Та "Internet explorer"-ийн сүүлийн хувилбар болох "Microsoft edge"-г ашиглана уу

Хэрэв "Microsoft edge"-г татах бол энд дарж татаж авна уу

《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠴᠢᠭᠤᠯᠭᠠᠨ ᠠᠴᠠ ᠵᠥᠪᠯᠡᠮᠵᠢ ᠭᠠᠷᠭᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠪᠠᠷ ᠲᠥᠷᠥ ᠢᠢᠨ ᠣᠷᠳᠣᠨ ᠳᠤ ᠵᠣᠬᠢᠶᠠᠨ ᠪᠠᠢᠢᠭᠤᠯᠤᠭᠰᠠᠨ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠴᠢᠭᠤᠯᠭᠠᠨ ᠠᠴᠠ ᠵᠥᠪᠯᠡᠮᠵᠢ ᠭᠠᠷᠭᠠᠯ᠎ᠠ᠃

ᠦᠨᠳᠦᠰᠦᠨ ᠦ ᠬᠥᠳᠡᠯᠭᠡᠭᠡᠨ ᠦ ᠬᠡᠷᠡᠭᠵᠢᠯᠲᠡ ᠢᠢ ᠬᠠᠩ᠋ᠭᠠᠬᠤ ᠴᠢᠭᠯᠡᠯ ᠢᠶᠡᠷ᠄

《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ ᠢ ᠡᠷᠴᠢᠮᠵᠢᠭᠦᠯᠬᠦ᠂ ᠬᠡᠷᠡᠭᠵᠢᠯᠲᠡ ᠢᠢ ᠬᠠᠩ᠋ᠭᠠᠬᠤ ᠡᠭᠦᠳᠡᠨ ᠡᠴᠡ ᠬᠣᠯᠪᠣᠭᠳᠠᠬᠤ ᠶᠠᠮᠤᠨ᠂ ᠠᠭᠧᠨᠲᠯᠢᠭ᠌᠂ ᠲᠥᠷᠥ᠂ ᠵᠠᠬᠢᠷᠭᠠᠨ ᠤ ᠪᠠᠢᠢᠭᠤᠯᠤᠯᠭ᠎ᠠ᠂ ᠢᠷᠭᠡᠨ ᠦ ᠨᠡᠢᠢᠭᠡᠮ ᠤᠨ ᠲᠥᠯᠥᠭᠡᠯᠡᠯ ᠪᠦᠬᠦᠢ ᠦᠨᠳᠦᠰᠦᠨ ᠦ ᠵᠥᠪᠯᠡᠯ ᠪᠠᠢᠢᠭᠤᠯᠬᠤ᠂

ᠬᠦᠮᠦᠨ ᠠᠮᠠ᠂ ᠣᠯᠠᠨ ᠨᠡᠢᠢᠲᠡ ᠳᠤ ᠴᠢᠭᠯᠡᠭᠰᠡᠨ᠂ ᠰᠤᠳᠤᠯᠭᠠᠨ ᠳᠤ ᠰᠠᠭᠤᠷᠢᠯᠠᠭᠰᠠᠨ ᠨᠡᠢᠢᠲᠡ ᠢᠢᠨ ᠡᠷᠡᠭᠦᠯ ᠮᠡᠨᠳᠦ ᠢᠢᠨ ᠠᠷᠭ᠎ᠠ ᠬᠡᠮᠵᠢᠶ᠎ᠡ ᠢᠢ ᠥᠷᠭᠡᠵᠢᠭᠦᠯᠬᠦ ᠳᠤ ᠱᠠᠭᠠᠷᠳᠠᠯᠭ᠎ᠠ ᠲᠠᠢ ᠨᠡᠮᠡᠯᠲᠡ ᠰᠠᠩᠬᠦᠵᠢᠯᠲᠡ ᠢᠢ ᠪᠦᠷᠢᠳᠦᠭᠦᠯᠬᠦ ᠰᠠᠩ ᠡᠭᠦᠰᠬᠡᠨ ᠪᠠᠢᠢᠭᠤᠯᠬᠤ᠂
ᠠᠷᠢᠬᠢ᠂ ᠰᠤᠭᠳᠤᠭᠤᠷᠠᠭᠤᠯᠬᠤ ᠤᠮᠳᠠᠭ᠎ᠠ᠂ ᠲᠠᠮᠠᠬᠢᠨ ᠤ ᠣᠨᠴᠤᠭᠤᠢ ᠠᠯᠪᠠᠨ ᠲᠠᠲᠠᠪᠤᠷᠢ ᠢᠢᠨ 10 ᠬᠦᠷᠲᠡᠯ᠎ᠡ ᠬᠤᠪᠢ ᠢᠢ ᠳᠡᠭᠡᠷᠡᠬᠢ ᠰᠠᠩ ᠳᠤ ᠲᠥᠪᠯᠡᠷᠡᠭᠦᠯᠦᠨ ᠨᠡᠢᠢᠲᠡ ᠢᠢᠨ ᠡᠷᠡᠭᠦᠯ ᠮᠡᠨᠳᠦ ᠳᠤ ᠵᠠᠷᠤᠴᠠᠭᠤᠯᠬᠤ ᠪᠣᠯᠤᠮᠵᠢ ᠢᠢ ᠡᠷᠢᠯᠬᠢᠯᠡᠬᠦᠯᠬᠦ᠂
ᠦᠨᠳᠦᠰᠦᠨ ᠦ ᠬᠥᠳᠡᠯᠭᠡᠭᠡᠨ ᠦ ᠦᠵᠡᠯ ᠪᠠᠷᠢᠮᠲᠠᠯᠠᠯ᠂ ᠪᠣᠳᠣᠯᠭ᠎ᠠ ᠢᠢᠨ ᠪᠠᠷᠢᠮᠲᠠ ᠪᠢᠴᠢᠭ᠌ ᠢ ᠡᠴᠦᠰᠯᠡᠨ 2023-2030 ᠣᠨ ᠳᠤ ᠬᠡᠷᠡᠭᠵᠢᠭᠦᠯᠬᠦ ᠨᠠᠷᠢᠪᠴᠢᠯᠠᠭᠰᠠᠨ ᠳᠡᠳ᠋ ᠬᠥᠲᠥᠯᠪᠦᠷᠢ᠂ ᠲᠥᠯᠥᠪᠯᠡᠭᠡ ᠪᠣᠯᠪᠠᠰᠤᠷᠠᠭᠤᠯᠤᠨ ᠬᠡᠷᠡᠭᠵᠢᠭᠦᠯᠬᠦ᠂
