Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠄ ᠰᠡᠷᠭᠡᠭ᠍ᠳᠡᠬᠦ ᠪᠣᠯᠤᠨ ᠴᠡᠪᠡᠷ ᠡᠷᠴᠢᠮ ᠬᠦᠴᠦᠨ ᠦ ᠡᠬᠢ ᠡᠭᠦᠰᠪᠦᠷᠢ ᠢᠢ ᠨᠡᠮᠡᠭᠳᠡᠭᠦᠯᠬᠦ ᠱᠠᠭᠠᠷᠳᠠᠯᠭ᠎ᠠ ᠲᠠᠢ ᠪᠠᠢᠢᠨ᠎ᠠ

ᠡᠷᠴᠢᠮ ᠬᠦᠴᠦᠨ ᠦ ᠰᠠᠯᠪᠤᠷᠢ ᠡᠭᠦᠰᠴᠦ ᠬᠥᠭ᠍ᠵᠢᠭᠰᠡᠨ ᠦ 100᠂ 101 ᠵᠢᠯ ᠦᠨ ᠣᠢ ᠢᠢᠨ ᠪᠠᠶᠠᠷ ᠤᠨ ᠬᠤᠷᠠᠯ ᠳᠤ ᠶᠡᠷᠦᠩᠬᠡᠢᠢᠯᠡᠭᠴᠢ ᠢᠢᠨ ᠬᠡᠯᠡᠭᠰᠡᠨ ᠦᠭᠡ ᠢᠢ ᠬᠦᠷᠭᠡᠵᠦ ᠪᠠᠢᠢᠨ᠎ᠠ᠃

ᠡᠷᠴᠢᠮ ᠬᠦᠴᠦᠨ ᠦ ᠰᠠᠯᠪᠤᠷᠢ ᠢᠢᠨ ᠦᠶ᠎ᠡ ᠦᠶ᠎ᠡ ᠢᠢᠨ ᠠᠵᠢᠯᠲᠠᠨ ᠠᠯᠪᠠᠨ ᠬᠠᠭᠠᠭᠴᠢ᠂ ᠢᠨᠵᠧᠨᠧᠷ ᠲᠧᠭᠨᠢᠭ ᠦᠨ ᠠᠵᠢᠯᠲᠠᠨ ᠨᠤᠭᠤᠳ ᠠ ᠂

ᠡᠷᠬᠢᠮ ᠬᠦᠨᠳᠦᠳᠤ ᠵᠣᠴᠢᠳ ᠠ ᠂ ᠠᠵᠠᠢ ᠪᠤᠭᠤᠷᠤᠯ ᠠᠬᠠᠮᠠᠳ ᠤᠳ ᠠ ᠂

ᠲᠠ ᠪᠦᠬᠦᠨ ᠳᠤ ᠤᠯᠤᠰ ᠣᠷᠣᠨ ᠤ ᠬᠥᠭ᠍ᠵᠢᠯ ᠳᠡᠪᠰᠢᠯ ᠦᠨ ᠬᠥᠳᠡᠯᠭᠡᠭ᠍ᠴᠢ ᠬᠦᠴᠦ ᠪᠣᠯᠤᠭᠰᠠᠨ ᠣᠷᠴᠢᠨ ᠴᠠᠭ ᠤᠨ ᠡᠷᠴᠢᠮ ᠬᠦᠴᠦᠨ ᠦ ᠰᠠᠯᠪᠤᠷᠢ ᠡᠭᠦᠰᠴᠦ ᠬᠥᠭ᠍ᠵᠢᠭᠰᠡᠨ ᠦ ᠲᠡᠦᠬᠡᠲᠦ 100᠂ 101 ᠵᠢᠯ ᠦᠨ ᠣᠢ ᠢᠢᠨ ᠪᠠᠶᠠᠷ ᠤᠨ ᠬᠠᠯᠠᠭᠤᠨ ᠮᠡᠨᠳᠦ ᠢᠢ ᠡᠷᠭᠦᠨ ᠳᠡᠪᠰᠢᠭᠦᠯᠦᠶ᠎ᠡ᠃

ᠠᠯᠢᠪᠠ ᠤᠯᠤᠰ ᠣᠷᠣᠨ ᠤ ᠬᠥᠭ᠍ᠵᠢᠯ ᠳᠡᠪᠰᠢᠯ ᠦᠨ ᠬᠦᠳᠡᠯᠭᠡᠬᠦ ᠬᠦᠴᠦ ᠪᠣᠯ ᠡᠷᠴᠢᠮ ᠬᠦᠴᠦᠨ ᠦ ᠰᠠᠯᠪᠤᠷᠢ ᠪᠠᠢᠢᠳᠠᠭ ᠪᠥᠭᠡᠳ ᠤᠯᠤᠰ ᠣᠷᠣᠨ ᠳᠤ ᠪᠠᠨ ᠡᠷᠴᠢᠮ ᠬᠦᠴᠦ ᠦᠢᠯᠡᠳᠪᠦᠷᠢᠯᠡᠬᠦ᠂ ᠳᠠᠮᠵᠢᠭᠤᠯᠬᠤ᠂ ᠲᠦᠭᠡᠭᠡᠬᠦ᠂ ᠬᠠᠩ᠋ᠭᠠᠬᠤ ᠶᠡᠬᠡ ᠦᠢᠯᠡᠰ ᠲᠤ ᠬᠦᠴᠦᠨ ᠵᠢᠳᠬᠦᠵᠦ ᠢᠷᠡᠭᠰᠡᠨ ᠡᠷᠴᠢᠮ ᠬᠦᠴᠦᠨ ᠦ ᠰᠠᠯᠪᠤᠷᠢ ᠢᠢᠨ ᠦᠶ᠎ᠡ ᠦᠶ᠎ᠡ ᠢᠢᠨ ᠮᠡᠷᠭᠡᠵᠢᠯᠲᠡᠨ᠂ ᠢᠨᠵᠧᠨᠧᠷ ᠲᠧᠭᠨᠢᠭ ᠦᠨ ᠠᠵᠢᠯᠲᠠᠨ᠂ ᠨᠡᠢᠢᠲᠡ ᠬᠠᠮᠲᠤ ᠣᠯᠠᠨ ᠳᠤ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠶ᠎ᠡ᠃

