Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᢉᠴᠢ ᠤ᠂ ᠬᠦᠷᠡᠯᠰᠦ᠋ᠬᠡ: ᠤᠰᠤᠨ ᠤ ᠨᠥᠭᠡᠴᠡ ᠶ᠋ᠢ ᠬᠠᠮᠠᠭᠠᠯᠠᠬᠤ᠂ ᠨᠥᠬᠦᠨ ᠰᠡᠷᠬᠦᠭᠡᠬᠦ ᠶ᠋ᠢᠨ ᠲᠥᠯᠦᠭᠡ ᠪᠦᠬᠦ ᠨᠡᠢᠢᠲᠡ ᠪᠡᠷ ᠢᠢᠡᠨ ᠬᠦᠴᠦᠨ ᠵᠢᠳᠬᠦᠴᠡᠭᠡᠶ ᠡ

ᠮᠣᠩ᠋ᠭᠤᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠤᠢᠬᠡ ᠶ᠋ᠢᠨ ᠰᠠᠨᠠᠭᠠᠴᠢᠯᠭ᠎ᠠ ᠪᠠᠷ ᠵᠣᠬᠢᠶᠠᠨ ᠪᠠᠢᠢᠭᠤᠯᠵᠤ ᠪᠤᠢ “ᠴᠡᠩᠬᠡᠷ ᠠᠯᠲᠠ” ᠤᠰᠤᠨ ᠤ᠋ ᠰᠠᠯᠪᠤᠷᠢ ᠶ᠋ᠢᠨ ᠦᠨᠳᠦᠰᠦᠨ ᠤ ᠴᠢᠭᠤᠯᠭᠠᠨ ᠻᠣᠷᠫᠤᠷᠧᠢᠢᠲ ᠻᠣᠨᠸᠧᠨᠰᠢᠨ ᠼᠧᠨᠲ᠋ᠷ ᠲᠦ ᠡᠬᠢᠯᠡᠯ᠎ᠡ᠃

ᠴᠢᠭᠤᠯᠭᠠᠨ ᠢᠢᠠᠷ “ᠤᠰᠤᠨ ᠤ᠋ ᠰᠠᠯᠪᠤᠷᠢ ᠶ᠋ᠢᠨ ᠲᠤᠯᠭᠠᠮᠳᠠᠭᠰᠠᠨ ᠠᠰᠠᠭᠤᠳᠠᠯ ᠤᠳ ”᠂ “ᠬᠥᠳᠡᠭᠡ ᠠᠵᠤ ᠠᠬᠤᠢ ᠶ᠋ᠢᠨ ᠤᠰᠤ ᠬᠠᠩ᠋ᠭᠠᠮᠵᠢ ᠶ᠋ᠢᠨ ᠪᠣᠳᠤᠯᠭ᠎ᠠ᠂ ᠫᠷᠠᠻᠲ᠋ᠢᠭ ᠰᠢᠢᠳᠦᠯ”᠂ “ᠤᠰᠤ ᠪᠠ ᠲᠣᠭᠲᠠᠪᠤᠷᠢ ᠲᠠᠢ ᠬᠥᢉᠵᠢᠯ”᠂ “ᠤᠯᠠᠭᠠᠨᠪᠠᠭᠠᠲᠤᠷ ᠬᠣᠲᠠ ᠶ᠋ᠢᠨ ᠤᠰᠤ ᠬᠠᠩ᠋ᠭᠠᠮᠵᠢ ᠶ᠋ᠢ ᠨᠡᠮᠡᢉᠳᠡᢉᠦᠯᠬᠦ ᠬᠥᠲᠦᠯᠪᠦᠷᠢ ᠶ᠋ᠢᠨ ᠶᠠᠪᠤᠴᠠ᠂ ᠠᠩᠬᠠᠷᠬᠤ ᠠᠰᠠᠭᠤᠳᠠᠯ”᠂ “ᠭᠣᠣᠯ᠂ ᠮᠥᠷᠡᠨ ᠤ ᠤᠷᠤᠰᠠᠴᠠ ᠪᠦᠷᠢᠯᠳᠦᠬᠦ ᠡᠬᠡ᠂ ᠤᠰᠤᠨ ᠤ᠋ ᠰᠠᠩ ᠪᠦᠬᠦᠢ ᠭᠠᠵᠠᠷ ᠤᠨ ᠬᠠᠮᠠᠭᠠᠯᠠᠯᠲᠠ ᠶ᠋ᠢᠨ ᠪᠦᠰᠡ᠂ ᠣᠢ ᠶ᠋ᠢᠨ ᠰᠠᠩ ᠪᠦᠬᠦᠢ ᠬᠠᠮᠠᠭᠠᠯᠠᠯᠲᠠ ᠪᠠ ᠠᠭᠤᠯᠠ ᠠᠭᠤᠷᠬᠠᠢ” ᠰᠡᠳᠦᠪ ᠢᠢᠡᠷ ᠢᠯᠡᠳᠬᠡᠯ ᠰᠣᠨᠤᠰᠴᠤ᠂ ᠬᠡᠯᠡᠯᠴᠡᠨ᠎ᠡ᠃

