Та "Internet explorer"-ийн сүүлийн хувилбар болох "Microsoft edge"-г ашиглана уу

Хэрэв "Microsoft edge"-г татах бол энд дарж татаж авна уу

ᠣᠯᠠᠨ ᠨᠡᠢᠢᠲᠡ ᠶ᠋ᠢᠨ ᠰᠦᠯᠵᠢᠶᠡᠨ ᠳ᠋ᠦ ᠬᠦᠮᠦᠨ ᠤ ᠡᠷᠬᠡ ᠶ᠋ᠢ ᠬᠠᠮᠠᠭᠠᠯᠠᠬᠤ ᠲᠤᠬᠠᠢ ᠬᠠᠤᠯᠢ ᠪᠣᠯᠤᠨ ᠳᠠᠭᠠᠯᠳᠤᠨ ᠪᠠᠲᠤᠯᠠᠭᠳᠠᠭᠰᠠᠨ ᠬᠠᠤᠯᠢ ᠨᠤᠭᠤᠳ ᠲᠤ ᠪᠦᠬᠦᠯᠢ ᠳ᠋ᠦ ᠨᠢ ᠲᠠᠯᠪᠢᠭᠰᠠᠨ ᠮᠣᠩ᠋ᠭᠣᠯ ᠤᠯᠤᠰ ᠤᠨ ᠶᠡᠷᠦᠩᠬᠡᠢᠢᠯᠡᢉᠴᠢ ᠶ᠋ᠢᠨ ᠬᠣᠷᠢᠭ ᠢ ᠤᠯᠤᠰ ᠤᠨ ᠶᠡᠬᠡ ᠬᠤᠷᠠᠯ ᠬᠦᠯᠢᠶᠡᠨ ᠠᠪᠤᠪᠠ

ᠣᠯᠠᠨ ᠨᠡᠢᠢᠲᠡ ᠶ᠋ᠢᠨ ᠰᠦᠯᠵᠢᠶᠡᠨ ᠳ᠋ᠦ ᠬᠦᠮᠦᠨ ᠤ ᠡᠷᠬᠡ ᠶ᠋ᠢ ᠬᠠᠮᠠᠭᠠᠯᠠᠬᠤ ᠲᠤᠬᠠᠢ ᠬᠠᠤᠯᠢ ᠪᠣᠯᠤᠨ ᠳᠠᠭᠠᠯᠳᠤᠨ ᠪᠠᠲᠤᠯᠠᠭᠳᠠᠭᠰᠠᠨ ᠨᠡᠷ᠎ᠡ ᠪᠦᠬᠦᠢ ᠬᠠᠤᠯᠢ ᠨᠤᠭᠤᠳ ᠲᠤ ᠪᠦᠬᠦᠯᠢ ᠳ᠋ᠦ ᠨᠢ ᠲᠠᠯᠪᠢᠭᠰᠠᠨ ᠮᠣᠩ᠋ᠭᠣᠯ ᠤᠯᠤᠰ ᠤᠨ ᠶᠡᠷᠦᠩᠬᠡᠢᠢᠯᠡᢉᠴᠢ ᠶ᠋ᠢᠨ ᠬᠣᠷᠢᠭ ᠢ ᠤᠯᠤᠰ ᠤᠨ ᠶᠡᠬᠡ ᠬᠤᠷᠠᠯ ᠤᠨ ᠴᠢᠭᠤᠯᠭᠠᠨ ᠤ᠋ ᠨᠢᢉᠡᠳᠦᢉᠰᠡᠨ ᠬᠤᠷᠠᠯᠳᠤᠭᠠᠨ ᠳ᠋ᠤ ᠣᠷᠤᠯᠴᠠᠭᠰᠠᠨ ᢉᠡᠰᠢᢉᠦᠳ ᠦ᠋ᠨ ᠘᠙᠂᠑ ᠬᠤᠪᠢ ᠨᠢ ᠬᠦᠯᠢᠶᠡᠵᠦ ᠠᠪᠬᠤ ᠨᠢ ᠵᠦᠢ ᠲᠡᠢ ᢉᠡᠵᠦ ᠦᠵᠡᠯ᠎ᠡ᠃