ᠳᠡᠳ᠋ ᠬᠥᠲᠥᠯᠪᠦᠷᠢ ᠨᠦᠭᠦᠳ ᠢ ᠬᠡᠷᠡᠭᠵᠢᠭᠦᠯᠬᠦ᠂ ᠵᠣᠬᠢᠶᠠᠨ ᠪᠠᠢᠢᠭᠤᠯᠬᠤ᠂ ᠬᠢᠨᠠᠯᠲᠠ ᠰᠢᠨᠵᠢᠯᠡᠭᠡ ᠬᠢᠬᠦ ᠰᠠᠯᠪᠤᠷᠢ ᠳᠤᠮᠳᠠ ᠢᠢᠨ ᠲᠥᠯᠥᠪᠯᠡᠯᠲᠡ᠂ ᠵᠣᠬᠢᠴᠠᠭᠤᠯᠤᠯᠲᠠ ᠢᠢᠨ ᠨᠢᠭᠡᠴᠡ ᠪᠠᠢᠢᠭᠤᠯᠬᠤ᠂

ᠨᠡᠢᠢᠲᠡ ᠢᠢᠨ ᠡᠷᠡᠭᠦᠯ ᠮᠡᠨᠳᠦ ᠢᠢᠨ ᠲᠤᠰᠠᠯᠠᠮᠵᠢ ᠢᠢᠨ ᠴᠢᠨᠠᠷ᠂ ᠬᠦᠷᠲᠡᠭᠡᠮᠵᠢ ᠢᠢ ᠳᠡᠭᠡᠭ᠍ᠰᠢᠯᠡᠭᠦᠯᠬᠦ ᠴᠢᠭᠯᠡᠯ ᠢᠶᠡᠷ᠄

ᠲᠤᠰᠠᠯᠠᠮᠵᠢ᠂ ᠦᠢᠯᠡᠴᠢᠯᠡᠭᠡ ᠢᠢ ᠬᠦᠮᠦᠨ ᠠᠮᠠ ᠳᠤ ᠬᠦᠷᠲᠡᠭᠡᠮᠵᠢᠲᠡᠢ᠂ ᠴᠢᠨᠠᠷᠲᠠᠢ ᠬᠦᠷᠭᠡᠬᠦ ᠦᠨᠳᠦᠰᠦᠨ ᠦ ᠲᠣᠭᠲᠠᠯᠴᠠᠭ᠎ᠠ ᠢᠢ ᠨᠡᠩ ᠶᠠᠭᠠᠷᠠᠯ ᠲᠠᠢ ᠪᠦᠷᠢᠳᠦᠭᠦᠯᠵᠦ᠂ ᠠᠩᠬᠠᠨ ᠱᠠᠲᠤᠨ ᠤ ᠡᠷᠡᠭᠦᠯ ᠮᠡᠨᠳᠦ ᠢᠢᠨ ᠪᠠᠢᠢᠭᠤᠯᠤᠯᠭ᠎ᠠ᠂ ᠬᠠᠮᠲᠤᠷᠠᠭᠴᠢ ᠲᠠᠯ᠎ᠠ ᠨᠤᠭᠤᠳ ᠢ ᠮᠡᠷᠭᠡᠵᠢᠯ ᠦᠨ ᠠᠷᠭ᠎ᠠ ᠵᠦᠢ ᠪᠡᠷ ᠬᠠᠩ᠋ᠭᠠᠬᠤ᠂
ᠨᠡᠷ᠎ᠡ ᠲᠥᠷᠥᠯ᠂ ᠥᠷᠲᠡᠭ ᠵᠠᠷᠤᠳᠠᠯ᠂ ᠰᠠᠩᠬᠦᠵᠢᠯᠲᠡ ᠢᠢ ᠲᠣᠳᠣᠷᠬᠠᠢ ᠪᠣᠯᠭᠠᠬᠤ ᠴᠢᠭᠯᠡᠯ ᠢᠶᠡᠷ ᠡᠷᠬᠡ ᠵᠦᠢ ᠢᠢᠨ ᠰᠢᠨᠡᠴᠢᠯᠡᠯ ᠡᠬᠢᠯᠡᠭᠦᠯᠵᠦ᠂ ᠬᠡᠷᠡᠭᠵᠢᠭᠦᠯᠬᠦ᠂
ᠤᠷᠢᠳᠴᠢᠯᠠᠨ ᠰᠡᠷᠭᠡᠢᠢᠯᠡᠬᠦ ᠪᠣᠯᠤᠮᠵᠢ ᠲᠠᠢ ᠡᠪᠡᠳᠴᠢᠯᠡᠯ᠂ ᠨᠠᠰᠤ ᠪᠠᠷᠤᠯᠲᠠ ᠢᠢ ᠪᠠᠭᠤᠷᠠᠭᠤᠯᠬᠤ ᠵᠣᠷᠢᠯᠭ᠎ᠠ ᠪᠠᠷ ᠬᠠᠯᠳᠠᠪᠤᠷᠢᠲᠤ ᠪᠤᠰᠤ ᠡᠪᠡᠳᠴᠢᠨ ᠦ ᠠᠩᠬᠠᠳᠠᠭᠴᠢ ᠪᠠ ᠵᠠᠪᠰᠠᠷ ᠤᠨ ᠡᠷᠦᠰᠳᠡᠯᠳᠦ ᠬᠦᠴᠦᠨ ᠵᠦᠢᠯ ᠦᠨ ᠰᠠᠭᠤᠷᠢ ᠦᠵᠡᠭᠦᠯᠦᠯᠲᠡ ᠢᠢ ᠰᠤᠮᠤ᠂ ᠠᠢᠢᠮᠠᠭ᠂ ᠳᠡᠭᠦᠷᠭᠡ ᠢᠢᠨ ᠵᠣᠷᠢᠯᠲᠠᠲᠤ ᠪᠦᠯᠦᠭ ᠦᠳ ᠢᠶᠡᠷ ᠲᠣᠭᠲᠠᠭᠠᠨ᠂ ᠲᠡᠭᠦᠨ ᠢ ᠪᠠᠭᠤᠷᠠᠭᠤᠯᠬᠤ᠂ ᠰᠡᠷᠭᠡᠢᠢᠯᠡᠬᠦ᠂ ᠬᠢᠨᠠᠬᠤ᠂ ᠡᠷᠡᠭᠦᠯ ᠮᠡᠨᠳᠦ ᠢᠢ ᠳᠡᠮᠵᠢᠬᠦ ᠳᠤ ᠴᠢᠭᠯᠡᠭᠰᠡᠨ ᠰᠠᠭᠤᠷᠢ ᠪᠠ ᠠᠩᠬᠠᠳᠠᠭᠴᠢ ᠰᠡᠷᠭᠡᠢᠢᠯᠡᠯᠲᠡ᠂ ᠢᠨᠲ᠋ᠧᠷᠸᠧᠨᠼ ᠢ ᠣᠨᠣᠪᠴᠢᠲᠠᠢ ᠲᠥᠯᠥᠪᠯᠡᠨ ᠬᠡᠷᠡᠭᠵᠢᠭᠦᠯᠵᠦ᠂ ᠦᠷ᠎ᠡ ᠳ᠋ᠦᠩ ᠢ ᠲᠣᠭᠠᠴᠠᠬᠤ᠂
ᠡᠪᠡᠳᠴᠢᠨ ᠢ ᠢᠯᠡᠷᠡᠭᠦᠯᠬᠦ᠂ ᠣᠨᠣᠰᠢᠯᠠᠬᠤ ᠳᠤ ᠴᠢᠭᠯᠡᠭᠰᠡᠨ ᠣᠯᠠᠨ ᠢ ᠬᠠᠮᠤᠷᠤᠭᠰᠠᠨ 《ᠡᠷᠲᠡ ᠢᠯᠡᠷᠡᠭᠦᠯᠦᠭ》 ᠍ ᠢ ᠪᠣᠯᠪᠠᠰᠤᠷᠠᠩ᠋ᠭᠤᠢ ᠪᠣᠯᠭᠠᠵᠤ᠂ ᠴᠢᠨᠠᠭᠰᠢᠳᠠ ᠡᠮᠭᠡᠭ ᠲᠤ ᠬᠦᠷᠭᠡᠬᠦ ᠡᠷᠦᠰᠳᠡᠯ ᠢ ᠲᠣᠭᠲᠠᠭᠠᠬᠤ ᠵᠣᠷᠢᠯᠭ᠎ᠠ ᠪᠦᠬᠦᠢ ᠥᠷᠲᠡᠭ ᠬᠢᠮᠳᠠ᠂ ᠡᠩ ᠦᠨ ᠠᠷᠭ᠎ᠠ ᠳᠤ ᠲᠤᠯᠭᠠᠭᠤᠷᠢᠯᠠᠭᠰᠠᠨ ᠢᠯᠡᠷᠡᠭᠦᠯᠭᠡ ᠢᠢ ᠡᠷᠡᠭᠦᠯ ᠪᠣᠯᠤᠨ ᠡᠷᠦᠰᠳᠡᠯᠳᠦ ᠪᠦᠯᠦᠭ ᠲᠤ ᠬᠡᠷᠡᠭᠵᠢᠭᠦᠯᠬᠦ᠂