ᠦᠨᠳᠦᠰᠦᠨ ᠤ ᠴᠢᠭᠤᠯᠭᠠᠨ ᠢ᠋ ᠨᠡᠭᠡᠭᠡᠵᠦ ᠮᠣᠩ᠋ᠭᠣᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠤᠢᠬᠡ ᠶ᠋ᠢᠨ ᠬᠡᠯᠡᢉᠰᠡᠨ ᠦᠭᠡ ᠶ᠋ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ:

“ᠡᠷᠬᠢᠮ ᠬᠦᠨᠳᠦᠲᠦ ᠵᠣᠴᠢᠳ᠂ ᠲᠥᠯᠦᠭᠡᠯᠡᢉᠴᠢᠳ ᠡ ᠂

ᠡᠷᠬᠢᠮ ᠬᠦᠨᠳᠦᠲᠦ ᠡᠷᠳᠡᠮᠲᠡᠨ ᠰᠤᠳᠤᠯᠤᠭᠠᠴᠢᠳ ᠠ᠂

ᠭᠠᠳᠠᠭᠠᠳᠤ ᠶ᠋ᠢᠨ ᠣᠷᠤᠨ ᠨᠤᠭᠤᠳ ᠠ᠋ᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠤᠨ ᠶᠠᠮᠤᠨ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠵᠣᠴᠢᠳ ᠠ᠂

“ᠴᠡᠩᠬᠡᠷ ᠠᠯᠲᠠ” ᠤᠰᠤᠨ ᠤ᠋ ᠰᠠᠯᠪᠤᠷᠢ ᠶ᠋ᠢᠨ ᠦᠨᠳᠦᠰᠦᠨ ᠤ ᠴᠢᠭᠤᠯᠭᠠᠨ ᠳ᠋ᠤ ᠣᠷᠤᠯᠴᠠᠭᠴᠢ ᠡᠷᠬᠢᠮ ᠬᠦᠨᠳᠦᠲᠦ ᠡᠷᠳᠡᠮᠲᠡᠨ ᠰᠤᠳᠤᠯᠤᠭᠠᠴᠢ᠂ ᠰᠠᠯᠪᠤᠷᠢ ᠶ᠋ᠢᠨ ᠠᠵᠢᠯᠲᠠᠨ᠂ ᠠᠯᠪᠠᠨ ᠬᠠᠭᠠᠭᠴᠢᠳ ᠲᠠ ᠪᠦᠬᠦᠨ ᠳ᠋ᠦ ᠳᠡᠯᠡᠬᠡᠢ ᠶ᠋ᠢᠨ ᠤᠰᠤᠨ ᠤ᠋ ᠡᠳᠦᠷ ᠦ᠋ᠨ ᠮᠡᠨᠳᠦ ᠶ᠋ᠢ ᠡᠷᠭᠥᠨ ᠳᠡᠪᠰᠢᢉᠦᠯᠦᠶ᠎ᠡ᠃

᠑᠙᠙᠒ ᠣᠨ ᠤ᠋ ᠨᠢᢉᠡᠳᠦᢉᠰᠡᠨ ᠦᠨᠳᠦᠰᠦᠨ ᠤ ᠪᠠᠶᠢᠭᠤᠯᠤᠯᠭ᠎ᠠ ᠶ᠋ᠢᠨ ᠶᠡᠷᠦᠩᠬᠡᠢ ᠠᠰᠰᠧᠮᠪᠯᠧᠢ ᠶ᠋ᠢᠨ ᠲᠣᠭᠲᠠᠭᠠᠯ ᠤᠨ ᠳᠠᠭᠠᠭᠤ ᠵᠢᠯ ᠪᠦᠷᠢ ᠶ᠋ᠢᠨ ᠐᠓ ᠳ᠋ᠤᠭᠠᠷ ᠰᠠᠷ᠎ᠠ ᠶ᠋ᠢᠨ ᠒᠒- ᠤ ᠡᠳᠦᠷ ᠢ᠋ “ᠳᠡᠯᠡᠬᠡᠢ ᠶ᠋ᠢᠨ ᠤᠰᠤᠨ ᠤ᠋ ᠡᠳᠦᠷ” ᠪᠣᠯᠭᠠᠨ ᠵᠠᠷᠯᠠᠵᠤ᠂ ᠳᠡᠯᠡᠬᠡᠢ ᠨᠡᠢᠢᠲᠡ ᠪᠡᠷ ᠢᠢᠡᠨ ᠤᠯᠠᠮᠵᠢᠯᠠᠯ ᠪᠣᠯᠭᠠᠨ ᠲᠡᠮᠳᠡᢉᠯᠡᠵᠦ ᠢᠷᠡᢉᠰᠡᠨ᠃