ᠲᠠ ᠪᠦᠬᠦᠨ ᠦ ᠡᠷᠳᠡᠮ ᠴᠢᠳᠠᠯ᠂ ᠠᠪᠢᠶᠠᠰ ᠪᠢᠯᠢᠭ᠌᠂ ᠬᠥᠳᠡᠯᠮᠦᠷᠢ ᠵᠢᠳᠬᠦᠯ ᠦᠨ ᠦᠷ᠎ᠡ ᠳ᠋ᠦᠩ ᠳᠤ ᠥᠩ᠋ᠭᠡᠷᠡᠭᠰᠡᠨ 100 ᠵᠢᠯ ᠳᠤ ᠮᠣᠩ᠋ᠭᠣᠯ ᠤᠯᠤᠰ ᠳ᠋ᠧᠩ ᠦᠨ ᠭᠡᠷᠡᠯ ᠡᠴᠡ ᠴᠠᠬᠢᠯᠭᠠᠨ ᠭᠡᠷᠡᠯ ᠳᠤ ᠪᠦᠷᠢᠨ ᠰᠢᠯᠵᠢᠵᠦ᠂ ᠤᠯᠤᠰ ᠦᠨᠳᠦᠰᠦᠲᠡᠨ ᠦ ᠪᠡᠨ ᠬᠥᠭ᠍ᠵᠢᠯ ᠳᠡᠪᠰᠢᠯ ᠦᠨ ᠭᠠᠯ ᠢ ᠪᠠᠳᠠᠷᠠᠭᠠᠭᠰᠠᠨ ᠪᠢᠯᠡ᠃

ᠬᠤᠷᠢᠳᠤᠭᠠᠷ ᠵᠠᠭᠤᠨ ᠤ ᠡᠬᠢᠨ ᠦᠶ᠎ᠡ ᠳᠤ ᠪᠤᠶᠤ ᠪᠣᠭᠳᠠ ᠬᠠᠭᠠᠨᠲᠤ ᠮᠣᠩ᠋ᠭᠣᠯ ᠤᠯᠤᠰ ᠤᠨ ᠦᠶ᠎ᠡ ᠳᠤ ᠨᠠᠯᠠᠢᠢᠬᠤ ᠢᠢᠨ ᠠᠭᠤᠷᠬᠠᠢ ᠢᠢ ᠠᠰᠢᠭᠯᠠᠨ ᠨᠡᠢᠢᠰᠯᠡᠯ ᠬᠦᠷᠢᠶᠡᠨ ᠳᠤ ᠴᠠᠬᠢᠯᠭᠠᠨ ᠭᠡᠷᠡᠯ ᠢ ᠠᠰᠢᠭᠯᠠᠵᠤ ᠡᠬᠢᠯᠡᠭᠰᠡᠨ ᠲᠡᠦᠬᠡ ᠲᠡᠢ᠃
ᠠᠷᠠᠳ ᠤᠨ ᠬᠤᠪᠢᠰᠬᠠᠯ ᠢᠯᠠᠭᠰᠠᠨ ᠤ ᠳᠠᠷᠠᠭ᠎ᠠ 1922 ᠣᠨ ᠤ 2 ᠳ᠋ᠤᠭᠠᠷ ᠰᠠᠷ᠎ᠠ ᠳᠤ ᠠᠷᠠᠳ ᠤᠨ ᠵᠠᠰᠠᠭ ᠤᠨ ᠭᠠᠵᠠᠷ ᠤᠨ 63 ᠳ᠋ᠤᠭᠠᠷ ᠬᠤᠷᠠᠯ ᠢᠶᠠᠷ ᠨᠡᠢᠢᠰᠯᠡᠯ ᠬᠦᠷᠢᠶᠡᠨ ᠦ ᠴᠠᠬᠢᠯᠭᠠᠨ ᠭᠡᠷᠡᠯ ᠦᠨ ᠠᠰᠠᠭᠤᠳᠠᠯ ᠢ ᠬᠡᠯᠡᠯᠴᠡᠵᠦ᠂ 《ᠴᠠᠬᠢᠯᠭᠠᠨ ᠭᠡᠷᠡᠯ ᠦᠨ ᠬᠣᠷᠢᠶ᠎ᠠ》 ᠍ ᠢᠢ ᠪᠠᠢᠢᠭᠤᠯᠤᠭᠰᠠᠨ ᠨᠢ ᠣᠷᠴᠢᠨ ᠴᠠᠭ ᠤᠨ ᠡᠷᠴᠢᠮ ᠬᠦᠴᠦᠨ ᠦ ᠰᠠᠯᠪᠤᠷᠢ ᠢᠢᠨ ᠬᠥᠭ᠍ᠵᠢᠯ ᠦᠨ ᠡᠬᠢᠯᠡᠯ᠂ ᠦᠨᠳᠦᠰᠦ ᠰᠠᠭᠤᠷᠢ ᠪᠠᠢᠢᠯ᠎ᠠ᠃

ᠤᠯᠤᠰ ᠣᠷᠣᠨ ᠤ ᠡᠳ᠋ ᠍ ᠦᠨ ᠵᠠᠰᠠᠭ ᠤᠨ ᠬᠥᠭ᠍ᠵᠢᠯ᠂ ᠦᠨᠳᠦᠰᠦᠨ ᠦ ᠠᠶᠤᠯ ᠦᠭᠡᠢ ᠪᠠᠢᠢᠳᠠᠯ ᠤᠨ ᠨᠡᠩ ᠴᠢᠬᠤᠯᠠ ᠪᠠᠲᠤᠯᠠᠭ᠎ᠠ ᠪᠣᠯ ᠡᠷᠴᠢᠮ ᠬᠦᠴᠦ ᠶᠤᠮ᠃

ᠡᠷᠴᠢᠮ ᠬᠦᠴᠦ ᠪᠣᠯ ᠬᠥᠭ᠍ᠵᠢᠯ ᠳᠡᠪᠰᠢᠯ ᠦᠨ ᠬᠤᠷᠳᠤᠰᠬᠠᠭᠤᠷ ᠪᠢᠯᠡ᠃

ᠲᠡᠢᠢᠮᠦ ᠴᠤ ᠤᠴᠢᠷ ᠠᠴᠠ ᠥᠩ᠋ᠭᠡᠷᠡᠭᠰᠡᠨ 100 ᠵᠢᠯ ᠦᠨ ᠮᠣᠩ᠋ᠭᠣᠯ ᠤᠯᠤᠰ ᠤᠨ ᠬᠥᠭ᠍ᠵᠢᠯ ᠳᠡᠪᠰᠢᠯ ᠳᠤ ᠡᠷᠴᠢᠮ ᠬᠦᠴᠦᠨ ᠦ ᠰᠠᠯᠪᠤᠷᠢ ᠣᠨᠤᠴᠤᠭᠠᠢ ᠲᠡᠦᠬᠡᠨ ᠴᠢᠬᠤᠯᠠ ᠡᠭᠦᠷᠭᠡ ᠭᠦᠢᠴᠡᠳᠭᠡᠭ᠍ᠰᠡᠨ ᠶᠤᠮ᠃

ᠲᠤᠬᠠᠢᠢᠯᠠᠪᠠᠯ᠂ ᠡᠷᠴᠢᠮ ᠬᠦᠴᠦᠨ ᠦ ᠰᠠᠯᠪᠤᠷᠢ ᠢᠢᠨ ᠲᠣᠮᠣᠬᠠᠨ ᠪᠦᠲᠦᠭᠡᠨ ᠪᠠᠢᠢᠭᠤᠯᠤᠯᠲᠠ ᠨᠤᠭᠤᠳ ᠪᠣᠯᠬᠤ 4 ᠲᠣᠮᠣ ᠳᠤᠯᠠᠭᠠᠨ ᠤ ᠴᠠᠬᠢᠯᠭᠠᠨ ᠰᠲ᠋ᠠᠨᠼ ᠪᠠᠢᠢᠭᠤᠯᠤᠭᠳᠠᠵᠤ᠂ ᠳᠠᠷᠬᠠᠨ᠂ ᠴᠣᠢᠢᠪᠠᠯᠰᠠᠩ᠂ ᠡᠷᠳᠡᠨᠢᠲᠦ ᠬᠣᠲᠠ ᠨᠤᠭᠤᠳ ᠤᠨ ᠴᠠᠬᠢᠯᠭᠠᠨ ᠰᠲ᠋ᠠᠨᠼ ᠤᠳ ᠪᠠᠷᠢᠭᠳᠠᠵᠤ᠂ ᠲᠥᠪ ᠦᠨ ᠪᠥᠰᠡ ᠢᠢᠨ ᠡᠷᠴᠢᠮ ᠬᠦᠴᠦᠨ ᠦ ᠰᠢᠰᠲ᠋ᠧᠮ ᠢ ᠴᠣᠭᠴᠠᠯᠠᠭᠠᠨ ᠪᠠᠢᠢᠭᠤᠯᠤᠭᠰᠠᠨ ᠨᠢ ᠲᠠ ᠪᠦᠬᠦᠨ ᠦ ᠨᠥᠷᠢ ᠶᠡᠬᠡ ᠬᠥᠳᠡᠯᠮᠦᠷᠢ ᠢᠢᠨ ᠦᠷ᠎ᠡ ᠳ᠋ᠦᠩ᠂ ᠭᠠᠪᠢᠶ᠎ᠠ ᠵᠢᠳᠬᠦᠯ ᠭᠡᠳᠡᠭ ᠢ ᠡᠨᠡᠬᠦ ᠪᠠᠶᠠᠷ ᠤᠨ ᠡᠳᠦᠷ ᠲᠡᠮᠳᠡᠭᠯᠡᠨ ᠬᠡᠯᠡᠬᠦ ᠳᠤ ᠲᠠᠭᠠᠲᠠᠢ ᠪᠠᠢᠢᠨ᠎ᠠ᠃

ᠮᠥᠨ ᠳᠣᠷᠣᠨᠠᠲᠤ ᠪᠥᠰᠡ ᠢᠢᠨ ᠡᠷᠴᠢᠮ ᠬᠦᠴᠦᠨ ᠦ ᠰᠢᠰᠲ᠋ᠧᠮ᠂ ᠪᠠᠷᠠᠭᠤᠨ ᠪᠥᠰᠡ ᠢᠢᠨ ᠡᠷᠴᠢᠮ ᠬᠦᠴᠦᠨ ᠦ ᠰᠢᠰᠲ᠋ᠧᠮ᠂ ᠠᠯᠲᠠᠢ-ᠤᠯᠢᠶᠠᠰᠤᠲᠠᠢ ᠢᠢᠨ ᠡᠷᠴᠢᠮ ᠬᠦᠴᠦᠨ ᠦ ᠰᠢᠰᠲ᠋ᠧᠮ ᠦᠳ ᠨᠢ ᠮᠠᠨ ᠤ ᠤᠯᠤᠰ ᠤᠨ ᠬᠥᠭ᠍ᠵᠢᠯ ᠳᠡᠪᠰᠢᠯ ᠳᠤ ᠲᠡᠦᠬᠡᠨ ᠡᠭᠦᠷᠭᠡ ᠪᠡᠨ ᠭᠦᠢᠴᠡᠳᠭᠡᠭ᠍ᠰᠡᠭᠡᠷ ᠪᠠᠢᠢᠨ᠎ᠠ᠃

