Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠫᠣᠯᠢᠱ ᠤᠯᠤᠰ ᠤᠨ ᠶᠡᠷᠦᠩᠬᠡᠢᠢᠯᠡᠭᠴᠢ ᠠᠨᠳ᠋ᠵᠧᠢ ᠳᠤᠳᠠ ᠨᠠᠷ ᠠᠯᠪᠠᠨ ᠶᠣᠰᠣᠨ ᠤ ᠬᠡᠯᠡᠯᠴᠡᠭᠡ ᠬᠢᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠭ᠎ᠠ ᠪᠦᠭᠦᠳᠡ ᠨᠠᠢᠢᠷᠠᠮᠳᠠᠬᠤ ᠫᠣᠯᠢᠱ ᠤᠯᠤᠰ ᠤᠨ ᠶᠡᠷᠦᠩᠬᠡᠢᠢᠯᠡᠭᠴᠢ ᠠᠨᠳ᠋ᠵᠧᠢ ᠳᠤᠲᠠ ᠲᠠᠢ ᠠᠯᠪᠠᠨ ᠶᠣᠰᠣᠨ ᠤ ᠬᠡᠯᠡᠯᠴᠡᠭᠡ ᠬᠢᠯ᠎ᠡ᠃

ᠬᠣᠶᠠᠷ ᠤᠯᠤᠰ ᠲᠥᠷᠥ ᠢᠢᠨ ᠲᠡᠷᠢᠭᠦᠨ ᠦ ᠲᠦᠪᠰᠢᠨ ᠳᠤ 5-10 ᠵᠢᠯ ᠦᠨ ᠳᠠᠪᠲᠠᠮᠵᠢ ᠲᠠᠢ ᠬᠠᠷᠢᠯᠴᠠᠨ ᠠᠢᠢᠯᠴᠢᠯᠠᠯ ᠬᠢᠵᠦ ᠢᠷᠡᠭᠰᠡᠨ ᠪᠥᠭᠡᠳ ᠡᠮᠦᠨᠡᠬᠢ ᠠᠢᠢᠯᠴᠢᠯᠠᠯ ᠠᠴᠠ ᠬᠣᠢᠢᠰᠢ 10 ᠵᠢᠯ ᠦᠨ ᠳᠠᠷᠠᠭ᠎ᠠ ᠶᠡᠷᠦᠩᠬᠡᠢᠢᠯᠡᠭᠴᠢ ᠠᠨᠳ᠋ᠵᠧᠢ ᠳᠤᠳᠠ ᠠᠢᠢᠯᠴᠢᠯᠠᠵᠤ ᠪᠠᠢᠢᠭ᠎ᠠ ᠨᠢ ᠬᠣᠶᠠᠷ ᠣᠷᠣᠨ ᠤ ᠬᠠᠷᠢᠯᠴᠠᠭᠠᠨ ᠤ ᠲᠡᠦᠬᠡᠨ ᠳᠤ ᠲᠣᠳᠣ ᠪᠠᠷ ᠪᠢᠴᠢᠭᠳᠡᠵᠦ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠬᠦ ᠳᠤ ᠪᠠᠲᠤ ᠪᠡᠬᠢ ᠰᠠᠭᠤᠷᠢ ᠪᠣᠯᠤᠨ᠎ᠠ ᠭᠡᠳᠡᠭ ᠢ ᠲᠠᠯ᠎ᠠ ᠨᠤᠭᠤᠳ ᠲᠡᠮᠳᠡᠭᠯᠡᠪᠡ᠃

