Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠹᠷᠠᠨ᠌ᠼᠠ ᠤᠯᠤᠰ ᠤᠨ ᠶᠡᠷᠦᠩᠬᠡᠢᠢᠯᠡᠭᠴᠢ ᠡᠮᠮᠠᠨᠤᠢᠧᠯ ᠮᠠᠻᠷᠣᠨ ᠤ ᠲᠥᠷᠥ ᠢᠢᠨ ᠠᠢᠢᠯᠴᠢᠯᠠᠯ ᠡᠬᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠹᠷᠠᠨᠼᠠ ᠤᠯᠤᠰ ᠤᠨ ᠶᠡᠷᠦᠩᠬᠡᠢᠢᠯᠡᠭᠴᠢ ᠡᠮᠮᠠᠨᠤᠢᠧᠯ ᠮᠠᠻᠷᠣᠨ ᠮᠣᠩ᠋ᠭᠣᠯ ᠤᠯᠤᠰ ᠲᠤ 2023 ᠣᠨ ᠤ 05 ᠳ᠋ᠤᠭᠠᠷ ᠰᠠᠷ᠎ᠠ ᠢᠢᠨ 21-22- ᠍ ᠤ ᠡᠳᠦᠷ ᠦᠳ ᠲᠤ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠹᠷᠠᠨᠼᠠ ᠤᠯᠤᠰ ᠤᠨ ᠶᠡᠷᠦᠩᠬᠡᠢᠢᠯᠡᠭᠴᠢ ᠡᠮᠮᠠᠨᠤᠢᠧᠯ ᠮᠠᠺᠷᠣᠨ ᠢ ᠵᠠᠩᠵᠤᠨ ᠳᠡ‍᠂ ᠰᠦᠬᠡᠪᠠᠭᠠᠲᠤᠷ ᠤᠨ ᠲᠠᠯᠠᠪᠠᠢ ᠳᠤ ᠤᠭᠲᠤᠨ ᠠᠪᠤᠯ᠎ᠠ᠃

ᠲᠥᠷᠥ ᠢᠢᠨ ᠬᠦᠨᠳᠦᠳᠤ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳ᠋ᠤ ᠬᠣᠶᠠᠷ ᠣᠷᠣᠨ ᠤ ᠲᠥᠷᠥ ᠢᠢᠨ ᠳᠠᠭᠤᠯᠠᠯ ᠡᠭᠡᠰᠢᠭᠯᠡᠪᠡ᠃ ᠲᠥᠷᠥ ᠢᠢᠨ ᠲᠡᠷᠢᠭᠦᠨ ᠨᠠᠷ ᠲᠥᠷᠥ ᠢᠢᠨ ᠶᠣᠰᠣᠯᠠᠯ ᠤᠨ ᠴᠡᠷᠢᠭ ᠦᠨ ᠴᠠᠭᠠᠨ ᠲᠤᠭᠤᠨ ᠳᠤ ᠮᠡᠬᠦᠢᠢᠨ ᠶᠣᠰᠣᠯᠠᠭᠰᠠᠨ ᠤ ᠳᠠᠷᠠᠭ᠎ᠠ ᠶᠡᠷᠦᠩᠬᠡᠢᠢᠯᠡᠭᠴᠢ ᠡᠮᠮᠠᠨᠤᠢᠧᠯ ᠮᠠᠻᠷᠣᠨ ᠲᠥᠷᠥ ᠢᠢᠨ ᠬᠦᠨᠳᠦᠳᠤ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠪᠡ᠃
ᠬᠣᠶᠠᠷ ᠤᠯᠤᠰ ᠤᠨ ᠶᠡᠷᠦᠩᠬᠡᠢᠢᠯᠡᠭᠴᠢ ᠤᠭᠲᠤᠬᠤ ᠶᠣᠰᠣᠯᠠᠯ ᠳᠤ ᠬᠦᠷᠦᠯᠴᠡᠨ ᠢᠷᠡᠭᠰᠡᠨ ᠮᠣᠩ᠋ᠭᠣᠯ ᠤᠨ ᠪᠣᠯᠤᠨ ᠹᠷᠠᠨᠼᠠ ᠢᠢᠨ ᠲᠠᠯ᠎ᠠ ᠢᠢᠨ ᠲᠥᠯᠥᠭᠡᠯᠡᠭᠴᠢᠳ᠂ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠳ ᠤᠨ ᠲᠡᠷᠢᠭᠦᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠰᠠᠭᠤᠷᠢᠨ ᠲᠥᠯᠥᠭᠡᠯᠡᠭᠴᠢ ᠨᠠᠷ ᠲᠠᠢ ᠮᠡᠨᠳᠦᠴᠢᠯᠡᠪᠡ᠃

ᠲᠥᠷᠥ ᠢᠢᠨ ᠲᠡᠷᠢᠭᠦᠨ ᠨᠠᠷ ᠶᠡᠬᠡ ᠡᠵᠡᠨ ᠴᠢᠩ᠋ᠭᠢᠰ ᠬᠠᠭᠠᠨ ᠤ ᠬᠥᠰᠢᠶᠡᠨ ᠳᠤ ᠬᠦᠨᠳᠦᠳᠬᠡᠯ ᠦᠵᠡᠭᠦᠯᠦᠭᠰᠡᠨ ᠦ ᠳᠠᠷᠠᠭ᠎ᠠ ᠶᠡᠷᠦᠩᠬᠡᠢᠢᠯᠡᠭᠴᠢ ᠡᠮᠮᠠᠨᠤᠢᠧᠯ ᠮᠠᠺᠷᠣᠨ ᠲᠥᠷᠥ ᠢᠢᠨ ᠣᠷᠳᠣᠨ ᠤ ᠬᠦᠨᠳᠦᠲᠦ ᠵᠣᠴᠢᠨ ᠤ ᠳᠡᠪᠲᠡᠷ ᠲᠤ ᠭᠠᠷ ᠤᠨ ᠦᠰᠦᠭ ᠵᠢᠷᠤᠪᠠ᠃
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠹᠷᠠᠨᠼᠠ ᠤᠯᠤᠰ ᠤᠨ ᠬᠣᠭᠣᠷᠣᠨᠳᠣ 1965 ᠣᠨ ᠤ 04 ᠳ᠋ᠦ᠋ᠭᠡᠷ ᠰᠠᠷ᠎ᠠ ᠢᠢᠨ 27- ᠍ ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃

ᠮᠣᠩ᠋ᠭᠣᠯ ᠤᠯᠤᠰ ᠠᠩᠬ᠎ᠠ 1946 ᠣᠨ ᠳᠤ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠳᠤ ᠭᠡᠰᠢᠭᠦᠨ ᠢᠶᠡᠷ ᠡᠯᠰᠡᠬᠦ ᠡᠷᠭᠦᠳᠡᠯ ᠭᠠᠷᠭᠠᠬᠤ ᠳᠤ ᠹᠷᠠᠨ᠌ᠼᠠ ᠤᠯᠤᠰ ᠳᠡᠮᠵᠢᠵᠦ ᠪᠠᠢᠢᠭᠰᠠᠨ ᠲᠡᠦᠬᠡ ᠲᠡᠢ ᠶᠤᠮ᠃