Та "Internet explorer"-ийн сүүлийн хувилбар болох "Microsoft edge"-г ашиглана уу

Хэрэв "Microsoft edge"-г татах бол энд дарж татаж авна уу

ᠻᠠᠲ᠋ᠠᠷ ᠤᠯᠤᠰ ᠡᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ  ᠢᠢᠡᠨ ᠡᠷᠭᠥᠨ ᠪᠠᠷᠢᠪᠠ

ᠻᠠᠲ᠋ᠠᠷ ᠤᠯᠤᠰ ᠠ᠋ᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠮᠤᠾᠠᠮᠮᠠᠳ᠋ ᠠᠯᠢ ᠳᠠᠾᠠᠢᠢᠮᠢ ᠮᠣᠩ᠋ᠭᠣᠯ ᠤᠯᠤᠰ  ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ ᠳ᠋ᠦ ᠢᠲᠡᠭᠡᠮᠵᠢᠯᠡᠬᠦ ᠵᠢᠭᠤᠬᠤ ᠪᠢᠴᠢᠭ᠌  ᠢᠢᠡᠨ ᠡᠷᠭᠥᠨ ᠪᠠᠷᠢᠯ᠎ᠠ᠃

ᠢᠲᠡᠭᠡᠮᠵᠢᠯᠡᠬᠦ ᠵᠢᠭᠤᠬᠤ ᠪᠢᠴᠢᠭ᠌ ᠎ ᠢᠢᠡᠨ ᠡᠷᢉᠦᠨ ᠪᠠᠷᠢᠭᠰᠠᠨ ᠲᠠᠢ ᠬᠣᠯᠪᠤᠭᠳᠠᠭᠤᠯᠤᠨ ᠮᠣᠩ᠋ᠭᠣᠯ ᠤᠯᠤᠰ  ᠤᠨ ᠶᠡᠷᠦᠩᠬᠡᠢᠢᠯᠡᢉᠴᠢ ᠬᠦᠯᠢᠶᠡᠨ ᠠᠪᠴᠤ ᠠᠭᠤᠯᠵᠠᠨ᠂ ᠡᠯᠴᠢᠨ ᠰᠠᠢᠢᠳ  ᠢᠢᠠᠷ ᠲᠣᠮᠢᠯᠠᠭᠳᠠᠭᠰᠠᠨ ᠳ᠋ᠤ ᠨᠢ ᠪᠠᠶᠠᠷ ᠬᠦᠷᠬᠡᠪᠡ᠃

ᠮᠣᠩ᠋ᠭᠤᠯ ᠤᠯᠤᠰ᠂ ᠻᠠᠲ᠋ᠠᠷ ᠤᠯᠤᠰ  ᠤᠨ ᠬᠣᠭᠤᠷᠤᠨᠳᠤ ᠳᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ᠋ ᠒᠕ ᠵᠢᠯ ᠦ᠋ᠨ ᠣᠢ ᠡᠨᠡ ᠣᠨ ᠳ᠋ᠤ ᠲᠣᠬᠢᠶᠠᠵᠤ ᠪᠤᠢ ᠶ᠋ᠢ ᠲᠡᠮᠳᠡᢉᠯᠡᠭᠡᠳ ᠶᠡᠷᠦᠩᠬᠡᠢᠢᠯᠡᢉᠴᠢ ᠂ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠬᠣᠶᠠᠷ ᠲᠠᠯ᠎ᠠ ᠶ᠋ᠢᠨ ᠬᠦᠴᠦ ᠴᠢᠷᠮᠠᠢᠢᠯᠲᠠ ᠪᠠᠷ ᠠᠮᠵᠢᠯᠲᠠᠲᠠᠢ ᠬᠥᢉᠵᠢᠵᠦ ᠢᠷᠡᢉᠰᠡᠨ ᠳ᠋ᠦ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠴᠢᠨᠠᠬᠰᠢᠳᠠ ᠬᠤᠳᠠᠯᠳᠤᠭ᠎ᠠ᠂ ᠡᠳ᠋  ᠤᠨ ᠵᠠᠰᠠᠭ᠂ ᠬᠥᠷᠦᠩᠭᠡ ᠣᠷᠤᠭᠤᠯᠤᠯᠲᠠ᠂ ᠠᠭᠤᠯᠠ ᠠᠭᠤᠷᠬᠠᠢ᠂ ᠬᠥᠳᠡᠭᠡ ᠠᠵᠤ ᠠᠬᠤᠢ᠂ ᠪᠠᠢᠢᠭᠠᠯᠢ ᠣᠷᠴᠢᠨ ᠵᠡᠷᠭᠡ ᠰᠠᠯᠪᠤᠷᠢ ᠶ᠋ᠢᠨ ᠬᠠᠮᠲᠤ ᠶ᠋ᠢᠨ ᠠᠵᠢᠯᠯᠠᠭ᠎ᠠ ᠶ᠋ᠢ ᠥᠷᠭᠡᠵᠢᢉᠦᠯᠦᠨ ᠬᠥᢉᠵᠢᢉᠦᠯᠬᠦ ᠥᠷᠭᠡᠨ ᠪᠣᠯᠤᠮᠵᠢ ᠪᠠᠢᠢᠭ᠎ᠠ ᠶ᠋ᠢ ᠣᠨᠴᠠᠯᠠᠪᠠ᠃