ᠨᠢᢉᠡᠳᠦᢉᠰᠡᠨ ᠦᠨᠳᠦᠰᠦᠨ ᠤ ᠪᠠᠶᠢᠭᠤᠯᠤᠯᠭ᠎ᠠ ᠶ᠋ᠢᠨ ᠲᠠᠢᠢᠯᠤᠨ ᠳ᠋ᠤ ᠳᠤᠷᠠᠳᠤᠭᠰᠠᠨ ᠢᠢᠠᠷ ᠳᠡᠯᠡᠬᠡᠢ ᠶ᠋ᠢᠨ ᠨᠡᠢᠢᠲᠡ ᠤᠰᠤᠨ ᠤ᠋ ᠨᠥᠭᠡᠴᠡ ᠶ᠋ᠢᠨ ᠳᠥᠩᠭᠡᠵᠢ ᠒᠂᠕ ᠬᠤᠪᠢ ᠶ᠋ᠢ ᠴᠡᠩᠭᠡᢉ ᠤᠰᠤ ᠡᠵᠡᠯᠡᠳᠡᠭ ᠪᠥᠭᠡᠳ ᠳᠡᠯᠡᠬᠡᠢ ᠶ᠋ᠢᠨ ᠬᠣᠶᠠᠷ ᠲᠡᠷᠪᠤᠮ ᠪᠤᠶᠤ ᠳᠥᠷᠪᠡᠨ ᠬᠦᠮᠦᠨ ᠲᠤᠲᠤᠮ ᠤᠨ ᠨᠢᠭᠡ ᠨᠢ ᠪᠠᠲᠤᠯᠠᠭ᠎ᠠ ᠲᠠᠢ ᠤᠮᠳᠠᠨ ᠤ᠋ ᠤᠰᠤ ᠪᠠᠷ ᠬᠠᠩ᠋ᠭᠠᠭᠳᠠᠵᠤ ᠴᠢᠳᠠᠬᠤ ᠦᠭᠡᠢ ᠪᠠᠢᠢᠨ᠎ᠠ᠃

ᠮᠠᠨ ᠤ᠋ ᠣᠷᠤᠨ ᠳᠠᠯᠠᠢ᠂ ᠲᠡᠩᢉᠢᠰ ᠡᠴᠡ ᠠᠯᠤᠰᠯᠠᠭᠳᠠᠭᠰᠠᠨ᠂ ᠳᠡᠯᠡᠬᠡᠢ ᠶ᠋ᠢᠨ ᠳᠤᠨᠳᠠᠵᠢ ᠠ᠋ᠴᠠ ᠓᠆ ᠔ ᠳᠠᠬᠢᠨ ᠪᠠᠭ᠎ᠠ ᠬᠤᠷ᠎ᠠ ᠲᠤᠨᠳᠠᠰᠤ ᠣᠷᠤᠳᠠᠭ᠂ ᠲᠠᠷᠬᠠᠯᠲᠠ ᠨᠢ ᠵᠢᢉᠳᠡ ᠪᠤᠰᠤ᠂ ᠤᠰᠤᠨ ᠤ᠋ ᠨᠥᠭᠡᠴᠡ ᠪᠠᠭᠠᠲᠠᠢ ᠤᠯᠤᠰ ᠤᠨ ᠨᠢᠭᠡ ᠶᠤᠮ᠎᠃

ᠠᠭᠤᠷ ᠠᠮᠢᠰᠬᠤᠯ ᠤᠨ ᠥᠭᠡᠷᠡᠴᠢᠯᠡᠯᠲᠡ᠂ ᠬᠣᠲᠠᠵᠢᠯᠲᠠ᠂ ᠠᠭᠤᠯᠠ ᠠᠭᠤᠷᠬᠠᠢ᠂ ᠦᠢᠯᠡᠳᠪᠦᠷᠢᠵᠢᠯᠲᠡ᠂ ᠬᠦᠮᠦᠨ ᠤ ᠵᠣᠬᠢᠰ ᠦᠭᠡᠢ ᠦᠢᠯᠡ ᠠᠵᠢᠯᠯᠠᠭᠠᠨ ᠤ᠋ ᠤᠯᠠᠮ ᠠ᠋ᠴᠠ ᠨᠡᠢᠢᠲᠡ ᠨᠤᠲᠤᠭ ᠳᠡᠪᠢᠰᠬᠡᠷ ᠦ᠋ᠨ ᠗᠗ ᠣᠷᠴᠢᠮ ᠬᠤᠪᠢ ᠨᠢ ᠴᠥᠯᠵᠢᠨ ᠳᠣᠷᠤᠢᠢᠲᠠᠵᠤ᠂ ᠣᠯᠠᠨ ᠭᠣᠣᠯ ᠭᠣᠷᠤᠬ᠎ᠠ᠂ ᠨᠠᠭᠤᠷ ᠴᠥᢉᠦᠷᠦᠮ᠂ ᠪᠤᠯᠠᠭ ᠱᠠᠩᠳᠠ ᠰᠢᠷᢉᠢᢉᠰᠡᠭᠡᠷ ᠪᠤᠢ ᠶ᠋ᠢ ᠣᠯᠠᠨ ᠰᠤᠳᠤᠯᠭᠠᠨ ᠤ᠋ ᠳ᠋ᠦᠩ ᠡᠴᠡ ᠬᠠᠷᠠᠵᠤ ᠪᠣᠯᠤᠨ᠎ᠠ᠃