ᠠᠷᠢᠬᠢ᠂ ᠲᠠᠮᠠᠬᠢᠨ ᠤ ᠵᠣᠬᠢᠰ ᠦᠭᠡᠢ ᠬᠡᠷᠡᠭᠯᠡᠭᠡᠨ ᠡᠴᠡ ᠡᠭᠦᠳᠦᠯᠲᠡᠢ ᠡᠮᠭᠡᠭ᠌᠂ ᠲᠡᠭᠦᠨ ᠦ ᠨᠠᠰᠤ ᠪᠠᠷᠤᠯᠲᠠ ᠢᠢ ᠪᠠᠭᠤᠷᠠᠭᠤᠯᠬᠤ ᠢᠢᠨ ᠲᠤᠯᠠ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠤᠨ ᠬᠣᠯᠪᠣᠭᠳᠠᠬᠤ ᠵᠠᠷᠴᠢᠮ ᠢ ᠴᠣᠭᠴᠠ ᠪᠠᠷ ᠬᠡᠷᠡᠭᠵᠢᠭᠦᠯᠵᠦ᠂ ᠠᠷᠢᠬᠢᠨ ᠳᠤ ᠳᠣᠩᠲᠣᠬᠤ ᠡᠮᠭᠡᠭ ᠡᠴᠡ ᠰᠡᠷᠭᠡᠢᠢᠯᠡᠬᠦ᠂ ᠳᠣᠩᠲᠣᠬᠤ ᠡᠮᠭᠡᠭ ᠦᠨ ᠡᠮᠴᠢᠯᠡᠭᠡᠨ ᠦ ᠬᠦᠷᠲᠡᠭᠡᠮᠵᠢ ᠢᠢ ᠨᠡᠮᠡᠭᠳᠡᠭᠦᠯᠬᠦ ᠢᠢᠨ ᠲᠤᠯᠠᠳᠠ ᠠᠢᠢᠮᠠᠭ᠂ ᠳᠦᠭᠦᠷᠭᠡ ᠨᠦᠭᠦᠳ ᠲᠤ ᠨᠡᠢᠢᠭᠡᠮ᠂ ᠰᠡᠳᠬᠢᠯ ᠵᠦᠢ ᠢᠢᠨ ᠨᠢᠭᠡᠴᠡ ᠠᠵᠢᠯᠯᠠᠭᠤᠯᠵᠤ᠂ ᠮᠡᠷᠭᠡᠰᠢᠭᠰᠡᠨ ᠡᠮᠴᠢ᠂ ᠮᠡᠷᠭᠡᠵᠢᠯᠲᠡᠨ ᠪᠡᠯᠡᠳᠬᠡᠬᠦ᠂
ᠬᠡᠦᠬᠡᠳ ᠦᠨ ᠡᠷᠡᠭᠦᠯ ᠮᠡᠨᠳᠦ᠂ ᠪᠡᠶ᠎ᠡ ᠪᠢᠯᠳᠠᠷ ᠤᠨ ᠬᠥᠭ᠍ᠵᠢᠯ ᠢ ᠨᠠᠰᠤᠨ ᠤ ᠪᠦᠯᠦᠭ ᠢᠶᠡᠷ ᠲᠣᠭᠠᠴᠠᠨ ᠲᠣᠳᠣᠷᠬᠠᠢᠢᠯᠠᠬᠤ ᠵᠢᠱᠢᠭ ᠵᠠᠷᠤᠳᠠᠯ ᠢ ᠲᠣᠭᠠᠴᠠᠬᠤ ᠡᠷᠬᠡ ᠵᠦᠢ ᠢᠢᠨ ᠣᠷᠴᠢᠨ ᠪᠦᠷᠢᠳᠦᠭᠦᠯᠬᠦ᠂ ᠲᠥᠰᠥᠪᠯᠡᠬᠦ᠂
ᠢᠷᠭᠡᠳ ᠦᠨ ᠡᠷᠡᠭᠦᠯ ᠮᠡᠨᠳᠦ ᠢᠢᠨ ᠮᠡᠳᠡᠭᠡᠯᠡᠯ ᠦᠨ ᠰᠠᠩ ᠡᠭᠦᠰᠭᠡᠬᠦ᠂ ᠬᠣᠯᠪᠣᠭᠳᠠᠬᠤ ᠴᠠᠬᠢᠮ ᠪᠦᠷᠢᠳᠬᠡᠯ ᠦᠨ ᠳᠠᠪᠬᠤᠴᠠᠯ ᠢ ᠠᠷᠢᠯᠭᠠᠬᠤ᠂ ᠬᠡᠷᠡᠭᠯᠡᠭᠡ ᠢᠢ ᠨᠡᠮᠡᠭᠳᠡᠭᠦᠯᠬᠦ᠂
ᠣᠷᠴᠢᠨ ᠤ ᠡᠷᠡᠭᠦᠯ ᠮᠡᠨᠳᠦ ᠢᠢᠨ ᠡᠷᠦᠰᠳᠡᠯ ᠢ ᠲᠠᠩᠳᠠᠬᠤ᠂ ᠬᠢᠨᠠᠬᠤ᠂ ᠨᠥᠯᠥᠭᠡᠯᠡᠯ ᠦᠨ ᠦᠨᠡᠯᠡᠭᠡ ᠬᠢᠬᠦ ᠴᠢᠳᠠᠪᠬᠢ ᠢᠢ ᠰᠠᠢᠢᠵᠢᠷᠠᠭᠤᠯᠵᠤ᠂ ᠪᠢᠣ‍ ᠮᠣᠨᠢᠲ᠋ᠣᠷᠢᠨᠭ᠌ ᠤᠨ ᠲᠣᠭᠲᠠᠯᠴᠠᠭ᠎ᠠ ᠪᠦᠷᠢᠳᠦᠭᠦᠯᠬᠦ᠂

ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ ᠤ ᠴᠢᠭᠯᠡᠯ ᠢᠶᠡᠷ᠄
ᠴᠡᠴᠡᠷᠯᠢᠭ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠶᠡᠬᠡ᠂ ᠳᠡᠭᠡᠳᠦ ᠰᠤᠷᠭᠠᠭᠤᠯᠢ᠂ ᠺᠣᠯᠯᠧᠵᠢ᠂ ᠮᠡᠷᠭᠡᠵᠢᠯ ᠰᠤᠷᠭᠠᠯᠲᠠ ᠢᠢᠨ ᠦᠨᠳᠦᠰᠦᠨ ᠦ ᠲᠥᠪ ᠍ ᠦᠨ ᠰᠤᠷᠭᠠᠯᠲᠠ ᠢᠢᠨ ᠬᠥᠲᠥᠯᠪᠦᠷᠢ ᠳ᠋ᠡᠬᠢ ᠡᠷᠡᠭᠦᠯ ᠮᠡᠨᠳᠦ᠂ ᠵᠠᠩ ᠦᠢᠯᠡ᠂ ᠪᠡᠶ᠎ᠡ ᠢᠢᠨ ᠲᠠᠮᠢᠷ ᠤᠨ ᠬᠢᠴᠢᠶᠡᠯ ᠦᠨ ᠠᠭᠤᠯᠭ᠎ᠠ ᠳᠤ ᠴᠣᠭᠴᠠ ᠰᠢᠨᠡᠴᠢᠯᠡᠯ ᠬᠢᠬᠦ᠂ ᠰᠠᠢᠢᠵᠢᠷᠠᠭᠤᠯᠬᠤ᠂