ᠳᠡᠯᠡᠬᠡᠢ ᠢᠢᠨ ᠤᠯᠤᠰ ᠣᠷᠣᠨ ᠨᠤᠭᠤᠳ ᠤᠨ ᠡᠮᠦᠨ᠎ᠡ ᠲᠤᠯᠭᠠᠷᠴᠤ ᠪᠤᠢ ᠴᠠᠷ᠎ ᠲᠠᠬᠤᠯ᠂ ᠣᠯᠠᠨ ᠤᠯᠤᠰ ᠤᠨ ᠬᠠᠷᠢᠯᠴᠠᠭ᠎ᠠ᠂ ᠭᠧᠣᠫᠣᠯᠢᠲ᠋ᠢᠺ ᠤᠨ ᠡᠭᠡᠳᠡᠷᠡᠭᠡ ᠲᠡᠢ ᠨᠥᠬᠥᠴᠡᠯ ᠪᠠᠢᠢᠳᠠᠯ ᠠᠴᠠ ᠡᠭᠦᠳᠦᠯᠲᠡᠢ ᠨᠡᠢᠢᠭᠡᠮ᠂ ᠡᠳ᠋ ᠍ ᠦᠨ ᠵᠠᠰᠠᠭ ᠤᠨ ᠲᠣᠮᠣᠬᠠᠨ ᠰᠣᠷᠢᠯᠲᠠ ᠨᠤᠭᠤᠳ ᠤᠨ ᠦᠷ᠎ᠡ ᠳᠠᠭᠠᠪᠤᠷᠢ᠂ ᠰᠢᠢᠳᠦᠯ ᠦᠨ ᠲᠠᠯ᠎ᠠ ᠪᠠᠷ ᠶᠠᠷᠢᠯᠴᠠᠵᠤ᠂ ᠬᠦᠨᠳᠦᠷᠡᠯ᠂ ᠪᠡᠷᠬᠡᠰᠢᠶᠡᠯ ᠢ ᠬᠠᠮᠲᠤ ᠢᠢᠨ ᠬᠦᠴᠦᠨ ᠴᠢᠷᠮᠠᠢᠢᠯᠲᠠ ᠪᠠᠷ ᠳᠠᠪᠠᠨ᠎ᠠ ᠭᠡᠳᠡᠭ ᠲᠤ ᠰᠠᠨᠠᠯ ᠨᠢᠭᠡᠳᠦᠯ᠎ᠡ᠃

ᠪᠦᠭᠦᠳᠡ ᠨᠠᠢᠢᠷᠠᠮᠳᠠᠬᠤ ᠫᠣᠯᠢᠱ ᠤᠯᠤᠰ ᠨᠢ ᠮᠣᠩ᠋ᠭᠣᠯ ᠤᠯᠤᠰ ᠤᠨ ᠭᠤᠷᠪᠠᠳᠠᠭᠴᠢ ᠬᠥᠷᠰᠢ᠂ ᠳᠣᠲᠣᠨᠣ ᠲᠦᠩᠰᠢ ᠢᠢᠨ ᠨᠢᠭᠡ ᠪᠥᠭᠡᠳ ᠬᠦᠨᠳᠦᠷᠡᠯ᠂ ᠪᠡᠷᠬᠡᠰᠢᠶᠡᠯ ᠲᠡᠢ ᠦᠶ᠎ᠡ ᠳᠤ ᠴᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠲᠠᠰᠤᠷᠠᠯᠲᠠ ᠦᠭᠡᠢ ᠢᠳᠡᠪᠬᠢᠲᠡᠢ ᠥᠷᠨᠢᠵᠦ ᠢᠷᠡᠭᠰᠡᠨ᠃