ᠮᠣᠩ᠋ᠭᠤᠯ ᠤᠯᠤᠰ ᠤᠨ ᠶᠡᠷᠦᠩᠬᠡᠢ ᠰᠠᠢᠢᠳ ᠤᠨ ᠬᠤᠪᠢ ᠪᠠᠷ ᠒᠐᠑᠘ ᠣᠨ ᠳ᠋ᠤ ᠠᠮᠧᠷᠢᠺᠠ ᠢᠢᠨ ᠨᠢᠭᠡᠳᠦᠭᠰᠡᠨ ᠤᠯᠤᠰ ᠲᠤ ᠠᠢᠢᠯᠴᠢᠯᠠᠬᠤ ᠳ᠋ᠠᠭᠠᠨ ᠮᠢᠩ᠋ᠭᠠᠨ ᠤ᠋ ᠰᠣᠷᠢᠯᠲᠠ ᠶ᠋ᠢᠨ ᠻᠣᠷᠫᠤᠷᠠᠼᠢ ᠲᠠᠢ ᠪᠠᠢᠢᠭᠤᠯᠤᠭᠰᠠᠨ ᠬᠣᠶᠠᠷ ᠳ᠋ᠠᠬᠢ ᠻᠣᠮᠫᠠᠻᠲ ᠭᠡᠷ᠎ᠡ ᠳ᠋ᠦ ᠭᠠᠷ ᠤᠨ ᠦᠰᠦᠭ ᠵᠢᠷᠤᠭᠰᠠᠨ ᠢᠢᠠᠷ ᠤᠯᠤᠰ ᠲᠤ ᠪᠠᠨ ᠠᠩᠬ᠎ᠠ ᠤᠳᠠᠭ᠎ᠠ ᠤᠰᠤ ᠳᠠᠬᠢᠨ ᠪᠣᠯᠪᠠᠰᠤᠷᠠᠭᠤᠯᠬᠤ ᠦᠢᠯᠡᠳᠪᠦᠷᠢ ᠪᠠᠢᠢᠭᠤᠯᠬᠤ᠂ ᠤᠯᠠᠭᠠᠨᠪᠠᠭᠠᠲᠤᠷ ᠬᠣᠲᠠ ᠶ᠋ᠢᠨ ᠤᠰᠤᠨ ᠬᠠᠩ᠋ᠭᠠᠮᠵᠢ ᠶ᠋ᠢ ᠨᠡᠮᠡᢉᠳᠡᢉᠦᠯᠬᠦ᠂ ᠬᠣᠲᠠ ᠶ᠋ᠢᠨ ᠬᠡᠷᠡᢉᠯᠡᠭᠡᠨ ᠤ ᠤᠰᠤᠨ ᠤ᠋ ᠨᠥᠭᠡᠴᠡ ᠶ᠋ᠢ ᠬᠡᠮᠨᠡᠬᠦ ᠴᠣᠭᠴᠠ ᠬᠥᠲᠦᠯᠪᠦᠷᠢ ᠶ᠋ᠢ ᠡᠬᠢᠯᠡᢉᠦᠯᠵᠦ ᠪᠠᠢᠢᠭᠰᠠᠨ ᠪᠢᠯᠡ᠃ ᠡᠨᠡ ᠲᠠᠰᠢᠷᠠᠮ ᠳ᠋ᠤ᠂ ᠠᠮᠧᠷᠢᠺᠠ ᠢᠢᠨ ᠨᠢᠭᠡᠳᠦᠭᠰᠡᠨ ᠤᠯᠤᠰ ᠂ ᠠᠷᠠᠳ ᠲᠦᠮᠡᠨ ᠪᠣᠯᠤᠨ ᠠᠮᠧᠷᠢᠺᠠ ᠢᠢᠨ ᠨᠢᠭᠡᠳᠦᠭᠰᠡᠨ ᠤᠯᠤᠰ ᠡᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲᠠᠨ ᠳ᠋ᠤ ᠲᠠᠯᠠᠷᠬᠠᠯ ᠢᠯᠡᠷᠬᠡᠢᠢᠯᠡᠶ᠎ᠡ᠃

ᠥᠨᠦᠳᠦᠷ ᠡᠨᠡ ᠬᠥᠲᠦᠯᠪᠦᠷᠢ ᠶ᠋ᠢᠨ ᠬᠦᠷᠢᠶᠡᠨ ᠳ᠋ᠦ ᠤᠰᠤ ᢉᠦᠨ ᠴᠡᠪᠡᠷᠰᠢᢉᠦᠯᠬᠦ ᠪᠣᠯᠤᠨ ᠬᠠᠶᠠᠭᠳᠠᠯ ᠤᠰᠤ ᠳᠠᠬᠢᠨ ᠪᠣᠯᠪᠠᠰᠤᠷᠠᠭᠤᠯᠬᠤ ᠦᠢᠯᠡᠳᠪᠦᠷᠢ ᠶ᠋ᠢᠨ ᠪᠦᠲᠦᠭᠡᠨ ᠪᠠᠢᠢᠭᠤᠯᠤᠯᠲᠠ ᠶ᠋ᠢᠨ ᠠᠵᠢᠯ ᠢᠳᠡ ᠥᠷᠨᠢᠵᠦ ᠪᠠᠢᠢᠨ᠎ᠠ᠃