ᠡᠯᠴᠢᠨ ᠰᠠᠢᠢᠳ ᠮᠤᠾᠠᠮᠮᠠᠳ᠋ ᠠᠯᠢ ᠳᠠᠾᠠᠢᠢᠮᠢ ᠮᠣᠩ᠋ᠭᠣᠯ ᠤᠯᠤᠰ  ᠤᠨ ᠶᠡᠷᠦᠩᠬᠡᠢᠢᠯᠡᢉᠴᠢ ᠳ᠋ᠦ ᠻᠠᠲ᠋ᠠᠷ ᠤᠯᠤᠰ  ᠤᠨ ᠡᠮᠢᠷ ᠡᠷᠬᠢᠮ ᠳᠡᠭᠡᠳᠦ ᠱᠡᠢᠢᠬᠢ ᠲᠠᠮᠢᠮ ᠪᠢᠨ ᠾᠠᠮᠠᠳ᠋ ᠠᠯᠢ ᠲᠠᠨᠢ ᠶ᠋ᠢᠨ ᠬᠠᠯᠠᠭᠤᠨ ᠳᠣᠲᠤᠨᠤ ᠮᠡᠨᠳᠦᠴᠢᠯᠡᠭᠡ ᠶ᠋ᠢ ᠤᠯᠠᠮᠵᠢᠯᠠᠪᠠ᠃

ᠮᠥᠨ ᠮᠣᠩ᠋ᠭᠣᠯ᠂ ᠻᠠᠲ᠋ᠠᠷ  ᠤᠨ ᠬᠠᠷᠢᠯᠴᠠᠭ᠎ᠠ ᠶ᠋ᠢ ᠤᠯᠠᠮ ᠪᠦᠷᠢ ᠪᠡᠬᠢᠵᠢᢉᠦᠯᠵᠦ᠂ ᠬᠠᠮᠲᠤ ᠶ᠋ᠢᠨ ᠠᠵᠢᠯᠯᠠᠭ᠎ᠠ ᠶ᠋ᠢ ᠪᠣᠯᠤᠮᠵᠢᠲᠤ ᠪᠦᠬᠦ ᠰᠠᠯᠪᠤᠷᠢ ᠳᠤ ᠬᠥᢉᠵᠢᢉᠦᠯᠬᠦ ᠶ᠋ᠢᠨ ᠲᠥᠯᠦᠭᠡ ᠠᠩᠬᠠᠷᠴᠤ ᠠᠵᠢᠯᠯᠠᠬᠤ ᠪᠠᠨ ᠢᠯᠡᠷᠬᠡᠢᠢᠯᠡᠪᠡ᠃