ᠡᠷᠡᠭᠦᠯ᠂ ᠠᠶᠤᠯ ᠦᠭᠡᠢ᠂ ᠲᠡᠩᠴᠡᠪᠦᠷᠢᠲᠦ᠂ ᠰᠢᠮ᠎ᠡ ᠲᠡᠵᠢᠭᠡᠯᠲᠦ ᠬᠦᠨᠡᠰᠦ ᠦᠢᠯᠡᠳᠪᠦᠷᠢᠯᠡᠬᠦ᠂ ᠴᠡᠴᠡᠷᠯᠢᠭ᠂ ᠰᠤᠷᠭᠠᠭᠤᠯᠢ ᠢᠢᠨ 《ᠦᠳᠡ ᠢᠢᠨ ᠬᠣᠭᠣᠯᠠ》᠂ 《ᠦᠳᠡ ᠢᠢᠨ ᠴᠠᠢ》 ᠬᠥᠲᠥᠯᠪᠦᠷᠢ ᠢᠢᠨ ᠴᠢᠨᠠᠷ ᠢ ᠰᠠᠢᠢᠵᠢᠷᠠᠭᠤᠯᠬᠤ ᠵᠣᠷᠢᠯᠭ᠎ᠠ ᠪᠠᠷ ᠡᠷᠡᠭᠦᠯ ᠮᠡᠨᠳᠦ ᠢᠢ ᠳᠡᠮᠵᠢᠭᠴᠢ ᠴᠡᠴᠡᠷᠯᠢᠭ᠂ ᠰᠤᠷᠭᠠᠭᠤᠯᠢ ᠬᠥᠳᠡᠯᠭᠡᠭᠡᠨ ᠥᠷᠨᠢᠭᠦᠯᠬᠦ᠂
ᠴᠠᠬᠢᠮ ᠪᠣᠯᠪᠠᠰᠤᠷᠠᠯ᠂ ᠴᠠᠬᠢᠮ ᠣᠷᠴᠢᠨ ᠤ ᠰᠤᠶᠤᠯ᠂ ᠬᠠᠨᠳᠤᠯᠭ᠎ᠠ᠂ ᠬᠡᠷᠡᠭᠯᠡᠭᠡ ᠢᠢ ᠲᠥᠯᠦᠪᠰᠢᠭᠦᠯᠬᠦ ᠰᠤᠷᠭᠠᠯᠲᠠ ᠢᠢ ᠮᠡᠷᠭᠡᠵᠢᠯ ᠦᠨ ᠪᠠᠢᠢᠭᠤᠯᠤᠯᠭ᠎ᠠ ᠲᠠᠢ ᠬᠠᠮᠲᠤᠷᠠᠨ ᠪᠣᠯᠪᠠᠰᠤᠷᠠᠯ ᠤᠨ ᠪᠦᠬᠦ ᠱᠠᠲᠤᠨ ᠤ ᠰᠤᠷᠭᠠᠯᠲᠠ ᠢᠢᠨ ᠬᠥᠲᠥᠯᠪᠦᠷᠢ ᠲᠤ ᠲᠤᠰᠬᠠᠵᠤ᠂ ᠬᠡᠷᠡᠭᠵᠢᠭᠦᠯᠬᠦ᠂
ᠬᠡᠦᠬᠡᠳ ᠦᠨ ᠨᠠᠰᠤᠨ ᠤ ᠪᠦᠯᠦᠭ ᠲᠤ ᠲᠣᠬᠢᠷᠠᠭᠤᠯᠤᠨ (0-5᠂ 6 ᠨᠠᠰᠤ᠂ 9 ᠨᠠᠰᠤ᠂ 12 ᠨᠠᠰᠤ᠂ 15 ᠨᠠᠰᠤ) ᠡᠷᠡᠭᠦᠯ ᠮᠡᠨᠳᠦ ᠢᠢᠨ ᠪᠠᠢᠢᠳᠠᠯ ᠢ ᠦᠨᠡᠯᠡᠬᠦ᠂ ᠡᠷᠡᠭᠦᠯᠵᠢᠭᠦᠯᠬᠦ᠂ ᠬᠢᠨᠠᠬᠤ᠂ ᠪᠦᠷᠢᠳᠬᠡᠬᠦ ᠴᠠᠬᠢᠮ ᠨᠢᠭᠡᠳᠦᠭᠰᠡᠨ ᠲᠣᠭᠲᠠᠯᠴᠠᠭ᠎ᠠ ᠢᠢ ᠪᠦᠷᠢᠳᠦᠭᠦᠯᠦᠨ ᠡᠷᠡᠭᠦᠯ ᠮᠡᠨᠳᠦ ᠢᠢᠨ ᠪᠠᠢᠢᠭᠤᠯᠤᠯᠭ᠎ᠠ ᠲᠠᠢ ᠬᠠᠮᠲᠤᠷᠠᠨ ᠠᠵᠢᠯᠯᠠᠬᠤ᠂
ᠪᠣᠯᠪᠠᠰᠤᠷᠠᠯ ᠤᠨ ᠪᠦᠬᠦ ᠱᠠᠲᠤᠨ ᠤ ᠪᠠᠢᠢᠭᠤᠯᠤᠯᠭ᠎ᠠ ᠳᠤ ᠠᠵᠢᠯᠯᠠᠵᠤ ᠪᠤᠢ ᠡᠮᠴᠢ᠂ ᠡᠷᠡᠭᠦᠯ ᠮᠡᠨᠳᠦ ᠢᠢᠨ ᠨᠡᠢᠢᠭᠡᠮ ᠤᠨ ᠠᠵᠢᠯᠲᠠᠨ᠂ ᠰᠡᠳᠬᠢᠯ ᠵᠦᠢᠴᠢ᠂ ᠬᠣᠭᠣᠯᠠ ᠵᠦᠢᠴᠢ᠂ ᠨᠡᠢᠢᠭᠡᠮ ᠤᠨ ᠠᠵᠢᠯᠲᠠᠨ ᠢ ᠬᠡᠦᠬᠡᠳ ᠦᠨ ᠡᠷᠡᠭᠦᠯ ᠮᠡᠨᠳᠦ᠂ ᠪᠡᠶ᠎ᠡ ᠪᠢᠯᠳᠠᠷ᠂ ᠰᠡᠳᠬᠢᠬᠦᠢ ᠢᠢᠨ ᠬᠥᠭ᠍ᠵᠢᠯ ᠦᠨ ᠦᠨᠡᠯᠡᠭᠡ᠂ ᠰᠤᠷᠭᠠᠯᠲᠠ ᠢᠢᠨ ᠣᠷᠴᠢᠨ ᠦᠶ᠎ᠡ ᠢᠢᠨ ᠨᠢᠭᠡᠳᠦᠮᠡᠯ ᠠᠷᠭ᠎ᠠ ᠵᠦᠢ ᠪᠡᠷ ᠴᠢᠳᠠᠪᠬᠢᠵᠢᠭᠤᠯᠬᠤ᠂

《ᠬᠣᠣᠷᠠᠲᠤ ᠵᠤᠷᠰᠢᠯ ᠠᠴᠠ ᠠᠩ᠋ᠭᠢᠳᠠ ᠰᠢᠨ᠎ᠡ ᠦᠶ᠎ᠡ ᠢᠢ ᠲᠥᠯᠦᠪᠰᠢᠭᠦᠯᠬᠦ ᠬᠥᠲᠥᠯᠪᠦᠷᠢ》 ᠰᠠᠨᠠᠭᠠᠴᠢᠯᠠᠨ ᠬᠡᠷᠡᠭᠵᠢᠭᠦᠯᠵᠦ᠂ ᠶᠡᠬᠡ᠂ ᠳᠡᠭᠡᠳᠦ ᠰᠤᠷᠭᠠᠭᠤᠯᠢ᠂ ᠺᠣᠯᠯᠧᠵᠢ᠂ ᠮᠡᠷᠭᠡᠵᠢᠯ ᠦᠨ ᠪᠣᠯᠤᠨ ᠶᠡᠷᠦᠩᠬᠡᠢ ᠪᠣᠯᠪᠠᠰᠤᠷᠠᠯ ᠤᠨ ᠰᠤᠷᠭᠠᠯᠲᠠ ᠢᠢᠨ ᠬᠥᠲᠥᠯᠪᠦᠷᠢ ᠲᠤ ᠠᠷᠢᠬᠢ᠂ ᠰᠤᠭᠳᠤᠭᠤᠷᠠᠭᠤᠯᠬᠤ ᠤᠮᠳᠠᠭ᠎ᠠ᠂ ᠲᠡᠭᠦᠨ ᠡᠴᠡ ᠡᠭᠦᠳᠦᠨ ᠭᠠᠷᠬᠤ ᠬᠣᠣᠷ ᠠ ᠤᠷᠰᠢᠭ᠂ ᠰᠥᠷᠭᠦ ᠨᠥᠯᠥᠭᠡ ᠢᠢ ᠰᠤᠷᠲᠠᠯᠴᠢᠯᠠᠨ ᠲᠠᠨᠢᠭᠤᠯᠬᠤ ᠠᠭᠤᠯᠭ᠎ᠠ ᠢᠢ ᠲᠤᠰᠬᠠᠬᠤ᠂
ᠬᠡᠷᠡᠭᠵᠢᠯᠲᠡ ᠢᠢ ᠭᠦᠢᠴᠡᠳᠬᠡᠯ ᠦᠨ ᠦᠨᠡᠯᠡᠭᠡ᠂ ᠰᠠᠩᠬᠦᠵᠢᠯᠲᠡ ᠲᠡᠢ ᠤᠶᠠᠯᠳᠤᠭᠤᠯᠬᠤ᠂ ᠦᠨᠡᠯᠡᠬᠦ᠂ ᠬᠢᠨᠠᠬᠤ᠂ ᠪᠣᠯᠪᠠᠰᠤᠷᠠᠩ᠋ᠭᠤᠢ ᠪᠣᠯᠭᠠᠨ ᠲᠣᠭᠲᠠᠮᠠᠯᠵᠢᠭᠤᠯᠬᠤ᠂