ᠮᠣᠩ᠋ᠭᠤᠯ ᠤᠯᠤᠰ ᠤᠨ ᠵᠠᠰᠠᠭ ᠤᠨ ᠭᠠᠵᠠᠷ ᠠ᠋ᠴᠠ ᠒᠐᠒᠓ ᠣᠨ ᠤ᠋ ᠐᠑ ᠳ᠋ᠤᢉᠡᠷ ᠰᠠᠷ᠎ᠠ ᠶ᠋ᠢᠨ ᠑᠘- ᠤ ᠡᠳᠦᠷ ᠡᠷᢉᠦᠨ ᠪᠠᠷᠢᠭᠰᠠᠨ ᠣᠯᠠᠨ ᠨᠡᠢᠢᠲᠡ ᠶ᠋ᠢᠨ ᠰᠦᠯᠵᠢᠶᠡᠨ ᠳ᠋ᠦ ᠬᠦᠮᠦᠨ ᠤ ᠡᠷᠬᠡ ᠶ᠋ᠢ ᠬᠠᠮᠠᠭᠠᠯᠠᠬᠤ ᠲᠤᠬᠠᠢ᠂ ᠬᠠᠷᠢᠯᠴᠠᠭ᠎ᠠ ᠬᠣᠯᠪᠤᠭᠠᠨ ᠤ᠋ ᠲᠤᠬᠠᠢ ᠬᠠᠤᠯᠢ ᠳ᠋ᠤ ᠨᠡᠮᠡᠯᠲᠡ᠂ ᠥᢉᠡᠷᠡᠴᠢᠯᠡᠯᠲᠡ ᠣᠷᠤᠭᠤᠯᠬᠤ ᠲᠤᠬᠠᠢ᠂ ᠻᠢᠪᠧᠷ ᠠᠶᠤᠯ ᠦᢉᠡᠢ ᠪᠠᠢᠢᠳᠠᠯ ᠤᠨ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠬᠦᠮᠦᠨ ᠤ ᠬᠤᠪᠢ ᠶ᠋ᠢᠨ ᠮᠡᠳᠡᢉᠡᠯᠡᠯ ᠬᠠᠮᠠᠭᠠᠯᠠᠬᠤ ᠲᠤᠬᠠᠢ ᠬᠠᠤᠯᠢ ᠳ᠋ᠤ ᠨᠡᠮᠡᠯᠲᠡ ᠣᠷᠤᠭᠤᠯᠬᠤ ᠲᠤᠬᠠᠢ᠂ ᠲᠠᠲᠠᠪᠤᠷᠢ ᠶ᠋ᠢᠨ ᠶᠡᠷᠦᠩᠬᠡᠢ ᠬᠠᠤᠯᠢ ᠳ᠋ᠤ ᠥᢉᠡᠷᠡᠴᠢᠯᠡᠯᠲᠡ ᠣᠷᠤᠭᠤᠯᠬᠤ ᠲᠤᠬᠠᠢ ᠬᠠᠤᠯᠢ ᠨᠤᠭᠤᠳ ᠢ᠋ ᠮᠣᠩ᠋ᠭᠣᠯ ᠤᠯᠤᠰ ᠤᠨ ᠶᠡᠬᠡ ᠬᠤᠷᠠᠯ ᠒᠐᠒᠓ ᠣᠨ ᠤ᠋ ᠐᠑ ᠳ᠋ᠤᢉᠡᠷ ᠰᠠᠷ᠎ᠠ ᠶ᠋ᠢᠨ ᠒᠐- ᠤ᠋ ᠡᠳᠦᠷ ᠡᠴᠦᠰᠯᠡᠨ ᠪᠠᠲᠤᠯᠠᠭᠰᠠᠨ᠃