ᠲᠤᠬᠠᠢᠢᠯᠠᠪᠠᠯ᠂ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠤᠨ ᠶᠠᠮᠤᠨ ᠢᠢᠠᠨ ᠰᠡᠷᠭᠦᠭᠡᠬᠦ ᠰᠢᠢᠳᠪᠦᠷᠢ ᠢᠢ 2021 ᠣᠨ ᠳᠤ ᠭᠠᠷᠭᠠᠵᠤ᠂ ᠲᠥᠷᠥ ᠢᠢᠨ ᠠᠢᠢᠯᠴᠢᠯᠠᠯ ᠤᠨ ᠦᠶ᠎ᠡ ᠪᠡᠷ ᠠᠯᠪᠠᠨ ᠶᠣᠰᠣᠭᠠᠷ ᠨᠡᠭᠡᠭᠡᠵᠦ ᠪᠠᠢᠢᠭ᠎ᠠ ᠳᠤ ᠪᠠᠶᠠᠷᠲᠠᠢ ᠪᠠᠢᠢᠭ᠎ᠠ ᠪᠠᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠨᠴᠠᠯᠠᠨ ᠲᠡᠮᠳᠡᠭᠯᠡᠪᠡ᠃
ᠡᠯᠴᠢᠨ ᠰᠠᠢᠢᠳ ᠤᠨ ᠶᠠᠮᠤᠨ ᠳᠤ ᠪᠠᠨ ᠺᠣᠨᠰᠤᠢᠯ ᠤᠨ ᠬᠡᠯᠲᠡᠰ ᠠᠵᠢᠯᠯᠠᠭᠤᠯᠬᠤ ᠮᠣᠩ᠋ᠭᠣᠯ ᠤᠨ ᠲᠠᠯ᠎ᠠ ᠢᠢᠨ ᠬᠦᠰᠡᠯᠲᠡ ᠢᠢ ᠪᠦᠭᠦᠳᠡ ᠨᠠᠢᠢᠷᠠᠮᠳᠠᠬᠤ ᠫᠣᠯᠢᠱ ᠤᠯᠤᠰ 2024 ᠣᠨ ᠠᠴᠠ ᠠᠵᠢᠯ ᠬᠡᠷᠡᠭ ᠪᠣᠯᠭᠠᠬᠤ ᠠᠴᠠ ᠭᠠᠳᠠᠨ᠎ᠠ ᠮᠣᠩ᠋ᠭᠣᠯ ᠣᠶᠤᠲᠠᠨ ᠤ ᠲᠣᠭ᠎ᠠ ᠢᠢ ᠨᠡᠮᠡᠭᠳᠡᠭᠦᠯᠬᠦ ᠪᠡᠨ ᠨᠣᠲᠠᠯᠠᠪᠠ᠃

ᠢᠩ᠋ᠭᠢᠭ᠍ᠰᠡᠨ ᠢᠶᠡᠷ ᠮᠣᠩ᠋ᠭᠣᠯ ᠢᠷᠭᠡᠳ ᠪᠦᠭᠦᠳᠡ ᠨᠠᠢᠢᠷᠠᠮᠳᠠᠬᠤ ᠫᠣᠯᠢᠱ ᠤᠯᠤᠰ ᠲᠤ ᠵᠣᠷᠴᠢᠬᠤ ᠸᠢᠰ ᠢᠶᠡᠨ ᠮᠣᠩ᠋ᠭᠣᠯ ᠤᠯᠤᠰ ᠳ᠋ᠠᠬᠢ ᠪᠦᠭᠦᠳᠡ ᠨᠠᠢᠢᠷᠠᠮᠳᠠᠬᠤ ᠴᠧᠬᠢ ᠤᠯᠤᠰ ᠤᠨ ᠪᠣᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠳ᠋ᠠᠬᠢ ᠲᠤᠰ ᠤᠯᠤᠰ ᠤᠨ ᠡᠯᠴᠢᠨ ᠰᠠᠢᠢᠳ ᠤᠨ ᠶᠠᠮᠤᠨ ᠠᠴᠠ ᠠᠪᠬᠤ ᠱᠠᠭᠠᠷᠳᠠᠯᠭ᠎ᠠ ᠦᠭᠡᠢ ᠪᠣᠯᠬᠤ ᠶᠤᠮ᠃

ᠮᠣᠩ᠋ᠭᠣᠯ ᠣᠶᠤᠲᠠᠨ ᠨᠤᠭᠤᠳ ᠬᠣᠶᠠᠷ ᠣᠷᠣᠨ ᠤ ᠠᠷᠠᠳ ᠢᠷᠭᠡᠳ ᠢ ᠬᠤᠯᠪᠤᠬᠤ ᠭᠦᠭᠦᠷᠭᠡ ᠨᠢ ᠪᠣᠯᠵᠤ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠤ ᠴᠢᠬᠤᠯᠠ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠤ ᠲᠠᠯ᠎ᠠ ᠨᠤᠭᠤᠳ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃

ᠬᠣᠶᠠᠷ ᠤᠯᠤᠰ ᠤᠨ ᠫᠠᠷᠯᠠᠮᠧᠨᠲ᠂ ᠵᠠᠰᠠᠭ ᠤᠨ ᠭᠠᠵᠠᠷ᠂ ᠲᠥᠷᠥ ᠢᠢᠨ ᠪᠠᠢᠢᠭᠤᠯᠤᠯᠭ᠎ᠠ ᠨᠤᠭᠤᠳ᠂ ᠢᠷᠭᠡᠳ᠂ ᠪᠢᠽᠨ᠋ᠧᠰ ᠡᠷᠬᠢᠯᠡᠭᠴᠢ᠂ ᠪᠠᠶᠠᠯᠢᠭ ᠪᠦᠲᠦᠭᠡᠭ᠍ᠴᠢᠳ ᠬᠣᠭᠣᠷᠣᠨᠳᠣ ᠢᠢᠨ ᠬᠠᠷᠢᠯᠴᠠᠭ᠎ᠠ ᠢᠳᠡᠪᠬᠢᠵᠢᠵᠦ᠂ ᠬᠣᠶᠠᠷ ᠣᠷᠣᠨ ᠤ ᠬᠤᠳᠠᠯᠳᠤᠭᠠᠨ ᠤ ᠡᠷᠭᠢᠯᠲᠡ 100 ᠰᠠᠶ᠎ᠠ ᠣᠷᠴᠢᠮ ᠠᠮ᠂ ᠳ᠋ᠣᠯᠯᠠᠷ ᠲᠤ ᠬᠦᠷᠡᠨ᠂ ᠰᠡᠭᠦᠯ ᠦᠨ ᠭᠤᠷᠪᠠᠨ ᠵᠢᠯ ᠳᠤ ᠬᠣᠶᠠᠷ ᠳᠠᠬᠢᠨ ᠨᠡᠮᠡᠭᠳᠡᠭᠰᠡᠨ ᠢ ᠲᠠᠯ᠎ᠠ ᠨᠤᠭᠤᠳ ᠣᠨᠴᠠᠯᠠᠪᠠ᠃

ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢ ᠡᠷᠴᠢᠮᠲᠡᠢ ᠨᠡᠮᠡᠭᠳᠡᠭᠦᠯᠵᠦ᠂ ᠲᠣᠮᠣᠬᠠᠨ ᠪᠦᠲᠦᠭᠡᠨ ᠪᠠᠢᠢᠭᠤᠯᠤᠯᠲᠠ᠂ ᠵᠠᠮ ᠲᠡᠭᠡᠭᠡᠪᠦᠷᠢ᠂ ᠪᠣᠯᠪᠠᠰᠤᠷᠠᠯ᠂ ᠭᠧᠣᠯᠣᠭᠢ᠂ ᠠᠭᠤᠯᠠ ᠠᠭᠤᠷᠬᠠᠢ᠂ ᠰᠤᠶᠤᠯ ᠤᠷᠠᠯᠢᠭ᠂ ᠪᠠᠢᠢᠭᠠᠯᠢ ᠣᠷᠴᠢᠨ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠷ ᠲᠣᠬᠢᠷᠠᠯᠴᠠᠯ᠎ᠠ᠃
《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠤ ᠬᠠᠮᠲᠤᠷᠠᠨ ᠠᠵᠢᠯᠯᠠᠵᠤ᠂ ᠬᠠᠷᠢᠯᠴᠠᠨ ᠠᠰᠢᠭᠲᠠᠢ ᠲᠣᠮᠣᠬᠠᠨ ᠲᠥᠰᠦᠯ᠂ ᠬᠥᠲᠦᠯᠪᠦᠷᠢ ᠨᠦᠭᠦᠳ ᠢ ᠬᠥᠳᠡᠭᠡ ᠠᠵᠤ᠂ ᠠᠬᠤᠢ᠂ ᠪᠠᠢᠢᠭᠠᠯᠢ ᠣᠷᠴᠢᠨ ᠤ ᠰᠠᠯᠪᠤᠷᠢ ᠲᠤ ᠬᠡᠷᠡᠭᠵᠢᠭᠦᠯᠬᠦ ᠪᠡᠷ ᠰᠠᠨᠠᠯ ᠨᠢᠭᠡᠳᠪᠡ᠃