ᠮᠠᠨ ᠤ ᠤᠯᠤᠰ ᠤᠨ ᠡᠷᠴᠢᠮ ᠬᠦᠴᠦᠨ ᠦ ᠰᠠᠯᠪᠤᠷᠢ ᠥᠨᠥᠳᠥᠷ 1564 ᠮᠧᠾᠠᠸᠠᠲ ᠤᠨ ᠰᠠᠭᠤᠷᠢᠯᠠᠭᠳᠠᠭᠰᠠᠨ ᠬᠦᠴᠦᠨ ᠴᠢᠳᠠᠯ ᠲᠠᠢ᠂ ᠬᠣᠶᠠᠷ ᠲᠣᠮᠣ ᠬᠥᠷᠰᠢ ᠲᠡᠢ ᠪᠡᠨ ᠡᠷᠴᠢᠮ ᠬᠦᠴᠦᠨ ᠦ ᠰᠢᠰᠲ᠋ᠧᠮ ᠦᠨ ᠬᠠᠮᠲᠤ ᠢᠢᠨ ᠠᠵᠢᠯᠯᠠᠭ᠎ᠠ ᠲᠠᠢ᠂ ᠠᠵᠤ ᠦᠢᠯᠡᠳᠪᠦᠷᠢ ᠢᠢᠨ ᠰᠠᠯᠪᠤᠷᠢ ᠢᠢᠨ 8 ᠣᠷᠴᠢᠮ ᠬᠤᠪᠢ ᠢᠢ ᠳᠠᠩ ᠢᠶᠠᠷ ᠢᠶᠠᠨ ᠪᠦᠷᠢᠳᠦᠭᠦᠯᠳᠡᠭ ᠪᠥᠭᠡᠳ ᠮᠠᠨ ᠤ ᠤᠯᠤᠰ ᠤᠨ ᠡᠳ᠋ ᠍ ᠦᠨ ᠵᠠᠰᠠᠭ ᠤᠨ ᠲᠡᠷᠢᠭᠦᠯᠡᠬᠦ ᠰᠠᠯᠪᠤᠷᠢ ᠪᠣᠯᠤᠨ ᠬᠥᠭ᠍ᠵᠢᠵᠦ ᠪᠠᠢᠢᠨ᠎ᠠ᠃
ᠡᠨᠡ ᠰᠠᠯᠪᠤᠷᠢ ᠲᠤ ᠨᠡᠢᠢᠲᠡ ᠳᠤ ᠪᠡᠨ 17 ᠮᠢᠩ᠋ᠭ᠎ᠠ ᠭᠠᠷᠤᠢ ᠬᠦᠮᠦᠨ ᠠᠵᠢᠯᠯᠠᠵᠤ᠂ ᠳᠤᠯᠠᠭᠠᠨ ᠤ ᠴᠠᠬᠢᠯᠭᠠᠨ ᠰᠲ᠋ᠠᠨᠼ ᠤᠳ᠂ ᠰᠡᠷᠭᠡᠭ᠍ᠳᠡᠬᠦ ᠡᠷᠴᠢᠮ ᠬᠦᠴᠦ᠂ ᠪᠥᠰᠡ ᠨᠤᠲᠤᠭ ᠤᠨ ᠡᠷᠴᠢᠮ ᠬᠦᠴᠦ ᠳᠠᠮᠵᠢᠭᠤᠯᠬᠤ᠂ ᠲᠦᠭᠡᠭᠡᠬᠦ ᠰᠦᠯᠵᠢᠶ᠎ᠡ᠂ ᠰᠤᠳᠤᠯᠭ᠎ᠠ ᠰᠢᠨᠵᠢᠯᠡᠭᠡ᠂ ᠵᠢᠷᠤᠭ ᠲᠥᠰᠥᠯ᠂ ᠵᠠᠰᠠᠪᠤᠷᠢ ᠦᠢᠯᠡᠴᠢᠯᠡᠭᠡ ᠵᠡᠷᠭᠡ ᠣᠯᠠᠨ ᠴᠢᠭᠯᠡᠯ ᠳᠤ ᠲᠥᠷᠥ᠂ ᠬᠤᠪᠢ ᠤᠨ ᠬᠡᠪᠰᠢᠯ ᠦᠨ 700 ᠣᠷᠴᠢᠮ ᠦᠢᠯᠡᠳᠪᠦᠷᠢ᠂ ᠠᠵᠤ ᠠᠬᠤᠢ ᠢᠢᠨ ᠨᠢᠭᠡᠴᠡ ᠨᠦᠭᠦᠳ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃

ᠥᠨᠥᠳᠥᠷ ᠮᠠᠨ ᠤ ᠤᠯᠤᠰ ᠤᠨ ᠪᠦᠬᠦ ᠰᠤᠮᠤ᠂ ᠰᠠᠭᠤᠷᠢᠨ ᠭᠠᠵᠠᠷ ᠡᠷᠴᠢᠮ ᠬᠦᠴᠦᠨ ᠦ ᠲᠥᠪᠯᠡᠷᠡᠭᠰᠡᠨ ᠰᠢᠰᠲ᠋ᠧᠮ ᠳᠤ ᠬᠣᠯᠪᠣᠭᠳᠠᠭᠰᠠᠨ ᠨᠢ ᠮᠣᠩ᠋ᠭᠣᠯ ᠤᠯᠤᠰ ᠤᠨ ᠬᠥᠭ᠍ᠵᠢᠯ ᠳᠡᠪᠰᠢᠯ᠂ ᠠᠷᠠᠳ ᠲᠦᠮᠡᠨ ᠦ ᠠᠮᠢᠳᠤᠷᠠᠯ ᠤᠨ ᠴᠢᠨᠠᠷ ᠰᠠᠢᠢᠵᠢᠷᠠᠬᠤ ᠳᠤ ᠲᠡᠦᠬᠡᠨ ᠬᠤᠪᠢ ᠨᠡᠮᠡᠷᠢ ᠣᠷᠣᠭᠤᠯᠤᠭᠰᠠᠨ ᠶᠤᠮ᠃