ᠮᠣᠩ᠋ᠭᠣᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ ᠮᠣᠩ᠋ᠭᠤᠯ ᠤᠯᠤᠰ ᠤᠨ ᠦᠨᠳᠦᠰᠦᠨ ᠬᠠᠤᠯᠢ ᠶ᠋ᠢᠨ ᠭᠤᠴᠢᠨ ᠭᠤᠷᠪᠠᠳᠤᠭᠠᠷ ᠵᠦᠢᠯ ᠦ᠋ᠨ ᠑ ᠳ᠋ᠡᠬᠢ ᠬᠡᠰᠡᠭ ᠤᠨ ᠑᠂ ᠮᠣᠩ᠋ᠭᠣᠯ ᠤᠯᠤᠰ ᠤᠨ ᠶᠡᠷᠦᠩᠬᠡᠢᠢᠯᠡᢉᠴᠢ ᠶ᠋ᠢᠨ ᠲᠤᠬᠠᠢ ᠬᠠᠤᠯᠢ ᠶ᠋ᠢᠨ ᠑᠒ ᠳ᠋ᠤᠭᠠᠷ ᠵᠦᠢᠯ ᠦ᠋ᠨ ᠘ ᠳ᠋ᠠᠬᠢ ᠬᠡᠰᠡᠭ ᠢ ᠲᠤᠰ ᠲᠤᠰ ᠦᠨᠳᠦᠰᠦᠯᠡᠨ ᠳᠡᢉᠡᠷᠡᠬᠢ ᠬᠠᠤᠯᠢ ᠨᠤᠭᠤᠳ ᠲᠤ ᠪᠦᠬᠦᠯᠢ ᠳ᠋ᠦ ᠨᠢ ᠬᠣᠷᠢᠭ ᠲᠠᠯᠪᠢᠭᠰᠠᠨ ᠶᠤᠮ᠎᠃

ᠮᠣᠩ᠋ᠭᠣᠯ ᠤᠯᠤᠰ ᠤᠨ ᠶᠡᠬᠡ ᠬᠤᠷᠠᠯ ᠤᠨ ᠴᠢᠭᠤᠯᠭᠠᠨ ᠤ᠋ ᠬᠤᠷᠠᠯᠳᠤᠭᠠᠨ ᠤ᠋ ᠳᠢᠭ᠌ ᠤᠨ ᠲᠤᠬᠠᠢ ᠬᠠᠤᠯᠢ ᠶ᠋ᠢᠨ ᠔᠕ ᠳ᠋ᠤᠭᠠᠷ ᠵᠦᠢᠯ ᠦ᠋ᠨ ᠔᠕᠂᠕ ᠳ᠋ᠠᠬᠢ ᠬᠡᠰᠡᠭ ᠲᠦ “ᠡᠨᠡ ᠬᠠᠤᠯᠢ ᠶ᠋ᠢᠨ ᠔᠕᠂᠔᠆ ᠲᠦ ᠵᠢᠭᠠᠭᠰᠠᠨ ᠤ᠋ ᠳᠠᠭᠠᠭᠤ ᠢᠯᠡᢉᠡᢉᠰᠡᠨ ᠬᠠᠤᠯᠢ᠂ ᠲᠣᠭᠲᠠᠭᠠᠯ ᠢ᠋ ᠮᠣᠩ᠋ᠭᠣᠯ ᠤᠯᠤᠰ ᠤᠨ ᠶᠡᠷᠦᠩᠬᠡᠢᠢᠯᠡᢉᠴᠢ ᠶ᠋ᠢᠨ ᠲᠠᠮᠠᠭ᠎ᠠ ᠶ᠋ᠢᠨ ᠭᠠᠵᠠᠷ ᠬᠦᠯᠢᠶᠡᠵᠦ ᠠᠪᠤᠭᠰᠠᠨ ᠡᠳᠦᠷ ᠡᠴᠡ ᠬᠣᠢᠢᠰᠢ ᠠᠵᠢᠯ ᠤᠨ ᠕ ᠡᠳᠦᠷ ᠲᠦ ᠪᠠᠭᠲᠠᠭᠠᠨ ᠮᠣᠩ᠋ᠭᠣᠯ ᠤᠯᠤᠰ ᠤᠨ ᠶᠡᠷᠦᠩᠬᠡᠢᠢᠯᠡᢉᠴᠢ ᠲᠤᠬᠠᠢ ᠶ᠋ᠢᠨ ᠬᠠᠤᠯᠢ᠂ ᠲᠣᠭᠲᠠᠭᠠᠯ ᠢ᠋ ᠪᠦᠬᠦᠯᠢ ᠳ᠋ᠦ ᠨᠢ ᠪᠤᠶᠤ ᠲᠡᢉᠦᠨ ᠤ ᠵᠠᠷᠢᠮ ᠬᠡᠰᠡᠭ ᠲᠦ ᠬᠣᠷᠢᠭ ᠲᠠᠯᠪᠢᠬᠤ ᠡᠰᠡᠬᠦ ᠠᠰᠠᠭᠤᠳᠠᠯ ᠢ᠋ ᠰᠢᠢᠳᠪᠦᠷᠢᠯᠡᠨ᠎ᠡ ” ᢉᠡᠵᠦ ᠵᠢᠭᠠᠭᠰᠠᠨ᠃

