ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠭᠡᠷᠭᠡᠢ ᠯ᠂ ᠪᠣᠯᠣᠷᠴᠡᠴᠡᠭ ᠨᠠᠷ ᠤᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠫᠣᠯᠢᠱ ᠤᠯᠤᠰ ᠤᠨ ᠶᠡᠷᠦᠩᠬᠡᠢᠢᠯᠡᠭᠴᠢ ᠠᠨᠳ᠋ᠵᠧᠢ ᠳᠤᠳᠠ ᠭᠡᠷᠭᠡᠢ ᠠᠾᠠᠲ᠋ᠠ ᠺᠣᠷᠨᠾᠠᠦ᠋ᠽᠧᠷ-ᠳᠤᠳᠠ ᠤᠨ ᠬᠠᠮᠲᠤ ᠮᠣᠩ᠋ᠭᠣᠯ ᠤᠯᠤᠰ ᠲᠤ 2023 ᠣᠨ ᠤ 04 ᠳ᠋ᠤᠭᠡᠷ ᠰᠠᠷ᠎ᠠ ᠢᠢᠨ 24-26 ᠍ ᠤ ᠡᠳᠦᠷ ᠦᠳ ᠲᠤ ᠲᠥᠷᠦ ᠢᠢᠨ ᠠᠢᠢᠯᠴᠢᠯᠠᠯ ᠬᠢᠨ᠎ᠡ᠃
ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠫᠣᠯᠢᠱ ᠤᠯᠤᠰ ᠤᠨ ᠶᠡᠷᠦᠩᠬᠡᠢᠢᠯᠡᠭᠴᠢ ᠠ᠊᠂ ᠳᠤᠳᠠ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠤᠳ ᠪᠣᠯᠤᠨ ᠣᠯᠠᠨ ᠤᠯᠤᠰ ᠤᠨ ᠬᠠᠷᠢᠯᠴᠠᠭᠠᠨ ᠤ ᠵᠠᠷᠢᠮ ᠠᠰᠠᠭᠤᠳᠠᠯ ᠢ ᠬᠡᠯᠡᠯᠴᠡᠨ᠎ᠡ᠃
ᠠᠭᠤᠯᠵᠠᠯᠲᠠ᠂ ᠶᠠᠷᠢᠶ᠎ᠠ ᠬᠡᠯᠡᠯᠴᠡᠭᠡᠨ ᠦ ᠦᠶ᠎ᠡ ᠪᠡᠷ ᠮᠣᠩ᠋ᠭᠣᠯ ᠤᠯᠤᠰ ᠤᠨ ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ 《ᠠᠯᠤᠰ ᠤᠨ ᠬᠠᠷᠠᠭ᠎ᠠ 2050》᠂ ᠳᠤᠮᠳᠠ ᠬᠤᠭᠤᠴᠠᠭᠠᠨ ᠤ 《ᠰᠢᠨ᠎ᠡ ᠰᠡᠷᠭᠦᠯᠲᠡ ᠢᠢᠨ ᠪᠣᠳᠣᠯᠭ᠎ᠠ》 ᠍ ᠲᠤ ᠲᠤᠰᠬᠠᠭᠰᠠᠨ ᠲᠣᠮᠣᠬᠠᠨ ᠵᠣᠷᠢᠯᠲᠠ ᠨᠤᠭᠤᠳ᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ᠂ 《ᠶᠡᠷᠦᠩᠬᠡᠢᠢᠯᠡᠭᠴᠢ ᠢᠢᠨ ᠢᠯᠡᠭᠡᠯᠲᠡ 2100》 ᠬᠥᠲᠦᠯᠪᠦᠷᠢ ᠢᠢᠨ ᠬᠦᠷᠢᠶᠡᠨ ᠳᠤ ᠫᠣᠯᠢᠱ ᠤᠨ ᠲᠠᠯ᠎ᠠ ᠲᠠᠢ ᠬᠠᠮᠲᠤᠷᠠᠨ ᠠᠵᠢᠯᠯᠠᠬᠤ ᠲᠠᠯ᠎ᠠ ᠪᠠᠷ ᠶᠠᠷᠢᠯᠴᠠᠨ᠎ᠠ᠃
