ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠣᠪᠳᠣ ᠠᠢᠢᠮᠠᠭ ᠲᠤ ᠠᠵᠢᠯᠯᠠᠬᠤ ᠦᠶ᠎ᠡ ᠪᠡᠷ ᠪᠠᠷᠠᠭᠤᠨ ᠪᠥᠰᠡ ᠢᠢᠨ ᠣᠨᠣᠰᠢᠯᠠᠭ᠎ᠠ᠂ ᠡᠮᠴᠢᠯᠡᠭᠡᠨ ᠦ ᠲᠥᠪ ᠦᠨ ᠡᠮᠴᠢ᠂ ᠠᠵᠢᠯᠴᠢᠳ ᠲᠠᠢ ᠠᠭᠤᠯᠵᠠᠪᠠ᠃
ᠴᠠᠷ ᠲᠠᠬᠤᠯ ᠤᠨ ᠦᠶ᠎ᠡ ᠳᠤ ᠠᠴᠢᠶᠠᠨ ᠤ ᠬᠦᠨᠳᠦ ᠢᠢ ᠡᠭᠦᠷᠦᠨ ᠠᠷᠠᠳ ᠢᠷᠭᠡᠳ ᠦᠨ ᠡᠷᠡᠭᠦᠯ ᠮᠡᠨᠳᠦ ᠢᠢ ᠰᠠᠬᠢᠨ ᠬᠠᠮᠠᠭᠠᠯᠠᠬᠤ᠂ ᠡᠮᠨᠡᠯᠭᠡ ᠢᠢᠨ ᠲᠤᠰᠠᠯᠠᠮᠵᠢ᠂ ᠦᠢᠯᠡᠴᠢᠯᠡᠭᠡ ᠦᠵᠡᠭᠦᠯᠬᠦ᠂ ᠬᠣᠬᠢᠷᠠᠯ ᠪᠠᠭ᠎ᠠ ᠲᠠᠢ ᠳᠠᠪᠠᠨ ᠲᠤᠭᠤᠯᠬᠤ ᠳᠤ ᠡᠮᠴᠢ᠂ ᠠᠵᠢᠯᠴᠢᠳ ᠤᠨ ᠣᠷᠣᠭᠤᠯᠤᠭᠰᠠᠨ ᠬᠤᠪᠢ ᠨᠡᠮᠡᠷᠢ ᠠᠰᠤᠷᠤ ᠶᠡᠬᠡ ᠭᠡᠳᠡᠭ ᠢ ᠲᠡᠮᠳᠡᠭᠯᠡᠵᠦ᠂ ᠲᠠᠯᠠᠷᠬᠠᠯ ᠢᠯᠡᠷᠬᠡᠢᠢᠯᠡᠪᠡ᠃
ᠲᠡᠷᠡ ᠪᠡᠷ᠎ᠡ ᠲᠤᠰ ᠲᠥᠪ ᠦᠨ ᠬᠡᠦᠬᠡᠳ᠂ ᠨᠢᠷᠠᠢ ᠢᠢᠨ ᠺᠯᠢᠨᠢᠺ ᠲᠤ ᠨᠡᠩ ᠱᠠᠭᠠᠷᠳᠠᠯᠭ᠎ᠠ ᠲᠠᠢ ᠪᠠᠢᠢᠭᠰᠠᠨ ᠲᠦᠷᠭᠡᠨ ᠲᠤᠰᠠᠯᠠᠮᠵᠢ ᠢᠢᠨ ᠠᠦ᠋ᠲ᠋ᠣᠮᠠᠰᠢᠨ᠂ ᠬᠡᠦᠬᠡᠳ ᠦᠨ ᠡᠷᠴᠢᠮᠲᠦ ᠡᠮᠴᠢᠯᠡᠭᠡᠨ ᠦ ᠢᠵᠢ ᠪᠦᠷᠢᠨ ᠣᠷᠣ᠂ ᠬᠢᠨᠠᠯᠲᠠ ᠢᠢᠨ ᠠᠫᠫᠠᠷᠠᠲ᠂ ᠠᠦ᠋ᠲ᠋ᠣᠮᠠᠲ ᠰᠢᠬᠠᠭᠤᠷᠭ᠎ᠠ ᠵᠡᠷᠭᠡ ᠢᠢ ᠬᠦᠯᠢᠶᠡᠯᠭᠡᠨ ᠥᠭ᠍ᠪᠡ᠃
ᠮᠥᠨ ᠬᠡᠪᠲᠡᠨ ᠡᠮᠴᠢᠯᠡᠭᠦᠯᠵᠦ ᠪᠠᠢᠢᠭ᠎ᠠ ᠬᠡᠦᠬᠡᠳ ᠦᠳ᠂ ᠡᠴᠢᠭᠡ᠂ ᠠᠬ᠎ᠠ᠂ ᠠᠰᠠᠷᠠᠨ ᠬᠠᠮᠠᠭᠠᠯᠠᠭᠴᠢᠳ ᠲᠤ ᠭᠠᠷ ᠤᠨ ᠪᠡᠯᠡᠭ ᠢᠶᠡᠨ ᠭᠠᠷᠳᠠᠭᠤᠯᠤᠯ᠎ᠠ᠃
ᠪᠠᠷᠠᠭᠤᠨ ᠪᠥᠰᠡ ᠢᠢᠨ ᠣᠨᠣᠰᠢᠯᠠᠭ᠎ᠠ᠂ ᠡᠮᠴᠢᠯᠡᠭᠡᠨ ᠦ ᠲᠥᠪ 《ᠣᠯᠠᠨ ᠤᠯᠤᠰ ᠤᠨ ᠰᠲ᠋ᠠᠨᠳᠠᠷᠲ ᠢ ᠬᠠᠩ᠋ᠭᠠᠭᠰᠠᠨ ᠡᠷᠡᠭᠦᠯ ᠮᠡᠨᠳᠦ ᠢᠢᠨ ᠲᠤᠰᠠᠯᠠᠮᠵᠢ᠂ ᠦᠢᠯᠡᠴᠢᠯᠡᠭᠡ ᠪᠡᠷ ᠪᠥᠰᠡ ᠨᠤᠲᠤᠭ ᠤᠨ ᠬᠡᠮᠵᠢᠶᠡᠨ ᠳᠤ ᠴᠢᠭᠯᠡᠭᠦᠯᠦᠭᠴᠢ ᠪᠠᠢᠢᠨ᠎ᠠ》 ᠭᠡᠰᠡᠨ ᠠᠯᠤᠰ ᠤᠨ ᠬᠠᠷᠠᠭ᠎ᠠ ᠲᠠᠢ ᠠᠵᠢᠯᠯᠠᠵᠤ ᠪᠠᠢᠢᠨ᠎ᠠ᠃
ᠡᠨᠡ ᠬᠦᠷᠢᠶᠡᠨ ᠳᠤ ᠰᠠᠯᠪᠤᠷᠢ ᠢᠢᠨ ᠰᠢᠨᠡᠴᠢᠯᠡᠯ᠂ ᠥᠭᠡᠷᠡᠴᠢᠯᠡᠯᠲᠡ ᠳ᠋ᠤ ᠲᠤᠰᠠᠯᠠᠮᠵᠢ᠂ ᠦᠢᠯᠡᠴᠢᠯᠡᠭᠡᠨ ᠦ ᠲᠥᠪᠯᠡᠷᠡᠯ ᠢ ᠰᠠᠭᠠᠷᠠᠭᠤᠯᠬᠤ᠂ ᠦᠢᠯᠡᠴᠢᠯᠡᠭᠦᠯᠦᠭᠴᠢ ᠲᠥᠪ ᠲᠡᠢ ᠲᠤᠰᠠᠯᠠᠮᠵᠢ᠂ ᠦᠢᠯᠡᠴᠢᠯᠡᠭᠡ ᠦᠵᠡᠭᠦᠯᠬᠦ ᠵᠣᠷᠢᠯᠭ᠎ᠠ ᠪᠠᠷ ᠳᠡᠪᠰᠢᠯᠲᠡᠲᠦ ᠲᠧᠭᠨᠣᠯᠣᠭᠢ ᠨᠤᠲᠤᠭᠰᠢᠭᠤᠯᠤᠨ᠂ ᠣᠯᠠᠨ ᠤᠯᠤᠰ ᠤᠨ 《ᠴᠢᠨᠠᠷ ᠤᠨ ᠤᠳᠤᠷᠢᠳᠤᠯᠭ᠎ᠠ ᠢᠢᠨ ᠲᠣᠭᠲᠠᠯᠴᠠᠭ᠎ᠠ》
ISO 9001᠄2015 ᠰᠲ᠋ᠠᠨᠳᠠᠷᠲ ᠢ ᠨᠡᠪᠲᠡᠷᠡᠭᠦᠯᠵᠡᠢ᠃
ᠲᠤᠰ ᠲᠥᠪ ᠦᠨ ᠡᠮᠴᠢ᠂ ᠮᠡᠷᠭᠡᠵᠢᠯᠲᠡᠨ ᠨᠦᠭᠦᠳ ᠰᠤᠳᠠᠰᠤᠨ ᠳᠣᠲᠣᠭᠤᠷᠬᠢ ᠣᠨᠣᠰᠢᠯᠠᠭ᠎ᠠ᠂ ᠡᠮᠴᠢᠯᠡᠭᠡ᠂ ᠬᠠᠪᠤᠳᠠᠷ᠂ ᠳᠤᠷᠠᠨ᠂ ᠭᠡᠮᠲᠦᠯ ᠦᠨ ᠦᠶ᠎ᠡ ᠢᠢᠨ ᠭᠠᠪᠠᠯᠠ ᠲᠠᠷᠢᠬᠢᠨ ᠤ ᠪᠣᠯᠤᠨ ᠠᠷᠠᠰᠤ ᠨᠥᠬᠥᠬᠥ ᠮᠡᠰᠡ ᠵᠠᠰᠠᠯ ᠵᠡᠷᠭᠡ ᠲᠡᠷᠢᠭᠦᠯᠡᠬᠦ ᠲᠤᠰᠠᠯᠠᠮᠵᠢ᠂ ᠦᠢᠯᠡᠴᠢᠯᠡᠭᠡᠨ ᠦ ᠨᠡᠷ᠎ᠡ ᠲᠥᠷᠥᠯ ᠢ ᠨᠡᠮᠡᠭᠳᠡᠭᠦᠯᠦᠭᠰᠡᠨ᠃
ᠥᠨᠥᠳᠥᠷ ᠦᠨ ᠪᠠᠢᠢᠳᠠᠯ ᠢᠶᠠᠷ ᠡᠮᠴᠢᠯᠡᠭᠡᠨ ᠦ 467 ᠣᠷᠣ ᠲᠠᠢ᠂ 20 ᠲᠠᠰᠤᠭ ᠺᠠᠪᠢᠨᠧᠲ ᠲᠠᠢ᠂ 438 ᠡᠮᠴᠢ᠂ ᠠᠵᠢᠯᠴᠢᠨ ᠲᠠᠢ᠃ 20 ᠲᠥᠷᠥᠯ ᠦᠨ ᠨᠠᠷᠢᠨ ᠮᠡᠷᠭᠡᠵᠢᠯ᠂ 42 ᠲᠥᠷᠥᠯ ᠦᠨ ᠨᠠᠷᠢᠨ ᠮᠡᠷᠭᠡᠵᠢᠯ ᠦᠨ ᠡᠮᠴᠢ ᠨᠠᠷ ᠠᠵᠢᠯᠯᠠᠵᠤ ᠪᠠᠢᠢᠨ᠎ᠠ᠃