ᠮᠣᠩ᠋ᠭᠣᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ ᠪᠥᠬᠥᠳᠡ ᠨᠠᠢᠢᠷᠠᠮᠳᠠᠬᠤ ᠰᠤᠯᠥᠨᠭᠭᠤᠰ ᠤᠯᠦᠰ ᠤᠨ ᠦᠨᠳᠦᠰᠦᠨ ᠤ ᠠᠰᠰᠠᠮᠪᠯᠧᠢ ᠶ᠋ᠢᠨ ᠳᠡᠳ᠋ ᠳᠠᠷᠤᠭ᠎ᠠ ᠻᠢᠮ ᠶᠣᠨ ᠵᠦ ᠢ᠋ ᠬᠦᠯᠢᠶᠡᠨ ᠠᠪᠴᠤ ᠠᠭᠤᠯᠵᠠᠪᠠ᠃
ᠬᠠᠲᠤᠭᠲᠠᠢ ᠻᠢᠮ ᠶᠣᠨ ᠵᠦ ᠮᠣᠩ᠋ᠭᠣᠯ ᠤᠯᠤᠰ᠂ ᠪᠥᠬᠥᠳᠡ ᠨᠠᠢᠢᠷᠠᠮᠳᠠᠬᠤ ᠰᠤᠯᠥᠨᠭᠭᠤᠰ ᠤᠯᠦᠰ ᠤᠨ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ᠂ ᠢᠯᠠᠩ᠋ᠭᠤᠶ᠎ᠠ ᠬᠠᠤᠯᠢ ᠲᠣᠭᠲᠠᠭᠠᠬᠤ ᠪᠠᠢᠢᠭᠤᠯᠤᠯᠭ᠎ᠠ ᠬᠣᠭᠤᠷᠤᠨᠳᠤ ᠶ᠋ᠢᠨ ᠬᠠᠷᠢᠯᠴᠠᠭ᠎ᠠ ᠶ᠋ᠢ ᠥᠷᠭᠡᠵᠢᢉᠦᠯᠦᠨ ᠬᠥᢉᠵᠢᢉᠦᠯᠬᠦ ᠳ᠋ᠦ ᠦᠨ᠎ᠡ ᠲᠡᠢ ᠬᠤᠪᠢ ᠨᠡᠮᠡᠷᠢ ᠣᠷᠤᠭᠤᠯᠵᠤ ᠪᠠᠢᠢᠭ᠎ᠠ ᠶ᠋ᠢ ᠶᠡᠷᠦᠩᠬᠡᠢᠢᠯᠡᢉᠴᠢ ᠲᠡᠮᠳᠡᢉᠯᠡᠪᠡ᠃
ᠴᠢᠨᠠᠬᠰᠢᠳᠠ “ᠰᠲ᠋ᠷᠠᠲ᠋ᠧᢉᠢ ᠶ᠋ᠢᠨ ᠲᠦᠩᠰᠢᠯᠡᠯ”᠆ ᠢᠢᠨ ᠬᠠᠷᠢᠯᠴᠠᠭ᠎ᠠ ᠶ᠋ᠢ ᠪᠡᠬᠢᠵᠢᢉᠦᠯᠵᠦ᠂ ᠬᠤᠳᠠᠯᠳᠤᠭ᠎ᠠ᠂ ᠡᠳ᠋ ᠤᠨ ᠵᠠᠰᠠᠭ ᠤᠨ ᠬᠠᠮᠲᠤ ᠶ᠋ᠢᠨ ᠠᠵᠢᠯᠯᠠᠭ᠎ᠠ ᠶ᠋ᠢ ᠰᠢᠨ᠎ᠡ ᠱᠠᠲᠤᠨ ᠳ᠋ᠤ ᠭᠠᠷᠭᠠᠬᠤ᠂ ᠢᠷᠭᠡᠳ ᠦ᠋ᠨ ᠰᠣᠯᠢᠯᠴᠠᠭ᠎ᠠ ᠶ᠋ᠢ ᠳᠡᠮᠵᠢᠬᠦ ᠵᠡᠷᠭᠡ ᠪᠡᠷ ᠪᠥᠬᠥᠳᠡ ᠨᠠᠢᠢᠷᠠᠮᠳᠠᠬᠤ ᠰᠤᠯᠥᠨᠭᠭᠤᠰ ᠤᠯᠦᠰ ᠤᠨ ᠲᠠᠯ ᠠ ᠲᠠᠢ ᠨᠢᠭᠲᠠ ᠬᠠᠮᠲᠤᠷᠠᠨ ᠠᠵᠢᠯᠯᠠᠬᠤ ᠶ᠋ᠢᠨ ᠲᠥᠯᠦᠭᠡ ᠪᠠᠢᠢᠭ᠎ᠠ ᠪᠠᠨ ᠢᠯᠡᠷᠬᠡᠢᠢᠯᠡᠪᠡ᠃
ᠬᠣᠶᠠᠷ ᠤᠯᠤᠰ ᠨᠢᠭᠡᠳᠦᠭᠰᠡᠨ ᠦᠨᠳᠥᠰᠦᠨ ᠤ ᠪᠠᠢᠢᠭᠤᠯᠤᠯᠭ᠎ᠠ ᠪᠣᠯᠤᠨ ᠣᠯᠠᠨ ᠤᠯᠤᠰ᠂ ᠪᠦᠰᠡ ᠨᠤᠲᠤᠭ ᠤᠨ ᠲᠦᠪᠰᠢᠨ ᠳ᠋ᠦ ᠠᠮᠵᠢᠯᠲᠠ ᠲᠠᠢ ᠬᠠᠮᠲᠤᠷᠠᠨ ᠠᠵᠢᠯᠯᠠᠵᠤ ᠪᠠᠢᠢᠭ᠎ᠠ ᠶ᠋ᠢ ᠬᠡᠯᠡᠭᠡᠳ᠂ ᠪᠥᠬᠥᠳᠡ ᠨᠠᠢᠢᠷᠠᠮᠳᠠᠬᠤ ᠰᠤᠯᠥᠨᠭᠭᠤᠰ ᠤᠯᠦᠰ ᠤᠨ ᠶᠡᠷᠦᠩᠬᠡᠢᠢᠯᠡᢉᠴᠢ ᠶᠥᠨ ᠰᠣᠭ ᠶᠣᠯᠢ ᠳ᠋ᠤ ᠮᠡᠨᠳᠦᠴᠢᠯᠡᠭᠡ ᠳᠡᠪᠰᠢᢉᠦᠯᠵᠦ ᠪᠠᠢᠢᠭ᠎ᠠ ᠶ᠋ᠢ ᠤᠯᠠᠮᠵᠢᠯᠠᠬᠤ ᠶ᠋ᠢ ᠬᠦᠰᠡᠪᠡ᠃
ᠮᠣᠩ᠋ᠭᠤᠯ ᠤᠯᠤᠰ ᠤᠨ ᠶᠡᠷᠦᠩᠬᠡᠢᠢᠯᠡᢉᠴᠢ ᠶ᠋ᠢᠨ ᠰᠠᠨᠠᠭᠠᠴᠢᠯᠠᠨ ᠬᠡᠷᠡᢉᠵᠢᢉᠦᠯᠵᠦ ᠪᠠᠢᠢᠭ᠎ᠠ “ᠡᠷᠡᢉᠦᠯ ᠮᠣᠩ᠋ᠭᠤᠯ ᠬᠦᠮᠦᠨ” ᠦᠨᠳᠦᠰᠦᠨ ᠤ ᠬᠥᠳᠡᠯᠭᠡᠭᠡᠨ ᠢ᠋ ᠳᠡᠮᠵᠢᠬᠦ ᠪᠡᠨ ᠪᠥᠬᠥᠳᠡ ᠨᠠᠢᠢᠷᠠᠮᠳᠠᠬᠤ ᠰᠤᠯᠥᠨᠭᠭᠤᠰ ᠤᠯᠦᠰ ᠤᠨ ᠦᠨᠳᠦᠰᠦᠨ ᠤ ᠠᠰᠰᠠᠮᠪᠯᠧᠢ ᠶ᠋ᠢᠨ ᠳᠡᠳ᠋ ᠳᠠᠷᠤᠭ᠎ᠠ ᠻᠢᠮ ᠶᠣᠨ ᠵᠦ ᠢᠯᠡᠷᠬᠡᠢᠢᠯᠡᠯ᠎ᠡ᠃
ᠡᠨᠡ ᠬᠦᠷᠢᠶᠡᠨ ᠳ᠋ᠦ ᠰᠣᠯᠤᠩ᠋ᠭᠤᠰ ᠤᠨ “ᠨᠣᠭᠤᠭᠠᠨ ᠡᠮᠨᠡᠯᠭᠡ”-ᠲᠡᠢ ᠬᠠᠮᠲᠤᠷᠠᠨ ᠬᠡᠦᠬᠡᠳ ᠦ᠋ᠨ ᠡᠷᠡᢉᠦᠯ ᠮᠡᠨᠳᠦ ᠶ᠋ᠢ ᠳᠡᠮᠵᠢᠬᠦ ᠲᠥᠰᠦᠯ ᠬᠡᠷᠡᢉᠵᠢᢉᠦᠯᠵᠦ᠂ ᠬᠣᠭᠤᠯᠠ ᠲᠡᠵᠢᠭᠡᠯ ᠦ᠋ᠨ ᠳᠤᠲᠠᠭᠳᠠᠯ᠂ ᠠᠮᠢᠰᠬᠤᠯ ᠤᠨ ᠵᠠᠮ ᠤᠨ ᠡᠪᠡᠳᠴᠢᠨ ᠤ ᠡᠮᠭᠡᠭ ᠤᠨ ᠦᠶ᠎ᠡ ᠶ᠋ᠢᠨ ᠲᠤᠰᠠᠯᠠᠮᠵᠢ ᠶ᠋ᠢ ᠥᠷᠭᠡᠵᠢᢉᠦᠯᠬᠦ ᠶ᠋ᠢᠨ ᠵᠡᠷᠭᠡᠴᠡᠭᠡ ᠮᠣᠩ᠋ᠭᠣᠯ ᠡᠮᠴᠢ ᠨᠠᠷ ᠢ᠋ ᠮᠡᠷᠭᠡᠵᠢᠯ ᠳᠡᠭᠡᢉᠰᠢᠯᠡᢉᠦᠯᠬᠦ ᠰᠤᠷᠭᠠᠯᠲᠠ ᠳ᠋ᠤ ᠬᠠᠮᠤᠷᠤᠭᠤᠯᠬᠤ ᠪᠠᠷ ᠲᠥᠯᠦᠪᠯᠡᢉᠰᠡᠨ ᠢᠢᠠᠨ ᠲᠠᠨᠢᠯᠴᠠᠭᠤᠯᠪᠠ᠃
ᠴᠢᠨᠠᠬᠰᠢᠳᠠ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶ᠋ᠢ ᠥᠷᠭᠡᠵᠢᢉᠦᠯᠦᠨ ᠬᠥᢉᠵᠢᢉᠦᠯᠬᠦ ᠶ᠋ᠢᠨ ᠲᠥᠯᠦᠭᠡ ᠥᠪᠡᠷ ᠡᠴᠡ ᠰᠢᠯᠲᠠᠭᠠᠯᠠᠬᠤ ᠪᠦᠬᠦᠨ ᠢᠢᠠᠨ ᠬᠢᠨ᠎ᠡ ᠭᠡᠳᠡᠭ ᠢᠢᠡᠨ ᠬᠡᠯᠡᠪᠡ᠃