ᠮᠣᠩ᠋ᠭᠣᠯ ᠤᠯᠤᠰ ᠤᠨ ᠴᠡᠩᠭᠡᢉ ᠤᠰᠤᠨ ᠤ᠋ ᠨᠥᠭᠡᠴᠡ ᠶ᠋ᠢᠨ ᠗᠕ ᠣᠷᠴᠢᠮ ᠬᠤᠪᠢ ᠶ᠋ᠢ ᠪᠦᠷᠢᠳᠦᢉᠦᠯᠳᠡᠭ ᠬᠥᠪᠰᠦᢉᠦᠯ ᠨᠠᠭᠤᠷ ᠢᠢᠠᠨ ᠬᠠᠮᠠᠭᠠᠯᠠᠬᠤ᠂ ᠤᠰᠤ ᠪᠣᠬᠢᠷᠳᠠᠭᠤᠯᠬᠤ ᠡᠷᠦᠰᠳᠡᠯ ᠡᢉᠦᠰᠬᠡᠵᠦ ᠪᠤᠢ ᠵᠢᠪᠪᠦᢉᠰᠡᠨ ᠤᠰᠤᠨ ᠣᠩ᠋ᠭᠤᠴᠠ᠂ ᠮᠠᠱᠢᠨ ᠲᠧᠭᠨᠢᠭ ᠢ ᠲᠠᠲᠠᠨ ᠭᠠᠷᠭᠠᠵᠤ ᠡᠬᠢᠯᠡᢉᠰᠡᠨ ᠪᠥᠭᠡᠳ ᠒᠐᠒᠔ ᠣᠨ ᠭᠡᠬᠦ ᠳ᠋ᠦ ᠪᠦᠷᠢᠨ ᠳᠠᠭᠤᠰᠬᠠᠨ᠎ᠠ᠃

ᠮᠥᠨ ᠬᠥᠪᠰᠦᢉᠦᠯ ᠨᠠᠭᠤᠷ ᠤᠨ ᠡᠻᠣᠰᠢᠰᠲ᠋ᠧᠮ ᠢ᠋ ᠪᠦᠬᠦᠯᠢ ᠳ᠋ᠦ ᠨᠢ ᠬᠠᠮᠠᠭᠠᠯᠠᠬᠤ᠂ ᠲᠣᠭᠲᠠᠪᠤᠷᠢ ᠲᠠᠢ ᠠᠶᠠᠯᠠᠯ ᠵᠢᠭᠤᠯᠴᠢᠯᠠᠯ ᠢ᠋ ᠬᠥᢉᠵᠢᢉᠦᠯᠬᠦ᠂ ᠨᠠᠭᠤᠷ ᠤᠨ ᠤᠰᠤᠨ ᠤ᠋ ᠪᠣᠬᠢᠷᠳᠠᠯ᠂ ᠴᠢᠨᠠᠷ ᠤᠨ ᠬᠢᠨᠠᠯᠲᠠ ᠶ᠋ᠢᠨ ᠲᠣᠭᠲᠠᠯᠴᠠᠭ᠎ᠠ ᠶ᠋ᠢ ᠣᠯᠠᠨ ᠤᠯᠤᠰ ᠤᠨ ᠵᠢᠱᠢᠭ ᠤᠨ ᠳᠠᠭᠠᠭᠤ ᠲᠣᠭᠲᠠᠮᠠᠯᠵᠢᠭᠤᠯᠬᠤ ᠠᠵᠢᠯ ᠤᠳ ᠢ᠋ ᠬᠢᠵᠦ ᠪᠠᠢᠢᠨ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ ᠳ᠋ᠦ ᠡᠮᠵᠡᠭ᠂ ᠲᠠᠯ᠎ᠠ᠂ ᠬᠡᠭᠡᠷ᠎ᠡ ᠶ᠋ᠢᠨ ᠪᠦᠰᠡ ᠨᠤᠲᠤᠭ ᠢᠢᠠᠷ ᠤᠷᠤᠰᠤᠨ ᠥᠩᠭᠡᠷᠡᠵᠦ᠂ ᠬᠦᠮᠦᠨ᠂ ᠮᠠᠯ ᠤᠨ ᠤᠮᠳᠠᠨ ᠤ᠋ ᠡᠬᠢ ᠡᢉᠦᠰᠪᠦᠷᠢ ᠪᠣᠯᠵᠤ᠂ ᠣᠯᠠᠨ ᠠᠢᠢᠮᠠᠭ ᠤᠨ ᠨᠤᠲᠤᠭ ᠳᠡᠪᠢᠰᠬᠡᠷ ᠢ᠋ ᠳᠠᠮᠵᠢᠨ ᠤᠷᠤᠰᠳᠠᠭ ᠣᠷᠬᠤᠨ᠂ ᠬᠡᠷᠦᠯᠡᠨ ᠭᠣᠣᠯ ᠢ᠋ ᠬᠠᠮᠠᠭᠠᠯᠠᠬᠤ ᠠᠵᠢᠯ ᠢ᠋ ᠡᠬᠢᠯᠡᢉᠦᠯᠵᠦ᠂ ᠰᠠᠪᠠ ᠭᠠᠵᠠᠷ ᠤᠨ ᠬᠡᠮᠵᠢᠶᠡᠨ ᠳ᠋ᠦ ᠭᠣᠣᠯ ᠤᠨ ᠬᠠᠮᠠᠭᠠᠯᠠᠯ ᠤᠨ ᠵᠢᠱᠢᠭ ᠵᠠᠭᠪᠤᠷ ᠪᠤᠢ ᠪᠣᠯᠭᠠᠬᠤ ᠪᠠᠷ ᠠᠵᠢᠯᠯᠠᠵᠤ ᠪᠠᠢᠢᠨ᠎ᠠ᠃ ᠡᠨᠡ ᠠᠵᠢᠯ ᠦᠷ᠎ᠡ ᠳ᠋ᠦᠩ ᠳ᠋ᠦ ᠬᠦᠷᠦᠨ᠎ᠡ ᠭᠡᠳᠡᠭ ᠲᠦ ᠢᠲᠡᠭᠡᠯ ᠲᠡᠢ ᠪᠠᠢᠢᠨ᠎ᠠ᠃

“ᠠᠮᠢᠳᠤᠷᠠᠯ ᠤᠨ ᠡᠬᠢ ᠤᠰᠤ᠂ ᠤᠰᠤᠨ ᠤ᠋ ᠡᠬᠢ ᠮᠣᠳᠤ” ᠭᠡᠵᠦ ᠮᠠᠨ ᠤ᠋ ᠠᠷᠠᠳ ᠲᠦᠮᠡᠨ ᠶᠠᠷᠢᠳᠠᠭ᠃

ᠲᠡᠢᠢᠮᠦ ᠡᠴᠡ ᠮᠣᠩ᠋ᠭᠤᠯ ᠤᠯᠤᠰ ᠤᠨ ᠶᠡᠷᠦᠩᠬᠡᠢᠢᠯᠡᢉᠴᠢ “ᠲᠡᠷᠪᠤᠮ ᠮᠣᠳᠤ” ᠦᠨᠳᠦᠰᠦᠨ ᠤ ᠬᠥᠳᠡᠯᠭᠡᠭᠡᠨ ᠢ᠋ ᠰᠠᠨᠠᠭᠠᠴᠢᠯᠠᠨ ᠣᠷᠤᠨ ᠳᠠᠶᠠᠭᠠᠷ ᠥᠷᠨᠢᢉᠦᠯᠵᠦ ᠪᠠᠢᠢᠭ᠎ᠠ ᠶ᠋ᠢᠨ ᠲᠣᠮᠤᠬᠠᠨ ᠵᠣᠷᠢᠯᠭ᠎ᠠ ᠨᠢ ᠣᠢ᠂ ᠤᠰᠤᠨ ᠤ᠋ ᠨᠥᠭᠡᠴᠡ ᠶ᠋ᠢ ᠬᠠᠮᠠᠭᠠᠯᠠᠵᠤ᠂ ᠨᠡᠮᠡᢉᠳᠡᢉᠦᠯᠬᠦ ᠶᠤᠮ᠎᠃

ᠦᠨᠳᠦᠰᠦᠨ ᠤ ᠬᠥᠳᠡᠯᠭᠡᠭᠡᠨ ᠬᠡᠷᠡᢉᠵᠢᠵᠦ ᠡᠬᠢᠯᠡᢉᠰᠡᠨ ᠡᠴᠡ ᠬᠣᠢᠢᠰᠢ ᠑᠐ ᠰᠠᠶ᠎ᠠ ᠮᠣᠳᠤ ᠲᠠᠷᠢᠵᠤ᠂ ᠮᠣᠳᠤ᠂ ᠰᠥᠭᠡᠭ ᠤᠨ ᠦᠷ᠎ᠡ ᠶ᠋ᠢᠨ ᠨᠥᠭᠡᠴᠡ ᠑᠓ ᠣᠷᠴᠢᠮ ᠲᠤᠨᠨ‍ ᠳ᠋ᠤ ᠬᠦᠷᠴᠦ᠂ ᠲᠠᠷᠢᠴᠠ᠂ ᠰᠠᠭᠤᠯᠭᠠᠴᠠ ᠶ᠋ᠢᠨ ᠨᠥᠭᠡᠴᠡ ᠕᠑ ᠰᠠᠶ᠎ᠠ ᠳ᠋ᠤ ᠬᠦᠷᠦᠯ᠎ᠡ᠃ ᠡᠨᠡ ᠨᠢ ᠡᠮᠦᠨᠡᠬᠢ ᠣᠨ ᠲᠠᠢ ᠬᠠᠷᠢᠴᠠᠭᠤᠯᠬᠤ ᠳ᠋ᠤ ᠒᠐ ᠣᠷᠴᠢᠮ ᠬᠤᠪᠢ ᠪᠠᠷ ᠨᠡᠮᠡᢉᠳᠡᢉᠰᠡᠨ ᠭᠡᠰᠡᠨ ᠦᠭᠡ ᠶᠤᠮ᠎᠃

ᠮᠥᠨ ᠣᠢ ᠶ᠋ᠢᠨ ᠰᠠᠯᠪᠤᠷᠢ ᠶ᠋ᠢᠨ ᠰᠢᠨᠡᠴᠢᠯᠡᠯ᠂ ᠡᠷᠬᠡ ᠵᠦᠢ ᠶ᠋ᠢᠨ ᠣᠷᠴᠢᠨ ᠢ᠋ ᠪᠣᠯᠪᠠᠰᠤᠷᠠᠩ᠋ᠭᠤᠢ ᠪᠣᠯᠭᠠᠬᠤ᠂ ᠰᠠᠯᠪᠤᠷᠢ ᠶ᠋ᠢᠨ ᠦᠢᠯᠡ ᠠᠵᠢᠯᠯᠠᠭ᠎ᠠ ᠶ᠋ᠢ ᠤᠳᠤᠷᠢᠳᠤᠨ ᠬᠡᠷᠡᢉᠵᠢᢉᠦᠯᠬᠦ ᠴᠢᢉᠯᠡᠯ ᠪᠦᠬᠦᠢ ᠣᠢ ᠶ᠋ᠢᠨ ᠭᠠᠵᠠᠷ ᠠᠵᠢᠯᠯᠠᠵᠤ ᠪᠠᠢᠢᠨ᠎ᠠ᠃
ᠪᠢᠳᠡ “ᠤᠰᠤ ᠴᠢᠨᠳᠠᠮᠠᠨᠢ ᠡᠷᠳᠡᠨᠢ” ᠬᠡᠮᠡᠨ ᠰᠢᠲᠦᠵᠦ᠂ ᠭᠣᠣᠯ ᠮᠥᠷᠡᠨ᠂ ᠭᠣᠷᠤᠬ᠎ᠠ᠂ ᠪᠤᠯᠠᠭ ᠤᠨ ᠢᠢᠠᠨ ᠡᠬᠢ ᠶ᠋ᠢ ᠬᠠᠮᠠᠭᠠᠯᠠᠵᠤ᠂ ᠤᠰᠤᠨ ᠤ᠋ ᠨᠥᠭᠡᠴᠡ ᠪᠡᠨ ᠬᠠᠢᠢᠷᠠᠯᠠᠨ ᠬᠠᠮᠠᠭᠠᠯᠠᠵᠤ ᠢᠷᠡᢉᠰᠡᠨ ᠰᠠᠢᠢᠬᠠᠨ ᠤᠯᠠᠮᠵᠢᠯᠠᠯ ᠲᠠᠢ ᠪᠢᠯᠡ᠃

ᠡᠢᠢᠮᠦ ᠡᠴᠡ ᠒᠐᠓᠐ ᠣᠨ ᠬᠦᠷᠲᠡᠯ᠎ᠡ ᠤᠰᠤᠨ ᠤ᠋ ᠨᠥᠭᠡᠴᠡ ᠶ᠋ᠢ ᠪᠣᠬᠢᠷᠳᠠᠵᠤ᠂ ᠬᠣᠮᠰᠠᠳᠠᠬᠤ ᠠ᠋ᠴᠠ ᠬᠠᠮᠠᠭᠠᠯᠠᠬᠤ᠂ ᠮᠡᠷᠭᠡᠵᠢᠯ ᠦ᠋ᠨ ᠪᠣᠯᠪᠠᠰᠤᠨ ᠬᠦᠴᠦᠨ ᠪᠡᠯᠡᠳᠬᠡᠬᠦ᠂ ᠤᠰᠤᠨ ᠤ᠋ ᠦᠨ᠎ᠡ ᠴᠡᠨ᠎ᠡ ᠢᠢ᠋ ᠨᠡᠮᠡᢉᠳᠡᢉᠦᠯᠬᠦ᠂ ᠤᠰᠤᠨ ᠤ᠋ ᠵᠣᠬᠢᠰᠲᠠᠢ᠂ ᠬᠡᠮᠨᠡᠯᠲᠡ ᠲᠡᠢ ᠬᠡᠷᠡᢉᠯᠡᠭᠡᠨ ᠤ ᠰᠣᠶᠤᠯ᠂ ᠳᠠᠳᠤᠯ ᠢ᠋ ᠲᠥᠯᠦᠪᠰᠢᢉᠦᠯᠬᠦ ᠳ᠋ᠦ ᠴᠢᢉᠯᠡᢉᠰᠡᠨ ᠲᠣᠳᠤᠷᠬᠠᠢ᠂ ᠦᠷ᠎ᠡ ᠳ᠋ᠦᠩ ᠲᠡᠢ ᠠᠷᠭ᠎ᠠ ᠬᠡᠮᠵᠢᠶ᠎ᠡ ᠶ᠋ᠢ ᠦᠶ᠎ᠡ ᠱᠠᠲᠤ ᠲᠠᠢ ᠬᠡᠷᠡᢉᠵᠢᢉᠦᠯᠵᠦ᠂ ᠤᠰᠤᠨ ᠤ᠋ ᠨᠥᠭᠡᠴᠡ ᠬᠠᠮᠠᠭᠠᠯᠠᠬᠤ᠂ ᠨᠥᠬᠦᠨ ᠰᠡᠷᢉᠦᠭᠡᠬᠦ ᠳ᠋ᠦ ᠪᠦᠬᠦ ᠨᠡᠢᠢᠲᠡ ᠪᠡᠷ ᠢᠢᠡᠨ ᠠᠩᠬᠠᠷᠴᠤ ᠠᠵᠢᠯᠯᠠᠬᠤ ᠶ᠋ᠢ ᠤᠷᠢᠶᠠᠯᠠᠵᠤ ᠪᠠᠢᠢᠨ᠎ᠠ᠃