ᠠᠷᠢᠬᠢ᠂ ᠲᠠᠮᠠᠬᠢᠨ ᠤ ᠵᠣᠬᠢᠰ ᠦᠭᠡᠢ ᠬᠡᠷᠡᠭᠯᠡᠭᠡ ᠢᠢ ᠪᠠᠭᠤᠷᠠᠭᠤᠯᠬᠤ ᠴᠢᠭᠯᠡᠯ ᠢᠶᠡᠷ᠄
ᠠᠷᠢᠬᠢᠳᠠᠨ ᠰᠣᠭᠲᠣᠭᠤᠷᠠᠬᠤ ᠠᠴᠠ ᠡᠭᠦᠳᠦᠯᠲᠡᠢ ᠭᠡᠮᠲᠦ ᠬᠡᠷᠡᠭ᠂ ᠵᠥᠷᠢᠴᠡᠯ᠂ ᠬᠦᠴᠦᠷᠬᠡᠢᠢᠯᠡᠯ ᠢ ᠪᠠᠭᠤᠷᠠᠭᠤᠯᠬᠤ ᠡᠭᠦᠳᠡᠨ ᠡᠴᠡ ᠠᠷᠠᠳ ᠢᠷᠭᠡᠳ᠂ ᠠᠯᠪᠠᠨ ᠪᠠᠢᠢᠭᠤᠯᠤᠯᠭ᠎ᠠ᠂ ᠠᠵᠤ ᠠᠬᠤᠢ ᠢᠢᠨ ᠨᠢᠭᠡᠴᠡ ᠳᠤ ᠴᠢᠭᠯᠡᠭᠰᠡᠨ ᠵᠣᠷᠢᠯᠲᠠᠲᠤ ᠠᠷᠭ᠎ᠠ ᠬᠡᠮᠵᠢᠶ᠎ᠡ ᠢᠢ ᠲᠠᠰᠤᠷᠠᠯᠲᠠ ᠦᠭᠡᠢ᠂ ᠣᠨᠣᠪᠴᠢᠲᠠᠢ ᠠᠷᠭ᠎ᠠ ᠬᠡᠯᠪᠡᠷᠢ ᠪᠡᠷ ᠵᠣᠬᠢᠶᠠᠨ ᠪᠠᠢᠢᠭᠤᠯᠵᠤ᠂ ᠦᠷ᠎ᠡ ᠳ᠋ᠦᠩ ᠢ ᠲᠣᠭᠠᠴᠠᠬᠤ᠂
ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠡᠷᠭᠢᠯᠲᠡ ᠳᠤ ᠬᠢᠨᠠᠯᠲᠠ ᠲᠠᠯᠪᠢᠬᠤ᠂ ᠠᠷᠢᠬᠢᠳᠠᠨ ᠰᠣᠭᠲᠣᠭᠤᠷᠠᠬᠤ ᠲᠠᠢ ᠲᠡᠮᠡᠴᠡᠬᠦ ᠬᠠᠤᠯᠢ᠂ ᠣᠨᠴᠤᠭᠤᠢ ᠠᠯᠪᠠᠨ ᠲᠠᠲᠠᠪᠤᠷᠢ ᠢᠢᠨ ᠲᠤᠬᠠᠢ ᠬᠠᠤᠯᠢ ᠪᠣᠯᠤᠨ ᠪᠤᠰᠤᠳ ᠳᠠᠭᠠᠯᠳᠤᠬᠤ ᠬᠠᠤᠯᠢ ᠲᠣᠭᠲᠠᠭᠠᠮᠵᠢ ᠢᠢᠨ ᠬᠡᠷᠡᠭᠵᠢᠯᠲᠡ ᠢᠢ ᠬᠠᠩ᠋ᠭᠠᠵᠤ᠂ ᠦᠷ᠎ᠡ ᠳ᠋ᠦᠩ ᠢ ᠬᠠᠭᠠᠰ ᠵᠢᠯ ᠲᠤᠲᠤᠮ ᠳᠤ ᠮᠡᠳᠡᠭᠡᠯᠡᠬᠦ᠂
ᠳᠣᠩᠲᠣᠬᠤ ᠡᠮᠭᠡᠭ ᠦᠨ ᠡᠷᠦᠰᠳᠡᠯ᠂ ᠰᠢᠯᠲᠠᠭᠠᠨ᠂ ᠡᠷᠡᠭᠦᠯ ᠮᠡᠨᠳᠦ᠂ ᠡᠳ᠋ ᠍ ᠦᠨ ᠵᠠᠰᠠᠭ ᠤᠨ ᠬᠣᠣᠷ ᠠ ᠬᠥᠨᠥᠭᠡᠯ ᠢ ᠪᠠᠭᠤᠷᠠᠭᠤᠯᠬᠤ᠂ ᠡᠮᠴᠢᠯᠡᠬᠦ᠂ ᠡᠷᠡᠭᠦᠯᠵᠢᠭᠦᠯᠬᠦ ᠴᠢᠭᠯᠡᠯ ᠢᠶᠡᠷ ᠬᠣᠯᠪᠣᠭᠳᠠᠬᠤ ᠮᠡᠷᠭᠡᠵᠢᠯ ᠦᠨ ᠪᠠᠢᠢᠭᠤᠯᠤᠯᠭ᠎ᠠ ᠨᠤᠭᠤᠳ ᠴᠣᠭᠴᠠ ᠲᠥᠯᠥᠪᠯᠡᠭᠡ ᠪᠣᠯᠪᠠᠰᠤᠷᠠᠭᠤᠯᠵᠤ ᠬᠠᠮᠲᠤᠷᠠᠨ ᠠᠵᠢᠯᠯᠠᠬᠤ᠂
ᠡᠷᠡᠭᠦᠯᠵᠢᠭᠦᠯᠬᠦ ᠪᠠᠢᠢᠷᠢ᠂ ᠠᠯᠪᠠᠳᠠᠨ ᠡᠮᠴᠢᠯᠡᠭᠡ᠂ ᠲᠦᠷ ᠰᠠᠭᠠᠲᠠᠭᠤᠯᠬᠤ ᠪᠠᠢᠢᠷᠢ ᠵᠡᠷᠭᠡ ᠢᠢᠨ ᠪᠦᠲᠦᠴᠡ᠂ ᠵᠣᠬᠢᠶᠠᠨ ᠪᠠᠢᠢᠭᠤᠯᠤᠯᠲᠠ᠂ ᠡᠮᠡᠴᠢᠯᠡᠬᠦ᠂ ᠰᠡᠷᠭᠡᠢᠢᠯᠡᠬᠦ᠂ ᠰᠡᠳᠬᠢᠯ ᠵᠦᠢ ᠢᠢᠨ ᠲᠤᠰᠠᠯᠠᠮᠵᠢ᠂ ᠦᠢᠯᠡᠴᠢᠯᠡᠭᠡ ᠢᠢ ᠰᠢᠨᠡᠴᠢᠯᠡᠨ ᠰᠲ᠋ᠠᠨᠳᠠᠷᠲ ᠲᠣᠭᠲᠠᠭᠠᠬᠤ᠂
ᠲᠠᠮᠠᠬᠢᠨ ᠤ ᠬᠢᠨᠠᠯᠲᠠ ᠢᠢᠨ ᠲᠤᠬᠠᠢ ᠬᠠᠤᠯᠢ ᠢᠢᠨ ᠰᠢᠨᠡᠴᠢᠯᠡᠯ ᠢ 《ᠲᠠᠮᠠᠬᠢᠨ ᠤ ᠬᠢᠨᠠᠯᠲᠠ ᠢᠢᠨ ᠰᠠᠭᠤᠷᠢ ᠦᠵᠡᠯ ᠪᠠᠷᠢᠮᠲᠠᠯᠠᠯ》 ᠪᠣᠯᠤᠨ ᠪᠤᠰᠤᠳ ᠣᠷᠣᠨ ᠤ ᠲᠠᠮᠠᠬᠢᠨ ᠤ ᠬᠡᠷᠡᠭᠯᠡᠭᠡ ᠢᠢ ᠪᠠᠭᠤᠷᠠᠭᠤᠯᠤᠭᠰᠠᠨ ᠲᠤᠷᠰᠢᠯᠭ᠎ᠠ᠂ ᠰᠤᠳᠤᠯᠭᠠᠨ ᠳᠤ ᠲᠤᠯᠭᠠᠭᠤᠷᠢᠯᠠᠨ ᠴᠣᠭᠴᠠ ᠪᠠᠷ ᠨᠢ ᠰᠢᠨᠡᠳᠭᠡᠬᠦ᠂
