Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠶᠢᠨ ᠺᠣᠯᠯᠧᠵᠢ ᠶᠢᠨ ᠤᠳᠤᠷᠢᠳᠤᠯᠭ᠎ᠠ ᠨᠤᠭᠤᠳ ᠢ ᠬᠦᠯᠢᠶᠡᠨ ᠠᠪᠴᠤ ᠠᠭᠤᠯᠵᠠᠪᠠ

ᠮᠣᠩᠭ᠋ᠣᠯ  ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ ᠥᠨᠥᠳᠥᠷ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠬᠣᠰᠢᠭᠤᠴᠢ ᠭᠧᠨᠧᠷᠠᠯ ᠬᠠᠷᠺᠢᠷᠠᠲ ᠰᠢᠩᡁ᠂ ᠪᠷᠢᠭᠠᠳ᠋ ᠤᠨ ᠭᠧᠨᠧᠷᠠᠯ ᠬᠠᠷᠢᠱ ᠪᠤᠢᠲ᠋ᠠᠨᠢ᠂ ᠪᠷᠢᠭᠠᠳ᠋ ᠤᠨ ᠭᠧᠨᠧᠷᠠᠯ ᠮᠣᠬᠢᠲ ᠮᠠᠯᠬᠣᠲ᠋ᠷᠠ ᠨᠠᠷ ᠤᠨ ᠲᠡᠷᠢᠭᠦᠲᠡᠢ ᠲᠤᠰ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠺᠣᠯᠯᠧᠵᠢ ᠢᠢᠨ ᠤᠳᠤᠷᠢᠳᠤᠯᠭ᠎ᠠ ᠨᠤᠭᠤᠳ ᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠭᠧᠨᠧᠷᠠᠯ᠂ ᠬᠤᠷᠠᠨᠳᠠ ᠨᠠᠷ ᠢ ᠮᠣᠩᠭ᠋ᠣᠯ ᠤᠯᠤᠰ ᠲᠠᠢ ᠲᠠᠨᠢᠯᠴᠠᠬᠤ ᠠᠢᠢᠯᠴᠢᠯᠠᠯ ᠬᠢᠵᠦ ᠪᠠᠢᠢᠭ᠎ᠠ ᠳᠤ ᠪᠠᠶᠠᠷ ᠬᠦᠷᠭᠡᠨ᠂ ᠬᠣᠶᠠᠷ ᠣᠷᠣᠨ ᠤ ᠬᠠᠷᠢᠯᠴᠠᠭ᠎ᠠ ᠢᠢ ᠬᠥᠭ᠍ᠵᠢᠭᠦᠯᠬᠦ  ᠳᠥ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠷᠢᠯᠴᠠᠭ᠎ᠠ ᠴᠢᠬᠤᠯᠠ ᠪᠠᠢᠢᠷᠢ ᠰᠠᠭᠤᠷᠢ ᠡᠵᠡᠯᠡᠵᠦ ᠪᠠᠢᠢᠭ᠎ᠠ ᠢᠢ ᠬᠡᠯᠡᠪᠡ᠃ ᠮᠥᠨ ᠮᠣᠩᠭ᠋ᠣᠯ  ᠤᠯᠤᠰ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠠᠢ 1973 ᠣᠨ ᠳᠤ ᠴᠡᠷᠢᠭ ᠦᠨ ᠠᠯᠪᠠᠨ ᠶᠣᠰᠣᠨ ᠤ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠬᠠᠷᠢᠯᠴᠠᠨ ᠠᠢᠢᠯᠴᠢᠯᠠᠯ᠂ ᠡᠩᠬᠡ ᠢᠢ ᠳᠡᠮᠵᠢᠬᠦ ᠪᠣᠯᠤᠨ ᠲᠧᠷᠷᠣᠷᠢᠰᠮ ᠲᠡᠢ ᠲᠡᠮᠡᠴᠡᠬᠦ ᠬᠠᠮᠲᠤᠷᠠᠭᠰᠠᠨ ᠰᠤᠷᠭᠠᠭᠤᠯᠢᠯᠠᠯᠲᠠ᠂ ᠳᠠᠳᠤᠯᠭ᠎ᠠ ᠵᠣᠬᠢᠶᠠᠨ ᠪᠠᠢᠢᠭᠤᠯᠬᠤ᠂ ᠮᠡᠳᠡᠭᠡᠯᠡᠯ ᠦᠨ ᠲᠧᠭᠨᠣᠯᠣᠭᠢ᠂ ᠪᠣᠯᠪᠠᠰᠤᠨ ᠬᠦᠴᠦᠨ ᠪᠡᠯᠡᠳᠬᠡᠬᠦ ᠴᠢᠭᠯᠡᠯ ᠢᠶᠡᠷ ᠬᠠᠮᠲᠤᠷᠠᠨ ᠠᠵᠢᠯᠯᠠᠵᠤ ᠢᠷᠡᠭᠰᠡᠨ ᠢ ᠰᠠᠢᠢᠰᠢᠶᠠᠪᠠ᠃