ᠡᠷᠬᠢᠮ ᠬᠦᠨᠳᠦᠳᠤ ᠨᠥᠬᠥᠳ ᠡ ᠂

ᠮᠠᠨ ᠤ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠪᠠᠲᠤᠯᠠᠭ᠎ᠠ ᠢᠢ ᠬᠠᠩ᠋ᠭᠠᠬᠤ ᠨᠡᠩ ᠴᠢᠬᠤᠯᠠ ᠰᠠᠭᠤᠷᠢ ᠠᠰᠠᠭᠤᠳᠠᠯ ᠪᠣᠯ ᠨᠠᠢᠢᠳᠠᠪᠤᠷᠢᠲᠠᠢ᠂ ᠲᠣᠭᠲᠠᠪᠤᠷᠢᠲᠠᠢ ᠡᠷᠴᠢᠮ ᠬᠦᠴᠦᠨ ᠦ ᠬᠠᠩ᠋ᠭᠠᠮᠵᠢ ᠶᠤᠮ᠃

ᠥᠩ᠋ᠭᠡᠷᠡᠭᠰᠡᠨ 100 ᠵᠢᠯ ᠦᠨ ᠣᠯᠤᠯᠲᠠ ᠠᠮᠵᠢᠯᠲᠠ ᠪᠠᠨ ᠤᠯᠠᠮ ᠪᠠᠲᠤᠳᠬᠠᠨ᠂ ᠡᠬᠡ ᠣᠷᠣᠨ ᠢᠶᠠᠨ ᠳᠣᠲᠣᠭᠠᠳᠤ ᠢᠢᠨ ᠡᠷᠴᠢᠮ ᠬᠦᠴᠤ ᠪᠡᠷ ᠪᠦᠷᠢᠨ ᠬᠠᠩ᠋ᠭᠠᠬᠤ ᠢᠢᠨ ᠵᠡᠷᠭᠡᠴᠡᠭᠡ ᠡᠷᠴᠢᠮ ᠬᠦᠴᠦ ᠡᠺᠰᠫᠣᠷᠲ᠋ᠯᠠᠭᠴᠢ ᠣᠷᠣᠨ ᠪᠣᠯᠵᠤ᠂ ᠪᠥᠰᠡ ᠨᠤᠲᠤᠭ ᠤᠨ ᠡᠷᠴᠢᠮ ᠬᠦᠴᠦᠨ ᠦ ᠬᠠᠩ᠋ᠭᠠᠮᠵᠢ ᠳᠤ ᠮᠣᠩ᠋ᠭᠣᠯ ᠤᠯᠤᠰ ᠥᠪᠡᠷ ᠦᠨ ᠬᠤᠪᠢ ᠨᠡᠮᠡᠷᠢ ᠪᠡᠨ ᠤᠷᠤᠭᠤᠯᠬᠤ ᠶᠣᠰᠣᠲᠠᠢ᠃

ᠡᠨᠡᠬᠦ ᠪᠣᠳᠣᠯᠭ᠎ᠠ ᠵᠣᠷᠢᠯᠲᠠ ᠢᠢ ᠬᠠᠩ᠋ᠭᠠᠨ ᠬᠡᠷᠡᠭᠵᠢᠭᠦᠯᠬᠦ᠂ ᠢᠯᠠᠩ᠋ᠭᠤᠶ᠎ᠠ ᠥᠰᠦᠨ ᠨᠡᠮᠡᠭᠳᠡᠵᠦ ᠪᠤᠢ ᠳᠣᠲᠣᠭᠠᠳᠤ ᠢᠢᠨ ᠡᠷᠴᠢᠮ ᠬᠦᠴᠦᠨ ᠦ ᠬᠡᠷᠡᠭᠯᠡᠭᠡ ᠢᠢ ᠬᠠᠩ᠋ᠭᠠᠬᠤ ᠳᠤ ᠳᠠᠷᠠᠭᠠᠬᠢ ᠠᠰᠠᠭᠤᠳᠠᠯ ᠤᠳ ᠢ ᠠᠩᠬᠠᠷᠴᠤ ᠠᠵᠢᠯᠯᠠᠬᠤ ᠨᠢ ᠵᠦᠢᠲᠡᠢ ᠶᠤᠮ᠃

ᠡᠭᠦᠨ ᠳᠤ᠄

ᠰᠠᠯᠪᠤᠷᠢ ᠢᠢᠨ ᠬᠥᠭ᠍ᠵᠢᠯ ᠦᠨ ᠪᠣᠳᠣᠯᠭ᠎ᠠ᠂ ᠵᠣᠷᠢᠯᠲᠠ ᠨᠤᠭᠤᠳ ᠤᠨ ᠬᠦᠷᠢᠶᠡᠨ ᠳᠤ ᠣᠨᠣᠪᠴᠢᠲᠠᠢ ᠲᠥᠯᠥᠪᠯᠡᠯᠲᠡ ᠬᠢᠵᠦ᠂ ᠡᠷᠴᠢᠮ ᠬᠦᠴᠦᠨ ᠦ ᠰᠢᠨ᠎ᠡ ᠡᠬᠡ ᠡᠭᠦᠰᠪᠦᠷᠢ ᠨᠦᠭᠦᠳ ᠢ ᠴᠠᠭ ᠠᠯᠠᠳᠠᠯ ᠦᠭᠡᠢ ᠪᠠᠷᠢᠵᠤ ᠪᠠᠢᠢᠭᠤᠯᠬᠤ;
ᠦᠨ᠎ᠡ ᠲᠠᠷᠢᠹ ᠤᠨ ᠵᠣᠬᠢᠰᠲᠠᠢ ᠪᠣᠳᠣᠯᠭ᠎ᠠ ᠪᠠᠷᠢᠮᠲᠠᠯᠠᠬᠤ᠂ ᠬᠤᠪᠢ ᠤᠨ ᠬᠡᠪᠰᠢᠯ ᠦᠨ ᠬᠥᠷᠥᠩ᠋ᠭᠡ ᠣᠷᠣᠭᠤᠯᠤᠯᠲᠠ ᠢᠢ ᠲᠦᠯᠬᠢᠭᠦᠦ ᠲᠠᠲᠠᠬᠤ;
ᠪᠣᠯᠪᠠᠰᠤᠨ ᠬᠦᠴᠦᠨ ᠦ ᠪᠡᠨ ᠮᠡᠳᠡᠯᠭᠡ ᠤᠷ᠎ᠠ ᠴᠢᠳᠠᠪᠤᠷᠢ ᠢᠢ ᠰᠠᠢᠢᠵᠢᠷᠠᠭᠤᠯᠬᠤ᠂ ᠬᠦᠮᠦᠨ ᠦ ᠨᠥᠭᠡᠴᠡ ᠪᠡᠨ ᠱᠠᠲᠤ ᠳᠠᠷᠠᠭ᠎ᠠ ᠲᠠᠢ ᠪᠡᠯᠡᠳᠬᠡᠨ᠂ ᠳᠠᠳᠤᠯᠭᠠᠵᠢᠭᠤᠯᠬᠤ;
ᠴᠡᠪᠡᠷ ᠡᠷᠴᠢᠮ ᠬᠦᠴᠦᠨ ᠦ ᠰᠢᠨ᠎ᠡ ᠡᠬᠡ ᠡᠭᠦᠰᠪᠦᠷᠢ ᠨᠦᠭᠦᠳ ᠢ ᠨᠡᠮᠡᠭᠳᠡᠭᠦᠯᠬᠦ᠂ ᠲᠡᠳᠡᠭᠡᠷ ᠢ ᠡᠷᠴᠢᠮ ᠬᠦᠴᠦᠨ ᠦ ᠰᠢᠰᠲ᠋ᠧᠮ ᠳᠤ ᠬᠣᠣᠰᠯᠠᠨ ᠠᠵᠢᠯᠯᠠᠬᠤ ᠤᠬᠠᠭᠠᠯᠢᠭ ᠲᠣᠭᠲᠠᠯᠴᠠᠭᠠᠨ ᠳᠤ ᠰᠢᠯᠵᠢᠭᠦᠯᠬᠦ᠂ ᠴᠢᠨᠠᠭᠰᠢᠳᠠ ᠪᠥᠰᠡ ᠨᠤᠲᠤᠭ ᠤᠨ ᠢᠨᠲ᠋ᠧᠭᠷᠠᠼᠢ ᠳᠤ ᠨᠢᠭᠡᠳᠬᠦ;
ᠰᠤᠳᠤᠯᠭ᠎ᠠ ᠰᠢᠨᠵᠢᠯᠡᠭᠡᠨ ᠦ ᠠᠵᠢᠯ ᠢ ᠡᠷᠴᠢᠮᠵᠢᠭᠦᠯᠬᠦ᠂ ᠲᠧᠭᠨᠢᠭ ᠲᠧᠭᠨᠣᠯᠣᠭᠢ ᠢᠢᠨ ᠰᠢᠨᠡᠴᠢᠯᠡᠯ ᠬᠢᠬᠦ᠂ ᠦᠷ᠎ᠡ ᠠᠰᠢᠭ᠂ ᠪᠦᠲᠦᠭᠡᠮᠵᠢ ᠢᠢ ᠳᠡᠭᠡᠭ᠍ᠰᠢᠯᠡᠭᠦᠯᠬᠦ᠂ ᠬᠡᠷᠡᠭᠯᠡᠭᠴᠢᠳ ᠦᠨ ᠡᠷᠬᠡ ᠠᠰᠢᠭ᠂ ᠵᠠᠬ᠎ᠠ ᠵᠡᠭᠡᠯᠢ ᠢᠢᠨ ᠡᠷᠢᠯᠲᠡ ᠬᠡᠷᠡᠭᠴᠡᠭᠡ ᠢᠢ ᠰᠣᠷᠭᠣᠭ ᠢᠶᠠᠷ ᠮᠡᠳᠡᠷᠡᠴᠤ ᠠᠵᠢᠯᠯᠠᠬᠤ ᠵᠡᠷᠭᠡ ᠲᠣᠭᠲᠠᠯᠴᠠᠭᠠᠨ ᠤ ᠪᠣᠯᠤᠨ ᠦᠢᠯᠡ ᠠᠵᠢᠯᠯᠠᠭᠠᠨ ᠤ ᠰᠢᠨᠵᠢᠲᠡᠢ ᠲᠣᠮᠣᠬᠠᠨ ᠰᠢᠨᠡᠴᠢᠯᠡᠯ ᠦᠳ ᠢ ᠠᠮᠵᠢᠯᠲᠠ ᠲᠠᠢ ᠬᠢᠵᠦ ᠬᠡᠷᠡᠭᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃
ᠰᠡᠭᠦᠯ ᠦᠨ ᠵᠢᠯ ᠦᠳ ᠦᠨ ᠳᠡᠯᠡᠬᠡᠢ ᠨᠡᠢᠢᠲᠡ ᠢᠢ ᠬᠠᠮᠤᠷᠤᠭᠰᠠᠨ ᠠᠭᠤᠷ ᠠᠮᠢᠰᠬᠤᠯ ᠤᠨ ᠥᠭᠡᠷᠡᠴᠢᠯᠡᠯᠲᠡ᠂ ᠴᠠᠷ᠎ᠠ ᠲᠠᠬᠤᠯ᠂ ᠭᠧᠣᠫᠣᠯᠢᠲ᠋ᠢᠺ ᠤᠨ ᠡᠭᠡᠳᠡᠷᠡᠭᠡ ᠲᠡᠢ ᠨᠥᠬᠥᠴᠡᠯ ᠪᠠᠢᠢᠳᠠᠯ ᠵᠡᠷᠭᠡ ᠨᠢ ᠤᠯᠤᠰ ᠣᠷᠣᠨ ᠪᠦᠷᠢ ᠢᠢ ᠡᠷᠴᠢᠮ ᠬᠦᠴᠦᠨ ᠦ ᠦᠢᠯᠡᠳᠪᠦᠷᠢᠯᠡᠬᠦ᠂ ᠳᠠᠮᠵᠢᠭᠤᠯᠬᠤ᠂ ᠲᠦᠭᠡᠭᠡᠬᠦ ᠲᠣᠭᠲᠠᠯᠴᠠᠭ᠎ᠠ ᠢᠢ ᠪᠠᠨ ᠰᠠᠢᠢᠵᠢᠷᠠᠭᠤᠯᠬᠤ ᠢᠢ ᠰᠠᠨᠠᠭᠤᠯᠵᠤ ᠪᠠᠢᠢᠨ᠎ᠠ᠃