ᠬᠦᠮᠦᠨ ᠦ ᠡᠷᠬᠡ᠂ ᠡᠷᠬᠡ ᠴᠢᠯᠦᠭᠡ ᠢᠢ ᠳᠡᠭᠡᠳᠦᠯᠡᠭᠰᠡᠨ᠂ ᠨᠡᠭᠡᠭᠡᠯᠲᠡ ᠲᠡᠢ᠂ ᠣᠯᠠᠨ ᠲᠤᠯᠭᠠᠭᠤᠷᠢᠲᠤ ᠡᠩᠬᠡ ᠲᠠᠢᠢᠪᠤᠩᠴᠢ ᠪᠣᠳᠣᠯᠭ᠎ᠠ ᠢᠢ ᠡᠷᠬᠢᠮᠯᠡᠳᠡᠭ ᠮᠣᠩ᠋ᠭᠣᠯ ᠤᠯᠤᠰ ᠨᠢ ᠠᠷᠠᠳᠴᠢᠯᠠᠭᠰᠠᠨ ᠨᠡᠢᠢᠭᠡᠮ ᠤᠨ ᠦᠨᠡᠲᠦ ᠵᠦᠢᠯ ᠢᠶᠡᠨ ᠬᠠᠮᠠᠭᠠᠯᠠᠬᠤ᠂ ᠪᠡᠬᠢᠵᠢᠭᠦᠯᠬᠦ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠪᠥᠰᠡ ᠨᠤᠲᠤᠭ ᠲᠤ ᠪᠠᠨ ᠬᠥᠭ᠍ᠵᠢᠭᠦᠯᠬᠦ ᠢᠢ ᠡᠷᠡᠮᠡᠯᠵᠡᠵᠦ ᠪᠤᠢ ᠪᠦᠭᠦᠳᠡ ᠨᠠᠢᠢᠷᠠᠮᠳᠠᠬᠤ ᠫᠣᠯᠢᠱ ᠤᠯᠤᠰ ᠤᠨ ᠪᠣᠳᠣᠯᠭ᠎ᠠ ᠢᠢ ᠬᠦᠨᠳᠦᠳᠭᠡᠵᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠤ ᠬᠠᠮᠲᠤ ᠢᠢᠨ ᠠᠵᠢᠯᠯᠠᠭ᠎ᠠ ᠢᠢ ᠪᠠᠨ ᠭᠦᠨᠵᠡᠭᠡᠢᠢᠷᠡᠭᠦᠯᠬᠦ ᠪᠡᠨ ᠨᠣᠲᠠᠯᠠᠯ᠎ᠠ᠃ ᠲᠥᠷᠥ ᠢᠢᠨ ᠠᠢᠢᠯᠴᠢᠯᠠᠯ ᠤᠨ ᠦᠶ᠎ᠡ ᠪᠡᠷ ᠬᠢᠭ᠍ᠰᠡᠨ ᠬᠡᠯᠡᠯᠴᠡᠭᠡ᠂ ᠬᠠᠷᠢᠯᠴᠠᠨ ᠲᠣᠬᠢᠷᠠᠯᠴᠠᠭᠰᠠᠨ ᠠᠵᠢᠯ ᠤᠳ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠨᠡᠢᠢᠲᠡᠯᠢᠭ ᠵᠣᠷᠢᠯᠲᠠ ᠨᠤᠭᠤᠳ ᠢ ᠬᠡᠷᠡᠭᠵᠢᠭᠦᠯᠬᠦ ᠳ᠋ᠦ ᠲᠡᠳᠦᠢ ᠦᠭᠡᠢ᠂ ᠬᠣᠶᠠᠷ ᠣᠷᠣᠨ ᠤ ᠬᠥᠭ᠍ᠵᠢᠯ ᠴᠡᠴᠡᠭᠯᠡᠯᠲᠡ᠂ ᠨᠡᠢᠢᠲᠡ ᠠᠷᠠᠳ ᠢᠷᠭᠡᠳ ᠦᠨ ᠰᠠᠢᠢᠨ ᠰᠠᠢᠢᠬᠠᠨ ᠤ ᠲᠥᠯᠥᠭᠡ ᠪᠡᠶᠡᠯᠡᠯ ᠢᠶᠡᠨ ᠣᠯᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠢᠨ᠎ᠡ ᠲᠦᠪᠰᠢᠨ ᠳᠤ ᠭᠠᠷᠤᠨ᠎ᠠ ᠭᠡᠳᠡᠭ ᠲᠤ ᠢᠲᠡᠭᠡᠯ ᠲᠡᠭᠦᠰ ᠪᠠᠢᠢᠭ᠎ᠠ ᠪᠠᠨ ᠲᠠᠯ᠎ᠠ ᠨᠤᠭᠤᠳ ᠢᠯᠡᠷᠬᠡᠢᠢᠯᠡᠯ᠎ᠡ᠃