ᠣᠯᠠᠨ ᠨᠡᠢᠢᠲᠡ ᠶ᠋ᠢᠨ ᠰᠦᠯᠵᠢᠶᠡᠨ ᠳ᠋ᠦ ᠬᠦᠮᠦᠨ ᠤ ᠡᠷᠬᠡ ᠶ᠋ᠢ ᠬᠠᠮᠠᠭᠠᠯᠠᠬᠤ ᠲᠤᠬᠠᠢ ᠪᠣᠯᠤᠨ ᠲᠡᢉᠦᠨ ᠢ᠋ ᠳᠠᠭᠠᠯᠳᠤᠨ ᠪᠠᠲᠤᠯᠠᠭᠰᠠᠨ ᠬᠠᠤᠯᠢ ᠨᠤᠭᠤᠳ ᠤᠨ ᠳᠠᠭᠠᠵᠤ ᠮᠥᠷᠳᠡᠬᠦ ᠬᠤᠭᠤᠴᠠᠭ᠎ᠠ ᠒᠐᠒᠓ ᠣᠨ ᠤ᠋ ᠐᠒ ᠳ᠋ᠤᠭᠠᠷ ᠰᠠᠷ᠎ᠠ ᠶ᠋ᠢᠨ ᠐᠑᠆ ᠤ ᠡᠳᠦᠷ ᠪᠠᠢᠢᠬᠤ ᠪᠠᠷ ᠬᠠᠤᠯᠢᠴᠢᠯᠠᠭᠰᠠᠨ ᠨᠢ ᠮᠣᠩ᠋ᠭᠤᠯ ᠤᠯᠤᠰ ᠤᠨ ᠦᠨᠳᠦᠰᠦᠨ ᠬᠠᠤᠯᠢ ᠶ᠋ᠢᠨ ᠪᠣᠯᠤᠨ ᠮᠣᠩ᠋ᠭᠣᠯ ᠤᠯᠤᠰ ᠤᠨ ᠶᠡᠬᠡ ᠬᠤᠷᠠᠯ ᠤᠨ ᠴᠢᠭᠤᠯᠭᠠᠨ ᠤ᠋ ᠬᠤᠷᠠᠯᠳᠤᠭᠠᠨ ᠤ᠋ ᠳᠢᠭ᠌ ᠤᠨ ᠲᠤᠬᠠᠢ ᠬᠠᠤᠯᠢ ᠶ᠋ᠢᠨ ᠬᠣᠯᠪᠤᠭᠳᠠᠬᠤ ᠬᠡᠰᠡᠭ ᠤᠳ ᠢ᠋ ᠵᠥᠷᠢᠴᠡᠵᠦ᠂ ᠮᠣᠩ᠋ᠭᠤᠯ ᠤᠯᠤᠰ ᠤᠨ ᠶᠡᠷᠦᠩᠬᠡᠢᠢᠯᠡᢉᠴᠢ ᠶ᠋ᠢᠨ ᠬᠣᠷᠢᠭ ᠲᠠᠯᠪᠢᠬᠤ ᠡᠷᠬᠡ ᠶ᠋ᠢ ᠬᠢᠵᠠᠭᠠᠷᠯᠠᠭᠰᠠᠨ ᠪᠠᠢᠢᠨ᠎ᠠ ” ᢉᠡᠵᠦ ᠦᠵᠡᢉᠰᠡᠨ ᠶᠤᠮ᠎᠃