ᠮᠣᠩ᠋ᠭᠣᠯ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠰᠢᠷᠤᠢᠢᠨ ᠰᠢᠭᠤᠷᠭ᠎ᠠ ᠲᠠᠢ ᠪᠣᠳᠠᠲᠠᠢ᠂ ᠦᠷ᠎ᠡ ᠳ᠋ᠦᠩ ᠲᠡᠢ ᠲᠡᠮᠡᠴᠡᠬᠦ ᠳᠤ ᠰᠡᠷᠭᠡᠭ᠍ᠳᠡᠬᠦ ᠪᠣᠯᠤᠨ ᠴᠡᠪᠡᠷ ᠡᠷᠴᠢᠮ ᠬᠦᠴᠦᠨ ᠦ ᠡᠬᠡ ᠡᠭᠦᠰᠪᠦᠷᠢ ᠨᠦᠭᠦᠳ ᠢ ᠨᠡᠮᠡᠭᠳᠡᠭᠦᠯᠬᠦ ᠱᠠᠭᠠᠷᠳᠠᠯᠭ᠎ᠠ ᠲᠠᠢ ᠪᠠᠢᠢᠨ᠎ᠠ᠃
ᠥᠨᠥᠳᠥᠷ ᠮᠣᠩ᠋ᠭᠣᠯ ᠤᠯᠤᠰ ᠤᠨ ᠨᠡᠢᠢᠲᠡ ᠡᠷᠴᠢᠮ ᠬᠦᠴᠦᠨ ᠦ ᠰᠠᠭᠤᠷᠢᠯᠠᠭᠳᠠᠭᠰᠠᠨ ᠬᠦᠴᠦᠨ ᠴᠢᠳᠠᠯ ᠤᠨ 20 ᠬᠦᠷᠬᠦ ᠦᠭᠡᠢ ᠬᠤᠪᠢ ᠢ ᠰᠡᠷᠭᠡᠭ᠍ᠳᠡᠬᠦ ᠡᠷᠴᠢᠮ ᠬᠦᠴᠦ ᠪᠦᠷᠢᠳᠦᠭᠦᠯᠵᠦ ᠪᠠᠢᠢᠭ᠎ᠠ ᠪᠥᠭᠡᠳ ᠴᠢᠨᠠᠭᠰᠢᠳᠠ ᠡᠭᠦᠨ ᠢ ᠲᠣᠭᠲᠠᠪᠤᠷᠢᠲᠠᠢ ᠨᠡᠮᠡᠭᠳᠡᠭᠦᠯᠵᠦ᠂ 30 ᠬᠤᠪᠢ ᠳᠤ ᠬᠦᠷᠭᠡᠬᠦ ᠵᠣᠷᠢᠯᠲᠠ ᠪᠠᠨ ᠬᠠᠩ᠋ᠭᠠᠨ ᠬᠡᠷᠡᠭᠵᠢᠭᠦᠯᠬᠦ ᠶᠣᠰᠣᠲᠠᠢ᠃

ᠴᠢᠨᠠᠭᠰᠢᠯᠠᠭᠠᠳ ᠮᠣᠩ᠋ᠭᠣᠯ ᠤᠯᠤᠰ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠪᠣᠯᠤᠨ ᠡᠳ᠋ ᠍ ᠦᠨ ᠵᠠᠰᠠᠭ ᠤᠨ ᠠᠶᠤᠯ ᠦᠭᠡᠢ ᠪᠠᠢᠢᠳᠠᠯ ᠢᠶᠠᠨ ᠬᠠᠩ᠋ᠭᠠᠨ ᠬᠡᠷᠡᠭᠵᠢᠭᠦᠯᠬᠦ ᠳᠤ ᠲᠥᠷᠥ ᠬᠤᠪᠢ ᠤᠨ ᠬᠡᠪᠰᠢᠯ ᠦᠨ ᠣᠨᠣᠪᠴᠢᠲᠠᠢ ᠲᠦᠩᠰᠢᠯᠡᠯ ᠢ ᠠᠰᠢᠭᠯᠠᠵᠤ᠂ ᠦᠷ᠎ᠡ ᠠᠰᠢᠭ ᠲᠠᠢ᠂ ᠳᠡᠪᠰᠢᠯᠲᠡᠲᠦ ᠲᠧᠭᠨᠢᠭ᠂ ᠲᠧᠺᠨᠣᠯᠣᠭᠢ ᠲᠠᠢ᠂ ᠪᠠᠢᠢᠭᠠᠯᠢ ᠤᠷᠴᠢᠨ ᠳᠤ ᠡᠭᠡᠯᠢᠲᠡᠢ᠂ ᠡᠺᠰᠫᠣᠷᠲ ᠤᠨ ᠴᠢᠭ᠌ ᠪᠠᠷᠢᠮᠵᠢᠶ᠎ᠠ ᠲᠠᠢ ᠡᠷᠴᠢᠮ ᠬᠦᠴᠦᠨ ᠦ ᠰᠠᠯᠪᠤᠷᠢ ᠢᠢ ᠬᠥᠭ᠍ᠵᠢᠭᠦᠯᠬᠦ ᠨᠢ ᠨᠡᠩ ᠴᠢᠬᠤᠯᠠ ᠭᠡᠵᠦ ᠲᠥᠷᠥ ᠢᠢᠨ ᠲᠡᠷᠢᠭᠦᠨ ᠦᠵᠡᠵᠦ ᠪᠠᠢᠢᠨ᠎ᠠ᠃