《ᠬᠠᠯᠠᠮᠵᠢ ᠠᠴᠠ ᠬᠥᠳᠡᠯᠮᠦᠷᠢ ᠲᠤ》 ᠰᠢᠯᠵᠢᠬᠦ ᠰᠠᠭᠤᠷᠢ ᠰᠢᠨᠡᠳᠬᠡᠯ ᠦᠨ ᠬᠦᠷᠢᠶᠡᠨ ᠳᠤ ᠠᠵᠢᠯ ᠤᠨ ᠪᠠᠢᠢᠷᠢ ᠨᠡᠮᠡᠭᠳᠡᠭᠦᠯᠬᠦ᠂ ᠬᠥᠳᠡᠯᠮᠦᠷᠢ ᠡᠷᠬᠢᠯᠡᠯᠲᠡ ᠢᠢ ᠳᠡᠮᠵᠢᠬᠦ ᠵᠠᠮ ᠢᠶᠠᠷ ᠠᠷᠢᠬᠢ᠂ ᠰᠤᠭᠳᠤᠭᠤᠷᠠᠭᠤᠯᠬᠤ ᠤᠮᠳᠠᠭᠠᠨ ᠤ ᠬᠡᠷᠡᠭᠯᠡᠭᠡ ᠢᠢ ᠪᠠᠭᠤᠷᠠᠭᠤᠯᠬᠤ ᠴᠣᠭᠴᠠ ᠠᠷᠭ᠎ᠠ ᠬᠡᠮᠵᠢᠶ᠎ᠡ ᠠᠪᠴᠤ ᠬᠡᠷᠡᠭᠵᠢᠭᠦᠯᠬᠦ᠂

ᠪᠦᠬᠦ ᠨᠡᠢᠢᠲᠡ ᠢᠢᠨ ᠰᠫᠣᠷᠲ ᠤᠨ ᠴᠢᠭᠯᠡᠯ ᠢᠶᠡᠷ᠄
ᠢᠷᠭᠡᠳ᠂ ᠬᠡᠦᠬᠡᠳ ᠵᠠᠯᠠᠭᠤᠴᠤᠳ ᠤᠨ ᠴᠢᠯᠦᠭᠡᠲᠦ ᠴᠠᠭ ᠢ ᠵᠥᠪ ᠪᠣᠯᠪᠠᠰᠤᠨ ᠥᠩ᠋ᠭᠡᠷᠡᠭᠡᠬᠦ᠂ ᠪᠡᠶ᠎ᠡ ᠢᠢᠨ ᠲᠠᠮᠢᠷ᠂ ᠰᠫᠣᠷᠲ ᠢᠶᠠᠷ ᠬᠢᠴᠢᠶᠡᠯᠯᠡᠬᠦ ᠣᠷᠴᠢᠨ᠂ ᠨᠥᠬᠥᠴᠡᠯ ᠢ ᠪᠦᠷᠢᠳᠦᠭᠦᠯᠬᠦ ᠳᠤ ᠵᠣᠬᠢᠶᠠᠨ ᠪᠠᠢᠢᠭᠤᠯᠤᠯᠲᠠ᠂ ᠬᠥᠷᠥᠩ᠋ᠭᠡ᠂ ᠰᠠᠩᠬᠦᠦ ᠢᠢᠨ ᠳᠡᠮᠵᠢᠯᠭᠡ ᠦᠵᠡᠭᠦᠯᠬᠦ᠂ ᠠᠵᠤ ᠠᠬᠤᠢ ᠢᠢᠨ ᠨᠢᠭᠡᠴᠡ᠂ ᠪᠠᠢᠢᠭᠤᠯᠤᠯᠭ᠎ᠠ ᠨᠤᠭᠤᠳ ᠢ ᠳᠡᠮᠵᠢᠨ ᠬᠠᠮᠲᠤᠷᠠᠨ ᠠᠵᠢᠯᠯᠠᠬᠤ᠂
ᠬᠥᠳᠡᠯᠭᠡᠭᠡᠨ ᠦ ᠬᠣᠮᠰᠠᠳᠠᠯ ᠳᠤ ᠣᠷᠣᠬᠤ ᠠᠴᠠ ᠤᠷᠢᠳᠴᠢᠯᠠᠨ ᠰᠡᠷᠭᠡᠢᠢᠯᠡᠬᠦ ᠮᠡᠳᠡᠯᠭᠡ᠂ ᠬᠠᠨᠳᠤᠯᠭ᠎ᠠ᠂ ᠳᠠᠳᠤᠯ ᠡᠵᠡᠮᠰᠢᠭᠰᠡᠨ᠂ ᠢᠳᠡᠪᠬᠢᠲᠡᠢ ᠠᠮᠢᠳᠤᠷᠠᠯ ᠤᠨ ᠬᠡᠪᠰᠢᠯ ᠲᠡᠢ ᠢᠷᠭᠡᠳ ᠦᠨ ᠲᠣᠭ᠎ᠠ ᠢᠢ ᠨᠡᠮᠡᠭᠳᠡᠭᠦᠯᠬᠦ ᠴᠢᠭᠯᠡᠯ ᠢᠶᠡᠷ ᠠᠵᠤ ᠠᠬᠤᠢ ᠢᠢᠨ ᠨᠢᠭᠡᠴᠡ᠂ ᠪᠠᠢᠢᠭᠤᠯᠤᠯᠭ᠎ᠠ᠂ ᠢᠷᠭᠡᠳ ᠲᠡᠢ ᠬᠠᠮᠲᠤᠷᠠᠨ ᠠᠵᠢᠯᠯᠠᠬᠤ᠂
ᠡᠷᠡᠭᠦᠯ ᠵᠠᠩ ᠦᠢᠯᠡ᠂ ᠵᠣᠬᠢᠰᠲᠠᠢ ᠬᠣᠭᠣᠯᠠᠯᠠᠯᠲᠠ᠂ ᠪᠡᠶ᠎ᠡ ᠪᠢᠯᠳᠠᠷ ᠤᠨ ᠬᠥᠭ᠍ᠵᠢᠯ ᠪᠣᠯᠤᠨ ᠡᠷᠡᠭᠦᠯ ᠬᠦᠮᠦᠨ ᠢ ᠲᠥᠯᠦᠪᠰᠢᠭᠦᠯᠬᠦ ᠳᠤ ᠴᠢᠭᠯᠡᠭᠰᠡᠨ ᠰᠤᠶᠤᠯ᠂ ᠤᠷᠠᠯᠢᠭ᠂ ᠰᠫᠣᠷᠲ᠂ ᠣᠯᠠᠨ ᠨᠡᠢᠢᠲᠡ ᠢᠢᠨ ᠠᠷᠭ᠎ᠠ ᠬᠡᠮᠵᠢᠶ᠎ᠡ ᠢᠢ ᠲᠧᠭᠨᠣᠯᠣᠭᠢ ᠢᠢᠨ ᠳᠡᠪᠰᠢᠯ᠂ ᠬᠦᠮᠦᠨ ᠠᠮᠠ ᠢᠢᠨ ᠪᠦᠯᠦᠭ ᠦᠳ ᠦᠨ ᠣᠨᠴᠠᠯᠢᠭ ᠲᠤ ᠨᠡᠢᠢᠴᠡᠭᠦᠯᠦᠨ ᠣᠨᠣᠪᠴᠢᠲᠠᠢ᠂ ᠬᠦᠷᠲᠡᠭᠡᠮᠵᠢᠲᠡᠢ ᠲᠦᠭᠡᠭᠡᠬᠦ᠂

ᠰᠫᠣᠷᠲ᠂ ᠢᠳᠡᠪᠬᠢᠲᠡᠢ ᠬᠥᠳᠡᠯᠭᠡᠭᠡᠨ ᠦ ᠦᠢᠯᠡᠴᠢᠯᠡᠭᠡ ᠢᠢ ᠬᠤᠪᠢ ᠤᠨ ᠬᠡᠪᠰᠢᠯ᠂ ᠰᠫᠣᠷᠲ ᠤᠨ ᠬᠣᠯᠪᠣᠭ᠎ᠠ᠂ ᠰᠫᠣᠷᠲ ᠤᠨ ᠺᠯᠤᠢᠪ ᠢᠢᠠᠷ ᠭᠦᠢᠴᠡᠳᠬᠡᠭᠦᠯᠬᠦ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂
ᠬᠥᠳᠡᠯᠭᠡᠭᠡᠨ ᠦ ᠬᠣᠮᠰᠠᠳᠠᠯ ᠠᠴᠠ ᠰᠢᠯᠲᠠᠭᠠᠯᠠᠨ ᠢᠷᠭᠡᠳ ᠦᠨ ᠨᠠᠰᠤᠵᠢᠯᠲᠠ ᠳᠤ ᠰᠥᠷᠭᠦ ᠪᠡᠷ ᠨᠥᠯᠦᠭᠡᠯᠡᠵᠦ ᠪᠤᠢ ᠬᠦᠴᠦᠨ ᠵᠦᠢᠯ ᠢ ᠰᠢᠨᠵᠢᠯᠡᠬᠦ ᠤᠬᠠᠭᠠᠨ ᠤ ᠦᠨᠳᠦᠰᠦᠯᠡᠯ ᠲᠡᠢ᠂ ᠦᠨᠡᠨ ᠵᠥᠪ ᠲᠣᠳᠣᠷᠬᠠᠢᠢᠯᠠᠳᠠᠭ ᠪᠣᠯᠬᠤ᠂
