Та "Internet explorer"-ийн сүүлийн хувилбар болох "Microsoft edge"-г ашиглана уу

Хэрэв "Microsoft edge"-г татах бол энд дарж татаж авна уу

ᠡᠯᠴᠢᠨ ᠰᠠᠢᠢᠳ ᠨᠠᠷ ᠢᠲᠡᠭᠡᠮᠵᠢᠯᠡᠬᠦ ᠵᠢᠭᠤᠬᠤ ᠪᠢᠴᠢᠭ ᠢᠢᠡᠨ ᠡᠷᠭᠦᠡᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ ᠳ᠋ᠦ ᠪᠦᢉᠦᠳᠡ ᠨᠠᠢᠢᠷᠠᠮᠳᠠᠬᠤ ᠢᠰᠯᠠᠨᠳ᠋ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲᠣᠷᠢᠷ ᠢᠪᠰᠧᠨ᠂ ᠪᠦᢉᠦᠳᠡ ᠨᠠᠢᠢᠷᠠᠮᠳᠠᠬᠤ ᠧᠰᠲ᠋ᠤᠨᠢ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠾᠠᠨ᠋ᠨᠧᠰ ᠾᠠᠨᠰᠣ‍᠂ ᠪᠦᢉᠦᠳᠡ ᠨᠠᠢᠢᠷᠠᠮᠳᠠᠬᠤ ᠡᠯᠢ ᠰᠠᠯᠢᠸᠠᠳᠠᠷ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠯᠳ᠋ᠣᠨᠣᠸ ᠹᠷᠠᠨ᠋ᠻᠧᠻᠣ ᠠᠯᠢᠸᠠᠷᠧᠽ᠂ ᠪᠠᠾᠷᠧᠢᠢᠨ ᠤ᠋ ᠬᠠᠭᠠᠨᠲᠤ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠤᠾᠠᠮᠮᠠᠳ᠋ ᠾᠠᠰᠰᠠᠨ ᠮᠤᠾᠠᠮᠮᠠᠳ᠋ ᠠᠳ᠋ᠨᠠᠨ ᠰᠧᠢᠢᠬᠦ᠂ ᠳᠠᠨᠢ ᠶ᠋ᠢᠨ ᠬᠠᠭᠠᠨᠲᠤ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲᠣᠮᠠᠰ ᠥᠰᠲ᠋ᠷᠢᠫ ᠮᠥᠯᠯᠧᠷ ᠨᠠᠷ ᠢᠲᠡᠭᠡᠮᠵᠢᠯᠡᠬᠦ ᠵᠢᠭᠤᠬᠤ ᠪᠢᠴᠢᠭ᠌ ᠢᠢᠡᠨ ᠡᠷᠭᠦᠨ ᠪᠠᠷᠢᠪᠠ᠃

ᠡᢉᠦᠷᠭᠡᠲᠦ ᠠᠵᠢᠯ ᠳ᠋ᠤ ᠪᠠᠨ ᠣᠷᠤᠵᠤ ᠪᠠᠢᠢᠭ᠎ᠠ ᠳ᠋ᠤ ᠨᠢ ᠮᠣᠩ᠋ᠭᠣᠯ ᠤᠯᠤᠰ ᠤᠨ ᠶᠡᠷᠦᠩᠬᠡᠢᠢᠯᠡᢉᠴᠢ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠪᠡ᠃

ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶ᠋ᠢ ᠥᠷᠭᠡᠵᠢᢉᠦᠯᠦᠨ ᠬᠥᢉᠵᠢᢉᠦᠯᠬᠦ ᠳ᠋ᠦ ᠡᠯᠴᠢᠨ ᠰᠠᠢᠢᠳ ᠨᠠᠷ ᠬᠦᠴᠦᠨ ᠴᠢᠷᠮᠠᠢᠢᠯᠲᠠ ᠭᠠᠷᠭᠠᠨ᠎ᠠ ᠭᠡᠳᠡᠭ ᠲᠦ ᠢᠲᠡᠭᠡᠵᠦ ᠪᠤᠢ ᠪᠠᠨ ᠢᠯᠡᠷᠬᠡᠢᠢᠯᠡᠵᠦ᠂ ᠣᠯᠠᠨ ᠤᠯᠤᠰ ᠤᠨ ᠬᠠᠮᠲᠤ ᠶ᠋ᠢᠨ ᠨᠡᠢᠢᠭᠡᠮᠯᠢᠭ᠌᠂ ᠨᠢᠭᠡᠳᠦᠭᠰᠡᠨ ᠥᠨᠳᠥᠰᠥᠨ ᠤ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠶ᠋ᠢᠨ ᠬᠦᠷᠢᠶᠡᠨ ᠳ᠋ᠦ ᠬᠠᠷᠢᠯᠴᠠᠭ᠎ᠠ ᠶ᠋ᠢ ᠪᠡᠬᠢᠵᠢᢉᠦᠯᠬᠦ ᠶ᠋ᠢᠨ ᠲᠥᠯᠦᠭᠡ ᠪᠠᠢᠢᠭ᠎ᠠ ᠪᠠᠨ ᠲᠡᠮᠳᠡᢉᠯᠡᠪᠡ᠃