ᠤᠰᠤᠨ ᠤ᠋ ᠰᠠᠯᠪᠤᠷᠢ ᠶ᠋ᠢᠨ ᠪᠣᠳᠤᠯᠭ᠎ᠠ᠂ ᠵᠣᠷᠢᠯᠲᠠ᠂ ᠬᠥᠲᠦᠯᠪᠦᠷᠢ ᠨᠦᢉᠦᠳ ᠢ᠋ ᠠᠮᠵᠢᠯᠲᠠᠲᠠᠢ ᠬᠡᠷᠡᢉᠵᠢᢉᠦᠯᠬᠦ ᠳ᠋ᠦ ᠰᠠᠯᠪᠤᠷᠢ ᠶ᠋ᠢᠨ ᠬᠠᠮᠲᠤ ᠣᠯᠠᠨ᠂ ᠲᠠ ᠪᠦᠬᠦᠨ ᠤ ᠰᠠᠨᠠᠯ᠂ ᠰᠠᠨᠠᠭᠠᠴᠢᠯᠠᠭ᠎ᠠ᠂ ᠬᠠᠮᠲᠤ ᠶ᠋ᠢᠨ ᠠᠵᠢᠯᠯᠠᠭ᠎ᠠ᠂ ᠬᠠᠷᠢᠯᠴᠠᠨ ᠣᠢᠢᠯᠠᠭᠠᠯᠴᠠᠯ᠂ ᠬᠢᠴᠢᠶᠡᠯ ᠵᠢᠳᠬᠦᠯ ᠬᠠᠮᠤᠭ ᠤᠨ ᠴᠢᠬᠤᠯᠠ ᠭᠡᠳᠡᠭ ᠢ ᠲᠡᠮᠳᠡᢉᠯᠡᠵᠦ ᠪᠠᠢᠢᠨ᠎ᠠ᠃

ᠰᠠᠢᠢᠬᠠᠨ ᠡᠬᠡ ᠣᠷᠤᠨ ᠤ᠋ ᠪᠠᠨ ᠪᠠᠢᠢᠭᠠᠯᠢ ᠣᠷᠴᠢᠨ᠂ ᠡᠻᠤᠰᠢᠰᠲ᠋ᠧᠮ ᠦ᠋ᠨ ᠲᠡᠩᠴᠡᠪᠦᠷᠢᠲᠦ ᠪᠠᠢᠢᠳᠠᠯ ᠢ᠋ ᠬᠠᠩ᠋ᠭᠠᠬᠤ᠂ ᠲᠣᠭᠲᠠᠪᠤᠷᠢ ᠲᠠᠢ ᠬᠥᢉᠵᠢᠯ ᠦ᠋ᠨ ᠵᠣᠷᠢᠯᠲᠠ ᠨᠤᠭᠤᠳ ᠢ᠋ ᠬᠠᠩ᠋ᠭᠠᠨ ᠬᠡᠷᠡᢉᠵᠢᢉᠦᠯᠬᠦ᠂ ᠤᠯᠠᠮ ᠢᠢᠠᠷ ᠦᠨᠳᠦᠰᠦᠨ ᠤ ᠠᠶᠤᠯ ᠦᠭᠡᠢ ᠪᠠᠢᠢᠳᠠᠯ ᠢᠢᠠᠨ ᠪᠠᠲᠤᠳᠬᠠᠨ ᠪᠡᠬᠢᠵᠢᢉᠦᠯᠬᠦ᠂ ᠤᠰᠤᠨ ᠤ᠋ ᠭᠠᠴᠢᠭᠳᠠᠯ ᠦᠭᠡᠢ᠂ ᠠᠭᠤᠷ ᠠᠮᠢᠰᠬᠤᠯ ᠤᠨ ᠥᠭᠡᠷᠡᠴᠢᠯᠡᠯᠲᠡ ᠳ᠋ᠦ ᠳᠠᠰᠤᠨ ᠵᠣᠬᠢᠴᠠᠬᠤ ᠵᠣᠷᠢᠯᠲᠠ ᠶ᠋ᠢᠨ ᠲᠥᠯᠦᠭᠡ ᠲᠥᠷᠦ᠂ ᠵᠠᠰᠠᠭ᠂ ᠠᠷᠠᠳ ᠲᠦᠮᠡᠨ ᠢᠢᠡᠷ ᠢᠢᠡᠨ ᠨᠢᠭᠡᠨ ᠰᠡᠳᠬᠢᠯ ᠢᠢᠡᠷ ᠬᠠᠮᠲᠤᠷᠠᠨ ᠵᠢᠳᠬᠦᠴᠡᠭᠡᠶ᠎ᠡ᠃

ᠠᠭᠤᠳᠠᠮ ᠮᠣᠩ᠋ᠭᠣᠯ ᠣᠷᠤᠨ ᠤ᠋ ᠮᠢᠨᠢ ᠤᠰᠤ ᠨᠢ ᠲᠤᠩ᠋ᠭᠠᠯᠠᠭ᠂ ᠤᠷᠤᠰᠬᠠᠯ ᠨᠢ ᠠᠷᠪᠢᠨ ᠪᠠᠢᠢᠬᠤ ᠶ᠋ᠢᠨ ᠥᠯᠵᠡᠢᠢᠲᠡᠢ ᠰᠠᠢᠢᠬᠠᠨ ᠢᠷᠦᠭᠡᠯ ᠢ᠋ ᠡᠷᠭᠦᠨ ᠳᠡᠪᠰᠢᢉᠦᠯᠦᠶ᠎ᠡ᠃

ᠮᠥᠩᠬᠡ ᠲᠩᠷᠢ ᠶ᠋ᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ” ᠭᠡᠯ᠎ᠡ᠃