Та "Internet explorer"-ийн сүүлийн хувилбар болох "Microsoft edge"-г ашиглана уу

Хэрэв "Microsoft edge"-г татах бол энд дарж татаж авна уу

ᠡᠯᠴᠢᠨ ᠰᠠᠢᠢᠳ ᠨᠠᠷ ᠢᠲᠡᠭᠡᠮᠵᠢᠯᠡᠬᠦ ᠵᠢᠭᠤᠬᠤ ᠪᠢᠴᠢᠭ ᠢᠢᠡᠨ ᠡᠷᠭᠦᠡᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠦ᠋ᠬᠡ ᠳ᠋ᠦ ᠪᠦᢉᠦᠳᠡ ᠨᠠᠢᠢᠷᠠᠮᠳᠠᠬᠤ ᠦᠭᠠᠨᠳᠠ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᢉᠡᠳ ᠪᠦᠷᠢᠨ ᠡᠷᠬᠡᠲᠦ ᠡᠯᠴᠢᠨ ᠰᠠᠢᠢᠳ ᠮᠣᠽᠧᠰ ᠻᠠᠸᠠᠯᠦ᠋ᠻᠣ ᠻᠢᠽᠢᢉᠧ᠂ ᠪᠦᢉᠦᠳᠡ ᠨᠠᠢᠢᠷᠠᠮᠳᠠᠬᠤ ᠯᠢᠲ᠋ᠸᠠ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᢉᠡᠳ ᠪᠦᠷᠢᠨ ᠡᠷᠬᠡᠲᠦ ᠡᠯᠴᠢᠨ ᠰᠠᠢᠢᠳ ᠷᠢᠻᠠᠷᠳᠠᠰ ᠰᠯᠧᠫᠠᠸᠢᠻᠢᠦ᠋ᠰ᠂ ᠪᠦᢉᠦᠳᠡ ᠨᠠᠢᠢᠷᠠᠮᠳᠠᠬᠤ ᠠᠩ᠋ᠭᠤᠯᠠ ᠤᠯᠤᠰ ᠠ᠋ᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᢉᠡᠳ ᠪᠦᠷᠢᠨ ᠡᠷᠬᠡᠲᠦ ᠡᠯᠴᠢᠨ ᠰᠠᠢᠢᠳ ᠠᠤᠾᠤᠱᠲ᠋ᠤ‍ ᠳᠠ‍ ᠰᠢᠯᠸᠠ ᠻᠦᠨᠢᠠ ᠨᠠᠷ ᠢᠲᠡᠭᠡᠮᠵᠢᠯᠡᠬᠦ ᠵᠢᠭᠤᠬᠤ ᠪᠢᠴᠢᠭ᠌ ᠢᠢᠡᠨ ᠡᠷᠭᠦᠨ ᠪᠠᠷᠢᠪᠠ᠃

ᠡᠯᠴᠢᠨ ᠰᠠᠢᠢᠳ ᠨᠠᠷ ᠢ᠋ ᠡᢉᠦᠷᠭᠡᠲᠦ ᠠᠵᠢᠯ ᠳ᠋ᠤ ᠪᠠᠨ ᠣᠷᠤᠵᠤ ᠪᠠᠢᠢᠭ᠎ᠠ ᠳ᠋ᠤ ᠨᠢ ᠮᠣᠩ᠋ᠭᠣᠯ ᠤᠯᠤᠰ ᠤᠨ ᠶᠡᠷᠦᠩᠬᠡᠢᠢᠯᠡᢉᠴᠢ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠪᠡ᠃

ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶ᠋ᠢ ᠥᠷᠭᠡᠵᠢᢉᠦᠯᠦᠨ ᠬᠥᢉᠵᠢᢉᠦᠯᠬᠦ ᠳ᠋ᠦ ᠡᠯᠴᠢᠨ ᠰᠠᠢᠢᠳ ᠨᠠᠷ ᠬᠦᠴᠦᠨ ᠴᠢᠷᠮᠠᠢᠢᠯᠲᠠ ᠭᠠᠷᠭᠠᠨ᠎ᠠ ᠭᠡᠳᠡᠭ ᠲᠦ ᠢᠲᠡᠭᠡᠵᠦ ᠪᠤᠢ ᠪᠠᠨ ᠢᠯᠡᠷᠬᠡᠢᠢᠯᠡᠵᠦ᠂ ᠣᠯᠠᠨ ᠤᠯᠤᠰ ᠤᠨ ᠬᠠᠮᠲᠤ ᠶ᠋ᠢᠨ ᠨᠡᠢᠢᠭᠡᠮᠯᠢᠭ᠌᠂ ᠨᠢᠭᠡᠳᠦᠭᠰᠡᠨ ᠥᠨᠳᠥᠰᠥᠨ ᠤ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠶ᠋ᠢᠨ ᠬᠦᠷᠢᠶᠡᠨ ᠳ᠋ᠦ ᠬᠠᠷᠢᠯᠴᠠᠭ᠎ᠠ ᠶ᠋ᠢ ᠪᠡᠬᠢᠵᠢᢉᠦᠯᠬᠦ ᠶ᠋ᠢᠨ ᠲᠥᠯᠦᠭᠡ ᠪᠠᠢᠢᠭ᠎ᠠ ᠪᠠᠨ ᠲᠡᠮᠳᠡᢉᠯᠡᠪᠡ᠃