 

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠺᠣᠯᠯᠧᠵᠢ ᠢᠢᠨ ᠬᠣᠰᠢᠭᠤᠴᠢ ᠭᠧᠨᠧᠷᠠᠯ ᠬᠠᠷᠺᠢᠷᠠᠲ ᠰᠢᠩᡁ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ ᠲᠤ ᠴᠠᠭ ᠭᠠᠷᠭᠠᠨ ᠬᠦᠯᠢᠶᠡᠨ ᠠᠪᠴᠤ ᠠᠭᠤᠯᠵᠠᠵᠤ ᠪᠠᠢᠢᠭᠠᠳ ᠲᠠᠯᠠᠷᠬᠠᠯ ᠢᠶᠠᠨ ᠢᠯᠡᠷᠬᠡᠢᠢᠯᠡᠵᠦ᠂ ᠬᠣᠶᠠᠷ ᠣᠷᠣᠨ ᠤ ᠬᠠᠮᠲᠤ ᠢᠢᠨ ᠠᠵᠢᠯᠯᠠᠭ᠎ᠠ ᠥᠷᠭᠡᠵᠢᠨ ᠲᠡᠯᠡᠵᠦ ᠪᠠᠢᠢᠭ᠎ᠠ ᠳᠤ ᠪᠠᠶᠠᠷᠲᠠᠢ ᠪᠠᠢᠢᠭ᠎ᠠ ᠪᠠᠨ ᠬᠡᠯᠡᠪᠡ᠃ ᠮᠥᠨ ᠮᠣᠩᠭ᠋ᠣᠯ  ᠤᠨ ᠲᠠᠯ᠎ᠠ ᠲᠠᠢ 《ᠨᠡᠭᠦᠳᠡᠯᠴᠢᠨ ᠵᠠᠭᠠᠨ》 ᠲᠤᠰᠬᠠᠢ ᠬᠦᠴᠦᠨ ᠦ ᠬᠠᠮᠲᠤᠷᠠᠭᠰᠠᠨ ᠰᠤᠷᠭᠠᠭᠤᠯᠢᠯᠠᠯᠲᠠ ᠢᠢ ᠬᠢᠵᠦ ᠬᠡᠪᠰᠢᠭᠰᠡᠨ ᠨᠢ ᠥᠨᠳᠥᠷ ᠠᠴᠢ ᠬᠣᠯᠪᠣᠭᠳᠠᠯ ᠲᠠᠢ ᠲᠠᠯ᠎ᠠ ᠪᠠᠷ ᠳᠤᠷᠠᠳᠤᠭᠠᠳ ᠪᠠᠲᠤᠯᠠᠨ ᠬᠠᠮᠠᠭᠠᠯᠠᠬᠤ ᠪᠣᠯᠤᠨ ᠬᠢᠯᠢ ᠬᠠᠮᠠᠭᠠᠯᠠᠬᠤ ᠴᠢᠭᠯᠡᠯ ᠢᠶᠡᠷ ᠬᠠᠷᠢᠯᠴᠠᠭ᠎ᠠ ᠪᠠᠨ ᠥᠷᠭᠡᠵᠢᠭᠦᠯᠬᠦ ᠬᠦᠰᠡᠯ ᠲᠡᠢ ᠪᠠᠢᠢᠳᠠᠭ ᠢᠶᠠᠨ ᠬᠡᠯᠡᠭᠰᠡᠨ ᠶᠤᠮ᠃

 

ᠠᠭᠤᠯᠵᠠᠯᠲᠠ ᠢᠢᠨ ᠲᠡᠭᠦᠰᠬᠡᠯ  ᠳᠥ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ‍ ∙ ᠡᠩᠬᠡᠪᠣᠯᠤᠳ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠵᠦᠭ ᠡᠴᠡ ᠬᠠᠮᠲᠤᠷᠠᠭᠰᠠᠨ ᠴᠡᠷᠢᠭ ᠦᠨ ᠰᠤᠷᠭᠠᠭᠤᠯᠢᠯᠠᠯᠲᠠ ᠢᠢᠨ ᠠᠴᠢ ᠬᠣᠯᠪᠣᠭᠳᠠᠯ ᠢ ᠥᠨᠳᠥᠷ ᠢᠶᠡᠷ ᠦᠨᠡᠯᠡᠵᠦ᠂ ᠴᠢᠨᠠᠭᠰᠢᠳᠠ ᠢᠢᠨ ᠣᠷᠣᠯᠴᠠᠭ᠎ᠠ ᠢᠢ ᠪᠠᠨ ᠬᠠᠳᠠᠭᠠᠯᠠᠬᠤ ᠶᠣᠰᠣᠲᠠᠢ ᠭᠡᠳ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠺᠣᠯᠯᠧᠵᠢ ᠢᠢᠨ ᠭᠧᠨᠧᠷᠠᠯ᠂ ᠣᠹᠢᠼᠧᠷ ