Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤ᠊᠂ ᠬᠦᠷᠡᠯᠰᠦ᠋ᠬᠡ ᠵᠡᠪᠰᠡᠭᠲᠦ ᠬᠦᠴᠦᠨ ᠦ 123 ᠳ᠋ᠤᠭᠠᠷ ᠠᠩ᠋ᠭᠢ ᠳᠤ ᠠᠵᠢᠯᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠬᠣᠪᠲᠣ ᠠᠢᠢᠮᠠᠭ ᠲᠤ ᠠᠵᠢᠯᠯᠠᠬᠤ ᠦᠶ᠎ᠡ ᠪᠡᠷ ᠢᠶᠡᠨ ᠵᠡᠪᠰᠡᠭᠲᠦ ᠬᠦᠴᠦᠨ ᠦ 123 ᠳ᠋ᠤᠭᠠᠷ ᠠᠩ᠋ᠭᠢ ᠢᠢᠨ ᠠᠯᠪᠠ ᠬᠠᠭᠠᠭᠴᠢᠳ ᠲᠠᠢ ᠠᠭᠤᠯᠵᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠢᠢ ᠲᠤᠰ ᠠᠩ᠋ᠭᠢ ᠳᠤ ᠬᠦᠷᠦᠯᠴᠡᠨ ᠢᠷᠡᠬᠦ ᠳᠤ ᠪᠡᠶ᠎ᠡ ᠪᠦᠷᠢᠯᠳᠦᠬᠦᠨ ᠵᠢᠬᠰᠠᠨ ᠤᠭᠲᠤᠵᠤ᠂ ᠠᠩ᠋ᠭᠢ ᠢᠢᠨ ᠵᠠᠬᠢᠷᠤᠭᠴᠢ᠂ ᠬᠤᠷᠠᠨᠭᠳᠠ ᠬ᠂ ᠡᠩᠬᠡᠪᠣᠯᠤᠳ ᠦᠢᠯᠡ ᠠᠵᠢᠯᠯᠠᠭ᠎ᠠ ᠢᠢ ᠪᠠᠨ ᠲᠠᠨᠢᠯᠴᠠᠭᠤᠯᠤᠯ᠎ᠠ᠃

《ᠬᠣᠪᠳᠣ ᠢᠢᠨ ᠬᠣᠷᠢᠶ᠎ᠠ》 ᠬᠡᠮᠡᠨ ᠠᠷᠠᠳ ᠣᠯᠠᠨ ᠳᠤ ᠠᠯᠳᠠᠷᠰᠢᠭᠰᠠᠨ᠂ ᠴᠡᠷᠢᠭ ᠦᠨ ᠭᠠᠪᠢᠶᠠᠨ ᠤ ᠤᠯᠠᠭᠠᠨ ᠲᠤᠭ ᠤᠨ ᠣᠳᠣᠨᠳᠤ᠂ ᠬᠠᠲᠠᠨᠪᠠᠭᠠᠲᠤᠷ ᠰ᠂ ᠮᠠᠭᠰᠤᠷᠵᠠᠪ ᠤᠨ ᠨᠡᠷᠡᠮᠵᠢᠲᠦ ᠵᠡᠪᠰᠡᠭᠲᠦ ᠬᠦᠴᠦᠨ ᠦ 123 ᠳ᠋ᠤᠭᠠᠷ ᠠᠩ᠋ᠭᠢ 1934 ᠣᠨ ᠳᠤ ᠣᠰᠫᠠᠨ ᠤ ᠳᠡᠭᠡᠷᠡᠮᠴᠢᠳ ᠢ ᠤᠰᠠᠳᠬᠠᠬᠤ ᠴᠡᠷᠢᠭ ᠲᠠᠩᠨᠠᠭᠤᠯ ᠤᠨ ᠲᠤᠰᠬᠠᠢ ᠠᠵᠢᠯᠯᠠᠭ᠎ᠠ᠂ 1939 ᠣᠨ ᠤ ᠬᠠᠯᠬ᠎ᠠ ᠢᠢᠨ ᠭᠣᠣᠯ ᠤᠨ ᠪᠠᠢᠢᠯᠳᠤᠭᠠᠨ᠂ 1945 ᠣᠨ ᠤ ᠴᠢᠯᠦᠭᠡᠯᠡᠬᠦ ᠳᠠᠢᠢᠨ᠂ 1940-1948 ᠣᠨ ᠤ ᠪᠠᠷᠠᠭᠤᠨ ᠬᠢᠯᠢ ᠢᠢᠨ ᠲᠤᠯᠭᠠᠷᠠᠯᠲᠠ ᠳᠤ ᠣᠷᠣᠯᠴᠠᠨ ᠪᠠᠭᠠᠲᠤᠷᠯᠢᠭ ᠭᠠᠪᠢᠶ᠎ᠠ ᠪᠠᠢᠢᠭᠤᠯᠤᠭᠰᠠᠨ ᠲᠡᠦᠬᠡ ᠲᠡᠢ᠃

ᠠᠩᠬᠢ ᠢᠢᠨ ᠪᠡᠶ᠎ᠡ ᠪᠦᠷᠢᠯᠳᠦᠬᠦᠨ ᠡᠭᠦᠷᠭᠡ ᠪᠡᠨ ᠨᠡᠷ᠎ᠡ ᠲᠥᠷᠥ ᠲᠡᠢ ᠪᠡᠶᠡᠯᠡᠭᠦᠯᠬᠦ ᠢᠢᠨ ᠵᠡᠷᠭᠡᠴᠡᠭᠡ ᠨᠤᠲᠤᠭ ᠣᠷᠣᠨ ᠤ ᠪᠠᠨ ᠬᠥᠭ᠍ᠵᠢᠯ ᠳᠡᠪᠰᠢᠯ᠂ ᠡᠩᠬᠡ ᠴᠠᠭ ᠤᠨ ᠪᠦᠲᠦᠭᠡᠨ ᠪᠠᠢᠢᠭᠤᠯᠤᠯᠲᠠ᠂ ᠳᠠᠶᠠᠩ ᠳᠡᠯᠡᠬᠡᠢ ᠢᠢᠨ ᠡᠩᠬᠡ ᠢᠢᠨ ᠦᠢᠯᠡᠰ ᠲᠤ ᠵᠢᠩᠲᠡᠢ ᠬᠤᠪᠢ ᠨᠡᠮᠡᠷᠢ ᠣᠷᠣᠭᠤᠯᠵᠤ ᠪᠠᠢᠢᠭ᠎ᠠ ᠳᠤ ᠶᠡᠷᠦᠩᠬᠡᠢᠢᠯᠡᠭᠴᠢ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃
ᠴᠡᠷᠢᠭ ᠦᠨ ᠰᠤᠷᠭᠠᠯᠲᠠ ᠪᠡᠯᠡᠳᠬᠡᠯ ᠦᠨ ᠲᠣᠭᠲᠠᠯᠴᠠᠭ᠎ᠠ᠂ ᠠᠭᠤᠯᠭ᠎ᠠ ᠢᠢ ᠣᠷᠴᠢᠨ ᠦᠶ᠎ᠡ ᠢᠢᠨ ᠳᠠᠢᠢᠨ᠂ ᠪᠠᠢᠢᠯᠳᠤᠭᠠᠨ ᠤ ᠲᠤᠷᠰᠢᠯᠭ᠎ᠠ ᠰᠤᠷᠭᠠᠮᠵᠢ᠂ ᠮᠡᠷᠭᠡᠵᠢᠯ ᠦᠨ ᠠᠷᠮᠢ ᠢᠢᠨ ᠴᠡᠷᠢᠭ ᠦᠨ ᠰᠤᠷᠭᠠᠯᠲᠠ ᠢᠢᠨ ᠠᠷᠭ᠎ᠠ᠂ ᠲᠧᠭᠨᠣᠯᠣᠭᠢ᠂ ᠮᠣᠩ᠋ᠭᠣᠯ ᠴᠡᠷᠢᠭ ᠦᠨ ᠤᠯᠠᠮᠵᠢᠯᠠᠯ ᠳᠤ ᠨᠡᠢᠢᠴᠡᠭᠦᠯᠦᠨ ᠰᠢᠨᠡᠴᠢᠯᠡᠨ ᠲᠡᠭᠦᠯᠳᠡᠷᠵᠢᠭᠦᠯᠬᠦ ᠳᠤ ᠤᠳᠤᠷᠢᠳᠬᠤ ᠪᠦᠷᠢᠯᠳᠦᠬᠦᠨ ᠣᠨᠴᠤᠭᠤᠢ ᠠᠩᠬᠠᠷᠬᠤ ᠬᠡᠷᠡᠭᠲᠡᠢ ᠢᠢ ᠲᠡᠮᠳᠡᠭᠯᠡᠪᠡ᠃

ᠮᠥᠨ ᠴᠡᠷᠢᠭ ᠦᠨ ᠠᠯᠪᠠ ᠪᠣᠯ ᠪᠡᠶ᠎ᠡ ᠪᠢᠯᠳᠠᠷ᠂ ᠰᠡᠳᠬᠢᠯ ᠦᠨ ᠬᠠᠲᠠ ᠲᠠᠢ ᠡᠷ᠎ᠡ ᠬᠦᠮᠦᠨ ᠪᠣᠯᠤᠨ ᠲᠥᠯᠥᠪᠰᠢᠵᠦ᠂ ᠥᠪᠡᠷ ᠢ ᠪᠡᠨ ᠬᠥᠭ᠍ᠵᠢᠭᠦᠯᠦᠨ᠂ ᠮᠡᠷᠭᠡᠵᠢᠯ ᠡᠵᠡᠮᠰᠢᠬᠦ ᠪᠣᠯᠤᠯᠴᠠᠭ᠎ᠠ ᠣᠯᠭᠤᠳᠠᠭ ᠬᠦᠮᠦᠨ ᠦ ᠬᠥᠭ᠍ᠵᠢᠯ ᠦᠨ ᠣᠷᠴᠢᠨ ᠭᠡᠳᠡᠭ ᠢ ᠬᠤᠭᠤᠴᠠᠭᠠᠳᠤ ᠴᠡᠷᠢᠭ ᠦᠨ ᠠᠯᠪᠠ ᠬᠠᠭᠠᠭᠴᠢᠳ ᠲᠤ ᠵᠠᠬᠢᠪᠠ᠃

ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠠᠢᠢᠭ᠎ᠠ 《ᠲᠡᠷᠪᠤᠮ ᠮᠣᠳᠣ》᠂ 《ᠡᠷᠡᠭᠦᠯ ᠮᠣᠩ᠋ᠭᠣᠯ ᠬᠦᠮᠦᠨ》᠂ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ᠂ 《ᠬᠥᠪᠰᠥᠭᠥᠯ ᠨᠠᠭᠤᠷ ᠤᠨ ᠪᠣᠬᠢᠷᠳᠠᠯ ᠢ ᠪᠠᠭᠤᠷᠠᠭᠤᠯᠬᠤ ᠬᠥᠲᠥᠯᠪᠦᠷᠢ》 ᠍ ᠢ ᠬᠡᠷᠡᠭᠵᠢᠭᠦᠯᠬᠦ ᠳᠤ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠣᠷᠣᠯᠴᠠᠭ᠎ᠠ᠂ ᠬᠢᠴᠢᠶᠡᠯ ᠵᠢᠳᠬᠦᠯ᠂ ᠮᠠᠩᠯᠠᠢᠢᠯᠠᠯ ᠴᠢᠬᠤᠯᠠ ᠭᠡᠳᠡᠭ ᠢ ᠲᠡᠮᠳᠡᠭᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠪᠡᠶ᠎ᠡ ᠪᠦᠷᠢᠯᠳᠦᠬᠦᠨ ᠦ ᠨᠠᠢᠢᠳᠠᠪᠤᠷᠢᠲᠠᠢ ᠠᠷᠤ ᠲᠠᠯ᠎ᠠ᠂ ᠲᠦᠰᠢᠭ ᠲᠤᠯᠭᠠᠭᠤᠷᠢ ᠪᠣᠯᠤᠭᠰᠠᠨ ᠬᠠᠨᠢ ᠢᠵᠢᠯᠢ᠂ ᠭᠡᠷ ᠪᠦᠯᠢ ᠳᠤ ᠨᠢ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠵᠦ᠂ ᠡᠷᠡᠭᠦᠯ ᠡᠩᠬᠡ᠂ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠪᠡ᠃