ᠰᠢᠨ᠎ᠡ ᠵᠠᠭᠤᠨ ᠤ ᠰᠢᠨ᠎ᠡ ᠵᠣᠷᠢᠯᠲᠠ ᠪᠠᠨ ᠬᠠᠩ᠋ᠭᠠᠨ ᠬᠡᠷᠡᠭᠵᠢᠭᠦᠯᠬᠦ ᠳᠤ ᠲᠠ ᠪᠦᠬᠦᠨ ᠦ ᠬᠢᠴᠢᠶᠡᠯ ᠵᠢᠳᠬᠦᠯ᠂ ᠰᠠᠨᠠᠯ ᠰᠠᠨᠠᠭᠠᠴᠢᠯᠠᠭ᠎ᠠ᠂ ᠬᠠᠮᠲᠤ ᠢᠢᠨ ᠠᠵᠢᠯᠯᠠᠭ᠎ᠠ ᠪᠠᠨ᠂ ᠬᠠᠷᠢᠯᠴᠠᠨ ᠣᠢᠢᠯᠠᠭᠠᠯᠴᠠᠯ᠂ ᠠᠵᠢᠯ ᠤᠨ ᠤᠶᠠᠯᠳᠤᠭ᠎ᠠ ᠬᠣᠯᠪᠣᠭ᠎ᠠ ᠬᠠᠮᠤᠭ ᠤᠨ ᠴᠢᠬᠤᠯᠠ ᠪᠣᠯᠬᠤ ᠢᠢ ᠣᠨᠴᠠᠯᠠᠨ ᠲᠡᠮᠳᠡᠭᠯᠡᠵᠦ ᠪᠠᠢᠢᠨ᠎ᠠ᠃

ᠡᠬᠡ ᠣᠷᠣᠨ ᠤ ᠪᠠᠨ ᠬᠥᠭ᠍ᠵᠢᠯ ᠳᠡᠪᠰᠢᠯ ᠦᠨ ᠭᠠᠯ ᠢ ᠪᠠᠳᠠᠷᠠᠭᠠᠭᠴᠢ ᠡᠷᠴᠢᠮ ᠬᠦᠴᠦᠨ ᠦ ᠰᠠᠯᠪᠤᠷᠢ ᠢᠢᠨ ᠦᠶ᠎ᠡ ᠦᠶ᠎ᠡ ᠢᠢᠨ ᠠᠵᠢᠯᠲᠠᠨ᠂ ᠠᠯᠪᠠᠨ ᠬᠠᠭᠠᠭᠴᠢᠳ᠂ ᠢᠨᠵᠧᠨᠧᠷ ᠲᠧᠭᠨᠢᠭ ᠦᠨ ᠠᠵᠢᠯᠲᠠᠨ ᠨᠤᠭᠤᠳ᠂ ᠡᠷᠳᠡᠮᠲᠡᠨ ᠰᠤᠳᠤᠯᠤᠭᠠᠴᠢᠳ᠂ ᠡᠷᠬᠢᠮ ᠬᠦᠨᠳᠦᠳᠤ ᠠᠬᠠᠮᠠᠳ ᠤᠳ ᠲᠠ ᠪᠦᠬᠦᠨ ᠳᠤ ᠪᠡᠨ ᠮᠣᠩ᠋ᠭᠣᠯ ᠤᠯᠤᠰ ᠲᠤ ᠣᠷᠴᠢᠨ ᠴᠠᠭ ᠤᠨ ᠡᠷᠴᠢᠮ ᠬᠦᠴᠦᠨ ᠦ ᠰᠠᠯᠪᠤᠷᠢ ᠡᠭᠦᠰᠴᠦ ᠬᠥᠭ᠍ᠵᠢᠭᠰᠡᠨ ᠦ ᠲᠡᠦᠬᠡᠲᠦ 100᠂ 101 ᠵᠢᠯ ᠦᠨ ᠣᠢ ᠢᠢᠨ ᠪᠠᠶᠠᠷ ᠤᠨ ᠮᠡᠨᠳᠦ ᠢᠢ ᠳᠠᠬᠢᠨ ᠡᠷᠭᠦᠨ ᠳᠡᠪᠰᠢᠭᠦᠯᠦᠶ᠎ᠡ᠃

ᠲᠠ ᠪᠦᠬᠦᠨ ᠳᠤ ᠪᠡᠨ ᠡᠷᠡᠭᠦᠯ ᠡᠩᠬᠡ᠂ ᠰᠠᠢᠢᠨ ᠰᠠᠢᠢᠬᠠᠨ᠂ ᠠᠮᠵᠢᠯᠲᠠ ᠪᠦᠲᠦᠭᠡᠯ ᠦᠨ ᠳᠡᠭᠡᠳᠦ ᠢᠢ ᠬᠦᠰᠡᠨ ᠢᠷᠦᠭᠡᠶ᠎ᠡ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ᠃