ᠬᠥᠳᠡᠯᠭᠡᠭᠡᠨ ᠦ ᠬᠣᠮᠰᠠᠳᠠᠯ ᠪᠤᠢ ᠪᠣᠯᠬᠤ ᠳᠤ ᠨᠥᠯᠥᠭᠡᠯᠡᠭᠴᠢ ᠬᠦᠴᠦᠨ ᠵᠦᠢᠯ ᠢ ᠪᠠᠭᠠᠰᠬᠠᠵᠤ᠂ ᠢᠳᠡᠪᠬᠢᠲᠡᠢ ᠠᠮᠢᠳᠤᠷᠠᠯ ᠤᠨ ᠬᠡᠪᠰᠢᠯ ᠲᠡᠢ ᠢᠷᠭᠡᠨ᠂ ᠭᠡᠷ ᠪᠦᠯᠢ ᠢᠢ ᠳᠡᠮᠵᠢᠬᠦ ᠡᠭᠡᠯᠢ ᠲᠡᠢ ᠣᠷᠴᠢᠨ ᠪᠦᠷᠢᠳᠦᠭᠦᠯᠦᠨ ᠠᠮᠢᠳᠤᠷᠠᠯ ᠤᠨ ᠴᠢᠨᠠᠷ ᠢ ᠰᠠᠢᠢᠵᠢᠷᠠᠭᠤᠯᠬᠤ᠂
ᠢᠳᠡᠪᠬᠢᠲᠡᠢ ᠬᠥᠳᠡᠯᠭᠡᠭᠡᠨ ᠢ ᠳᠡᠮᠵᠢᠬᠦ᠂ ᠬᠥᠳᠡᠯᠭᠡᠭᠡᠨ ᠦ ᠬᠣᠮᠰᠠᠳᠠᠯ ᠠᠴᠠ ᠰᠡᠷᠭᠡᠢᠢᠯᠡᠬᠦ᠂ ᠪᠡᠶ᠎ᠡ ᠪᠢᠯᠳᠠᠷ ᠢ ᠬᠥᠭ᠍ᠵᠢᠭᠦᠯᠬᠦ᠂ ᠠᠵᠢᠯ ᠤᠨ ᠪᠠᠢᠢᠷᠢ᠂ ᠠᠮᠠᠷᠠᠯᠲᠠ ᠴᠢᠯᠦᠭᠡᠲᠦ ᠴᠠᠭ ᠢᠶᠠᠷ ᠬᠢᠬᠦ ᠳᠠᠰᠬᠠᠯ ᠬᠥᠳᠡᠯᠭᠡᠭᠡᠨ ᠦ ᠲᠠᠯᠠᠭᠠᠷᠬᠢ ᠮᠡᠳᠡᠭᠡᠯᠡᠯ ᠢ ᠣᠯᠠᠨ ᠨᠡᠢᠢᠲᠡ ᠳᠤ ᠴᠠᠬᠢᠮ ᠢᠶᠠᠷ ᠲᠦᠭᠡᠭᠡᠬᠦ᠂
ᠠᠢᠢᠮᠠᠭ᠂ ᠨᠡᠢᠢᠰᠯᠡᠯ᠂ ᠰᠤᠮᠤ᠂ ᠳᠡᠭᠦᠷᠭᠡ ᠢᠢᠨ ᠲᠦᠪᠰᠢᠨ ᠳᠤ᠄
《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ ᠦ ᠬᠡᠷᠡᠭᠵᠢᠯᠲᠡ ᠢᠢ ᠬᠠᠩ᠋ᠭᠠᠬᠤ ᠨᠢᠭᠡᠴᠡ ᠪᠦᠷᠢᠳᠦᠭᠦᠯᠬᠦ᠂
2023-2030 ᠣᠨ ᠳᠤ ᠬᠡᠷᠡᠭᠵᠢᠭᠦᠯᠬᠦ ᠨᠠᠷᠢᠪᠴᠢᠯᠠᠭᠰᠠᠨ ᠳᠡᠳ᠋ ᠬᠥᠲᠥᠯᠪᠦᠷᠢ᠂ ᠲᠥᠯᠥᠪᠯᠡᠭᠡ ᠪᠣᠯᠪᠠᠰᠤᠷᠠᠭᠤᠯᠤᠨ ᠬᠡᠷᠡᠭᠵᠢᠭᠦᠯᠬᠦ᠂
ᠬᠡᠷᠡᠭᠵᠢᠯᠲᠡ ᠢᠢ 《ᠡᠷᠡᠭᠦᠯ ᠮᠣᠩ᠋ᠭᠣᠯ ᠬᠦᠮᠦᠨ》 ᠦᠨᠳᠦᠰᠦᠨ ᠦ ᠬᠥᠳᠡᠯᠭᠡᠭᠡᠨ ᠦ ᠰᠢᠯᠭᠠᠭᠤᠷ ᠤᠨ ᠳᠠᠭᠠᠭᠤ ᠵᠢᠯ ᠳᠤ ᠬᠣᠶᠠᠷ ᠤᠳᠠᠭ᠎ᠠ ᠭᠠᠷᠭᠠᠨ ᠦᠷ᠎ᠡ ᠳ᠋ᠦᠩ ᠢ ᠦᠨᠡᠯᠡᠬᠦ᠂
ᠲᠥᠷᠥ᠂ ᠬᠤᠪᠢ ᠢᠢᠨ ᠬᠡᠪᠰᠢᠯ᠂ ᠢᠷᠭᠡᠨ ᠦ ᠨᠡᠢᠢᠭᠡᠮ᠂ ᠡᠷᠦᠬᠡ ᠢᠢᠨ ᠲᠦᠪᠰᠢᠨ ᠳᠤ᠄

ᠪᠠᠢᠢᠭᠤᠯᠤᠯᠭ᠎ᠠ᠂ ᠠᠵᠤ ᠠᠬᠤᠢ ᠢᠢᠨ ᠨᠢᠭᠡᠴᠡ ᠨᠦᠭᠦᠳ᠄
ᠡᠷᠡᠭᠦᠯ ᠮᠡᠨᠳᠦ ᠢᠢᠨ ᠪᠣᠯᠪᠠᠰᠤᠷᠠᠯ ᠣᠯᠭᠣᠬᠤ᠂ ᠡᠷᠡᠭᠦᠯ ᠵᠠᠩ ᠦᠢᠯᠡ ᠲᠥᠯᠦᠪᠰᠢᠭᠦᠯᠬᠦ ᠳᠤ ᠴᠢᠭᠯᠡᠭᠰᠡᠨ ᠦᠢᠯᠡ ᠠᠵᠢᠯᠯᠠᠭ᠎ᠠ ᠵᠣᠬᠢᠶᠠᠨ ᠪᠠᠢᠢᠭᠤᠯᠬᠤ᠂ ᠬᠠᠮᠲᠤ ᠣᠯᠠᠨ ᠢᠶᠠᠷ ᠢᠶᠠᠨ ᠡᠷᠡᠭᠦᠯᠵᠢᠬᠦ ᠠᠵᠢᠯ ᠢ ᠲᠠᠰᠤᠷᠠᠯᠲᠠ ᠦᠭᠡᠢ ᠬᠡᠷᠡᠭᠵᠢᠭᠦᠯᠬᠦ᠂
ᠪᠡᠶ᠎ᠡ ᠢᠢᠨ ᠲᠠᠮᠢᠷ ᠢᠶᠠᠷ ᠬᠢᠴᠢᠶᠡᠯᠯᠡᠬᠦ᠂ ᠴᠢᠯᠦᠭᠡᠲᠦ ᠴᠠᠭ ᠢᠶᠠᠨ ᠵᠥᠪ ᠵᠣᠬᠢᠰᠲᠠᠢ ᠥᠩ᠋ᠭᠡᠷᠡᠭᠦᠯᠬᠦ ᠣᠷᠴᠢᠨ᠂ ᠨᠥᠬᠥᠴᠡᠯ ᠪᠦᠷᠢᠳᠦᠭᠦᠯᠬᠦ᠂
