠋ ᠐᠒ ᠳᠤᠭᠠᠷ ᠰᠠᠷ᠎ᠠ ᠶ᠋ᠢᠨ ᠐᠑᠆  ᠤ ᠡᠳᠦᠷ ᠪᠠᠢᠢᠬᠤ ᠪᠠᠷ ᠬᠠᠤᠯᠢᠴᠢᠯᠠᠭᠰᠠᠨ ᠨᠢ ᠮᠣᠩ᠋ᠭᠤᠯ ᠤᠯᠤᠰ  ᠤᠨ ᠦᠨᠳᠦᠰᠦᠨ ᠬᠠᠤᠯᠢ ᠶ᠋ᠢᠨ ᠪᠣᠯᠤᠨ ᠮᠣᠩ᠋ᠭᠣᠯ ᠤᠯᠤᠰ  ᠤᠨ ᠶᠡᠬᠡ ᠬᠤᠷᠠᠯ  ᠤᠨ ᠴᠢᠭᠤᠯᠭᠠᠨ ᠤ᠋ ᠬᠤᠷᠠᠯᠳᠤᠭᠠᠨ ᠤ᠋ ᠳᠢᠭ᠌  ᠤᠨ ᠲᠤᠬᠠᠢ ᠬᠠᠤᠯᠢ ᠶ᠋ᠢᠨ ᠬᠣᠯᠪᠤᠭᠳᠠᠬᠤ ᠬᠡᠰᠡᠭ  ᠤᠤᠳ ᠢ᠋ ᠵᠥᠷᠢᠴᠡᠵᠦ᠂ ᠮᠣᠩ᠋ᠭᠤᠯ ᠤᠯᠤᠰ  ᠤᠨ ᠶᠡᠷᠦᠩᠬᠡᠢᠢᠯᠡᢉᠴᠢ ᠶ᠋ᠢᠨ ᠬᠣᠷᠢᠭ ᠲᠠᠯᠪᠢᠬᠤ ᠡᠷᠬᠡ ᠶ᠋ᠢ ᠬᠢᠵᠠᠭᠠᠷᠯᠠᠭᠰᠠᠨ ᠪᠠᠢᠢᠨ᠎ᠠ᠃