ᠲᠡᠭᠦᠨᠴᠢᠯᠡᠨ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢᠯᠡᠯ᠂ ᠳᠡᠳ᠋ ᠪᠦᠲᠦᠴᠡ᠂ ᠪᠣᠯᠪᠠᠰᠤᠷᠠᠯ᠂ ᠰᠣᠶᠣᠯ ᠵᠡᠷᠭᠡ ᠰᠠᠯᠪᠤᠷᠢ ᠢᠢᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠴᠢᠭᠯᠡᠯ ᠢᠶᠡᠷ ᠰᠠᠨᠠᠯ ᠰᠣᠯᠢᠯᠴᠠᠨ᠎ᠠ᠃
ᠠᠢᠢᠯᠴᠢᠯᠠᠯ ᠤᠨ ᠬᠦᠷᠢᠶᠡᠨ ᠳᠤ ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠫᠣᠯᠢᠱ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ ᠪᠣᠯᠤᠨ ᠬᠤᠳᠠᠯᠳᠤᠭ᠎ᠠ᠂ ᠬᠥᠷᠦᠩ᠋ᠭᠡ ᠣᠷᠣᠭᠤᠯᠤᠯᠲᠠ᠂ ᠰᠢᠨᠵᠢᠯᠡᠬᠦ ᠤᠬᠠᠭᠠᠨ᠂ ᠠᠷᠬᠢᠸ᠂ ᠭᠧᠣᠯᠣᠭᠢ᠂ ᠮᠠᠯ ᠡᠮᠨᠡᠯᠭᠡ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠤᠳ ᠲᠤ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃
ᠠ᠊᠂ ᠳᠤᠳᠠ ᠪᠦᠭᠦᠳᠡ ᠨᠠᠢᠢᠷᠠᠮᠳᠠᠬᠤ ᠫᠣᠯᠢᠱ ᠤᠯᠤᠰ ᠤᠨ ᠶᠡᠷᠦᠩᠬᠡᠢᠢᠯᠡᠭᠴᠢ ᠪᠡᠷ 2015 ᠤᠨ ᠳ᠋ᠤ ᠰᠣᠩ᠋ᠭᠣᠭᠳᠠᠭᠰᠠᠨ ᠪᠥᠭᠡᠳ 2020 ᠣᠨ ᠳᠤ ᠪᠣᠯᠤᠭᠰᠠᠨ ᠶᠡᠷᠦᠩᠬᠡᠢᠢᠯᠡᠭᠴᠢ ᠢᠢᠨ ᠰᠣᠩ᠋ᠭᠣᠭᠤᠯᠢ ᠪᠠᠷ ᠳᠠᠬᠢᠨ ᠰᠣᠩ᠋ᠭᠣᠭᠳᠠᠭᠰᠠᠨ᠃
1990 ᠣᠨ ᠠᠴᠠ ᠬᠣᠢᠢᠰᠢ ᠪᠦᠭᠦᠳᠡ ᠨᠠᠢᠢᠷᠠᠮᠳᠠᠬᠤ ᠫᠣᠯᠢᠱ ᠤᠯᠤᠰ ᠠᠴᠠ ᠬᠠᠮᠤᠭ ᠤᠨ ᠰᠡᠭᠦᠯ ᠳᠤ ᠪᠤᠶᠤ 2013 ᠣᠨ ᠳᠤ ᠶᠡᠷᠦᠩᠬᠡᠢᠢᠯᠡᠭᠴᠢ ᠪᠷᠣᠨᠢᠰᠯᠠᠸ ᠺᠣᠮᠣᠷᠤᠸᠰᠺᠢ ᠮᠣᠩ᠋ᠭᠣᠯ ᠤᠯᠤᠰ ᠲᠤ ᠠᠢᠢᠯᠴᠢᠯᠠᠭᠰᠠᠨ ᠶᠤᠮ᠃