ᠡᠷᠡᠭᠦᠯ᠂ ᠵᠣᠬᠢᠰᠲᠠᠢ ᠬᠣᠭᠣᠯᠠ᠂ ᠬᠦᠨᠡᠰᠦ ᠪᠡᠷ ᠦᠢᠯᠡᠴᠢᠯᠡᠬᠦ ᠠᠵᠢᠯ ᠤᠨ ᠣᠷᠴᠢᠨ ᠪᠤᠢ ᠪᠣᠯᠭᠠᠬᠤ ᠳᠤ ᠠᠩᠬᠠᠠᠷᠠᠬᠤ᠂
ᠬᠦᠨᠡᠰᠦᠨ ᠦ ᠦᠢᠯᠡᠳᠪᠦᠷᠢ᠂ ᠦᠢᠯᠡᠴᠢᠯᠡᠭᠡᠨ ᠦ ᠰᠠᠯᠪᠤᠷᠢ᠄
ᠬᠦᠨᠡᠰᠦᠨ ᠦ ᠪᠦᠲᠦᠭᠡᠭ᠍ᠳᠡᠬᠦᠨ ᠳ᠋ᠡᠬᠢ ᠴᠢᠬᠡᠷ᠂ ᠲᠣᠰ᠂ ᠳᠠᠪᠤᠰᠤᠨ ᠤ ᠠᠭᠤᠯᠤᠮᠵᠢ ᠢᠢ ᠪᠠᠭᠤᠷᠠᠭᠤᠯᠵᠤ᠂ ᠡᠷᠡᠭᠦᠯ᠂ ᠰᠢᠮᠡᠲᠦ ᠬᠦᠨᠡᠰᠦᠨ ᠦ ᠦᠢᠯᠡᠳᠪᠦᠷᠢᠯᠡᠯ ᠢ ᠳᠡᠮᠵᠢᠬᠦ᠂
ᠠᠷᠢᠬᠢ᠂ ᠰᠤᠭᠳᠤᠭᠤᠷᠠᠭᠤᠯᠬᠤ ᠤᠮᠳᠠᠭ᠎ᠠ᠂ ᠲᠠᠮᠠᠬᠢ᠂ ᠲᠠᠮᠠᠬᠢᠨ ᠪᠦᠲᠡᠭᠳᠡᠬᠦᠨ ᠪᠠᠢᠢᠷᠢᠰᠢᠭᠤᠯᠬᠤ ᠬᠡᠰᠡᠭ ᠦᠨ ᠲᠠᠯᠠᠪᠠᠢ ᠢᠢ ᠪᠠᠭᠠᠰᠬᠠᠨ ᠵᠢᠮᠢᠰ᠂ ᠬᠦᠨᠡᠰᠦᠨ ᠦ ᠨᠣᠭᠣᠭ᠎ᠠ᠂ ᠡᠷᠡᠭᠦᠯ ᠬᠦᠨᠡᠰᠦᠨ ᠦ ᠦᠢᠯᠡᠴᠢᠯᠡᠭᠡ ᠢᠢ ᠨᠡᠮᠡᠭᠳᠡᠭᠦᠯᠬᠦ᠂
ᠠᠵᠢᠯᠲᠠᠨ᠂ ᠠᠯᠪᠠᠨ ᠬᠠᠭᠠᠭᠴᠢᠳ ᠤᠨ ᠢᠶᠠᠨ ᠡᠷᠡᠭᠦᠯ ᠮᠡᠨᠳᠦ ᠢᠢ ᠨᠡᠩ ᠲᠡᠷᠢᠭᠦᠨ ᠳᠤ ᠲᠠᠯᠪᠢᠵᠤ ᠡᠷᠡᠭᠦᠯ᠂ ᠠᠶᠤᠯ ᠦᠭᠡᠢ᠂ ᠡᠷᠤᠰᠳᠡᠯ  ᠦᠭᠡᠢ᠂ ᠡᠭᠡᠯᠢᠲᠡᠢ ᠠᠵᠢᠯ ᠤᠨ ᠣᠷᠴᠢᠨ ᠪᠦᠷᠢᠳᠦᠭᠦᠯᠬᠦ᠂
ᠠᠢᠢᠯ ᠡᠷᠦᠬᠡ᠂ ᠢᠷᠭᠡᠳ᠄
ᠡᠷᠡᠭᠦᠯ ᠡᠷᠦᠬᠡ᠂ ᠡᠷᠡᠭᠦᠯ ᠭᠡᠷ ᠪᠦᠯᠢ ᠪᠠᠢᠢᠬᠤ ᠢᠢᠨ ᠦᠨᠳᠦᠰᠦ ᠪᠣᠯᠤᠭᠰᠠᠨ ᠡᠷᠡᠭᠦᠯ ᠬᠦᠨᠡᠰᠦ᠂ ᠡᠷᠡᠭᠦᠯ ᠳᠣᠲᠣᠭᠠᠳᠤ ᠣᠷᠴᠢᠨ ᠢ ᠪᠦᠷᠢᠳᠦᠭᠦᠯᠬᠦ᠂ ᠮᠡᠳᠡᠯᠭᠡ᠂ ᠮᠡᠳᠡᠭᠡᠯᠡᠯ ᠲᠡᠢ ᠪᠠᠢᠢᠬᠤ᠂
ᠭᠡᠷ ᠪᠦᠯᠢ ᠢᠢᠨ ᠭᠡᠰᠢᠭᠦᠨ ᠪᠦᠷᠢ ᠡᠷᠡᠭᠦᠯ ᠮᠡᠨᠳᠦ ᠪᠡᠨ ᠠᠩᠬᠠᠷᠴᠤ᠂ ᠳᠠᠰᠬᠠᠯ ᠬᠥᠳᠡᠯᠭᠡᠭᠡᠨ ᠬᠢᠳᠡᠭ᠂ ᠵᠥᠪ ᠬᠣᠭᠣᠯᠠᠯᠠᠳᠠᠭ᠂ ᠴᠠᠬᠢᠮ ᠬᠡᠷᠡᠭᠯᠡᠭᠡ ᠢᠢ ᠵᠣᠬᠢᠴᠠᠭᠤᠯᠳᠠᠭ ᠰᠤᠶᠤᠯ ᠬᠡᠪᠰᠢᠭᠦᠯᠬᠦ᠂
ᠡᠷᠡᠭᠦᠯ ᠮᠡᠨᠳᠦ ᠢᠢᠨ ᠡᠷᠦᠰᠳᠡᠯ ᠡᠴᠡ ᠤᠷᠢᠳᠴᠢᠯᠠᠨ ᠰᠡᠷᠭᠡᠢᠢᠯᠡᠬᠦ ᠡᠷᠲᠡ ᠢᠯᠡᠷᠡᠭᠦᠯᠭᠡ ᠳᠤ ᠲᠣᠭᠲᠠᠮᠠᠯ ᠬᠠᠮᠤᠷᠤᠭᠳᠠᠵᠤ᠂ ᠡᠪᠡᠳᠴᠢᠯᠡᠯ ᠡᠴᠡ ᠰᠡᠷᠭᠡᠢᠢᠯᠡᠬᠦ᠂ ᠡᠷᠡᠭᠦᠯ ᠮᠡᠨᠳᠦ ᠪᠡᠨ ᠳᠡᠮᠵᠢᠬᠦ ᠢᠷᠭᠡᠨ ᠦ ᠡᠭᠦᠷᠭᠡ ᠪᠡᠨ ᠪᠡᠶᠡᠯᠡᠭᠦᠯᠬᠦ ᠢᠢ ᠵᠥᠪᠯᠡᠮᠵᠢ ᠪᠣᠯᠭᠠᠵᠠᠢ᠃
ᠵᠥᠪᠯᠡᠮᠵᠢ ᠢᠢ ᠡᠷᠡᠭᠦᠯ ᠮᠡᠨᠳᠦ ᠢᠢᠨ ᠰᠠᠯᠪᠤᠷᠢ ᠢᠢᠨ ᠪᠦᠬᠦ ᠱᠠᠲᠤᠨ ᠤ ᠪᠠᠢᠢᠭᠤᠯᠤᠯᠭ᠎ᠠ᠂ ᠬᠣᠯᠪᠣᠭᠣᠳᠠᠬᠤ ᠰᠠᠯᠪᠤᠷᠢ ᠨᠤᠭᠤᠳ ᠪᠣᠯᠤᠨ ᠲᠥᠷᠥ᠂ ᠵᠠᠬᠢᠷᠭ᠎ᠠ᠂ ᠦᠢᠯᠡᠳᠪᠦᠷᠢᠯᠡᠯ᠂ ᠦᠢᠯᠡᠴᠢᠯᠡᠭᠡᠨ ᠦ ᠪᠠᠢᠢᠭᠤᠯᠤᠯᠭ᠎ᠠ᠂ ᠠᠷᠠᠳ ᠢᠷᠭᠡᠳ ᠬᠠᠮᠲᠤᠷᠠᠨ ᠬᠡᠷᠡᠭᠵᠢᠭᠦᠯᠵᠦ᠂ ᠪᠣᠳᠠᠲᠤ ᠦᠷ᠎ᠡ ᠳ᠋ᠦᠩ ᠭᠠᠷᠭᠠᠬᠤ ᠢᠢ ᠴᠢᠭᠤᠯᠭᠠᠨ ᠳᠤ ᠣᠷᠣᠯᠴᠠᠭᠰᠠᠳ ᠤᠷᠢᠶᠠᠯᠠᠪᠠ᠃