Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠬᠣᠪᠲᠤ ᠠᠢᠢᠮᠠᠭ ᠲᠤ ᠠᠵᠢᠯᠯᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢ ᠬᠣᠪᠲᠣ ᠠᠢᠢᠮᠠᠭ ᠲᠤ ᠬᠦᠷᠦᠯᠴᠡᠨ ᠢᠷᠡᠬᠦ ᠳᠤ ᠢᠷᠭᠡᠳ ᠦᠨ ᠲᠥᠯᠦᠭᠡᠯᠡᠭᠴᠢᠳ ᠦᠨ ᠬᠤᠷᠠᠯ ᠤᠨ ᠳᠠᠷᠤᠭ᠎ᠠ ᠭ᠂ ᠫᠦᠷᠪᠤᠭᠠᠨᠳᠢ᠂ ᠵᠠᠰᠠᠭ ᠳᠠᠷᠤᠭ᠎ᠠ ᠡ᠊᠂ ᠪᠣᠯᠣᠷᠮ᠎ᠠ ᠨᠠᠷ ᠤᠭᠲᠤᠨ ᠠᠪᠤᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠢᠢ ᠠᠷᠠᠳ ᠠᠶᠤᠱᠢ ᠢᠢᠨ ᠲᠠᠯᠠᠪᠠᠢ ᠳᠤ ᠬᠣᠪᠳᠣ ᠴᠡᠷᠢᠭ ᠦᠨ ᠬᠦᠷᠢᠶᠡᠨ ᠦ ᠪᠡᠶ᠎ᠡ ᠪᠦᠷᠢᠯᠳᠦᠬᠦᠨ ᠵᠢᠬᠰᠠᠵᠤ ᠤᠭᠲᠤᠪᠠ᠃

ᠳᠠᠷᠠᠭ᠎ᠠ ᠨᠢ ᠠᠢᠢᠮᠠᠭ ᠤᠨ ᠤᠳᠤᠷᠢᠳᠤᠯᠭ᠎ᠠ ᠨᠤᠭᠤᠳ ᠨᠡᠢᠢᠭᠡᠮ᠂ ᠡᠳ᠋ ᠍ ᠦᠨ ᠵᠠᠰᠠᠭ ᠤᠨ ᠥᠨᠥ ᠢᠢᠨ ᠪᠠᠢᠢᠳᠠᠯ ᠤᠨ ᠲᠠᠯ᠎ᠠ ᠪᠠᠷ ᠲᠣᠪᠴᠢ ᠲᠠᠨᠢᠯᠴᠠᠭᠤᠯᠪᠠ᠃

ᠲᠤᠰ ᠠᠢᠢᠮᠠᠭ 《ᠠᠮᠢᠳᠤᠷᠠᠯ ᠤᠨ ᠴᠢᠨᠠᠷ》᠂ 《ᠱᠤᠳᠤᠷᠭᠤ ᠶᠣᠰᠣ》᠂ 《ᠰᠢᠨ᠎ᠡ ᠰᠡᠷᠭᠦᠯᠲᠡ ᠢᠢᠨ ᠪᠣᠳᠣᠯᠭ᠎ᠠ》 ᠭᠡᠰᠡᠨ ᠦᠨᠳᠦᠰᠦᠨ ᠭᠤᠷᠪᠠᠨ ᠵᠦᠢᠯ ᠳᠤ ᠲᠥᠪᠯᠡᠷᠡᠨ ᠠᠵᠢᠯᠯᠠᠵᠤ ᠪᠠᠢᠢᠭ᠎ᠠ ᠪᠥᠭᠡᠳ ᠴᠢᠨᠠᠭᠰᠢᠳᠠ ᠦᠢᠯᠡᠳᠪᠦᠷᠢᠯᠡᠯ ᠲᠧᠭᠨᠣᠯᠣᠭᠢ ᠢᠢᠨ ᠫᠠᠷᠺ ᠤᠨ ᠳᠡᠳ᠋ ᠪᠦᠲᠦᠴᠡ ᠢᠢᠨ ᠪᠦᠲᠦᠭᠡᠨ ᠪᠠᠢᠢᠭᠤᠯᠤᠯᠲᠠ ᠢᠢ ᠡᠬᠢᠯᠡᠬᠦ᠂ ᠨᠢᠰᠬᠦ ᠣᠩ᠋ᠭᠣᠴᠠᠨ ᠤ ᠪᠠᠭᠤᠳᠠᠯ ᠢ ᠥᠷᠭᠡᠳᠬᠡᠬᠦ᠂ ᠤᠮᠳᠠᠨ ᠤ ᠤᠰᠤᠨ ᠤ ᠠᠰᠠᠭᠤᠳᠠᠯ ᠢ ᠰᠢᠢᠳᠪᠦᠷᠢᠯᠡᠬᠦ ᠵᠡᠷᠭᠡ ᠲᠣᠮᠣᠬᠠᠨ ᠵᠣᠷᠢᠯᠲᠠ ᠲᠠᠯᠪᠢᠵᠠᠢ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠥᠷᠥ ᠢᠢᠨ ᠪᠠᠢᠢᠭᠤᠯᠤᠯᠭ᠎ᠠ ᠨᠤᠭᠤᠳ ᠤᠨ ᠠᠯᠪᠠᠨ ᠬᠠᠭᠠᠭᠴᠢᠳ ᠲᠠᠢ ᠠᠭᠤᠯᠵᠠᠵᠤ ᠤᠯᠤᠰ ᠣᠷᠣᠨ ᠤ ᠨᠡᠢᠢᠭᠡᠮ᠂ ᠡᠳ᠋ ᠍ ᠦᠨ ᠵᠠᠰᠠᠭ ᠤᠨ ᠨᠥᠬᠥᠴᠡᠯ ᠪᠠᠢᠢᠳᠠᠯ᠂ ᠲᠣᠮᠣᠬᠠᠨ ᠲᠥᠰᠥᠯ᠂ ᠬᠥᠲᠥᠯᠪᠦᠷᠢ ᠢᠢᠨ ᠬᠡᠷᠡᠭᠵᠢᠯᠲᠡ ᠢᠢᠨ ᠲᠠᠯ᠎ᠠ ᠪᠠᠷ ᠲᠣᠪᠴᠢ ᠮᠡᠳᠡᠭᠡᠯᠡᠯ ᠥᠭ᠍ᠪᠡ᠃

ᠲᠡᠷᠡ ᠪᠡᠷ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》, 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠪᠣᠯᠤᠨ 《ᠡᠷᠡᠭᠦᠯ ᠮᠣᠩ᠋ᠭᠣᠯ ᠬᠦᠮᠦᠨ》 ᠬᠥᠲᠦᠯᠪᠦᠷᠢ ᠢᠢ ᠬᠡᠷᠡᠭᠵᠢᠭᠦᠯᠬᠦ ᠳᠤ ᠮᠠᠩᠯᠠᠢᠢᠯᠠᠨ ᠣᠷᠣᠯᠴᠠᠵᠤ ᠪᠠᠢᠢᠭ᠎ᠠ ᠳᠤ ᠨᠢ ᠲᠠᠯᠠᠷᠬᠠᠯ ᠢᠯᠡᠷᠬᠡᠢᠢᠯᠡᠪᠡ᠃


ᠴᠢᠨᠠᠬᠰᠢᠳᠠ ᠲᠥᠷᠦ ᠢᠢᠨ ᠠᠯᠪᠠᠨ ᠬᠠᠭᠠᠭᠴᠢᠳ ᠭᠠᠭᠴᠠ ᠬᠦ ᠬᠠᠤᠯᠢ ᠳᠡᠭᠡᠳᠦᠯᠡᠬᠦ᠂ ᠤᠯᠤᠰ ᠲᠥᠷᠦ᠂ ᠬᠤᠪᠢ ᠢᠢᠨ ᠠᠰᠢᠭ ᠰᠣᠨᠢᠷᠬᠠᠯ ᠠᠴᠠ ᠠᠩ᠋ᠭᠢᠳᠠ᠂ ᠶᠣᠰᠣ ᠰᠤᠷᠲᠠᠬᠤᠨ ᠲᠠᠢ᠂ ᠰᠢᠳᠤᠷᠭᠤ᠂ ᠬᠠᠷᠢᠭᠤᠴᠠᠯᠭ᠎ᠠ ᠲᠠᠢ ᠪᠠᠢᠢᠵᠤ᠂ ᠢᠷᠭᠡᠳ ᠲᠤ ᠲᠦᠷᠭᠡᠨ ᠰᠢᠭᠤᠷᠬᠠᠢ ᠦᠢᠯᠡᠴᠢᠯᠡᠬᠦ᠂ ᠲᠥᠷᠦ᠂ ᠵᠠᠰᠠᠭ ᠠᠴᠠ ᠠᠪᠴᠤ ᠬᠡᠷᠡᠭᠵᠢᠭᠦᠯᠵᠦ ᠪᠠᠢᠢᠭ᠎ᠠ ᠪᠣᠳᠣᠯᠭ᠎ᠠ᠂ ᠠᠷᠭ᠎ᠠ ᠬᠡᠮᠵᠢᠶᠡᠨ ᠦ ᠲᠠᠯ᠎ᠠ ᠪᠠᠷ ᠦᠨᠡᠨ ᠪᠣᠳᠠᠲᠤ ᠮᠡᠳᠡᠭᠡᠯᠡᠯ ᠢ ᠲᠤᠬᠠᠢ ᠪᠦᠷᠢ ᠳ᠋ᠤ ᠨᠢ ᠥᠭᠴᠦ ᠪᠠᠢᠢᠬᠤ ᠢᠢᠨ ᠴᠢᠬᠤᠯᠠ ᠢᠢ ᠲᠡᠮᠳᠡᠭᠯᠡᠪᠡ᠃

ᠲᠥᠷᠥ ᠢᠢᠨ ᠠᠯᠪᠠᠨ ᠬᠠᠭᠠᠭᠴᠢᠳ ᠮᠡᠷᠭᠡᠵᠢᠯ᠂ ᠤᠷ᠎ᠠ ᠴᠢᠳᠠᠪᠤᠷᠢ ᠪᠠᠨ ᠪᠠᠢᠢᠩ᠋ᠭᠤ ᠬᠥᠭ᠍ᠵᠢᠭᠦᠯᠦᠨ᠂ ᠪᠦᠲᠦᠭᠡᠮᠵᠢ ᠪᠡᠨ ᠰᠠᠢᠢᠵᠢᠷᠠᠭᠤᠯᠬᠤ ᠢᠢᠨ ᠵᠡᠷᠭᠡᠴᠡᠭᠡ ᠨᠡᠢᠢᠭᠡᠮ ᠢ ᠴᠢᠭᠯᠡᠭᠦᠯᠦᠭᠴᠢ᠂ ᠮᠠᠩᠯᠠᠢᠢᠯᠠᠭᠴᠢ ᠪᠠᠢᠢᠬᠤ ᠢᠢᠨ ᠲᠥᠯᠥᠭᠡ ᠳᠣᠣᠷ᠎ᠠ ᠪᠦᠷᠢ ᠲᠤ ᠪᠡᠨ ᠬᠢᠴᠢᠶᠡᠵᠦ ᠪᠠᠢᠢᠬᠤ ᠢᠢ ᠵᠠᠬᠢᠪᠠ᠃

ᠲᠥᠷᠥ ᠢᠢᠨ ᠲᠡᠷᠢᠭᠦᠨ ᠦ ᠬᠤᠪᠢ ᠳᠤ ᠣᠷᠣᠨ ᠨᠤᠲᠤᠭ ᠲᠤ ᠲᠥᠷᠥ ᠢᠢᠨ ᠠᠯᠪᠠ ᠬᠠᠰᠢᠵᠤ ᠪᠠᠢᠢᠭ᠎ᠠ ᠬᠦᠮᠦᠰ ᠦᠨ ᠴᠠᠯᠢᠩ᠂ ᠨᠡᠢᠢᠭᠡᠮ ᠤᠨ ᠬᠠᠯᠠᠮᠵᠢ᠂ ᠪᠠᠲᠤᠯᠠᠭ᠎ᠠ ᠢᠢ ᠨᠢ ᠬᠠᠩ᠋ᠭᠠᠬᠤ ᠴᠢᠭᠯᠡᠯ ᠢᠶᠡᠷ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠢ ᠰᠢᠬᠠᠵᠤ᠂ ᠱᠠᠭᠠᠷᠳᠠᠵᠤ ᠠᠵᠢᠯᠯᠠᠨ᠎ᠠ ᠭᠡᠳᠡᠭ ᠢᠶᠡᠨ ᠬᠡᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠮᠥᠨ ᠡᠳᠦᠷ ᠵᠡᠪᠰᠡᠭᠲᠦ ᠬᠦᠴᠦᠨ ᠦ 123 ᠳ᠋ᠤᠭᠠᠷ ᠠᠩ᠋ᠭᠢ ᠪᠣᠯᠤᠨ ᠪᠠᠷᠠᠭᠤᠨ ᠪᠥᠰᠡ ᠢᠢᠨ ᠣᠨᠴᠤᠭᠤᠢ ᠪᠠᠢᠢᠳᠠᠯ ᠤᠨ ᠭᠠᠵᠠᠷ ᠲᠤ ᠠᠵᠢᠯᠯᠠᠨ᠎ᠠ᠃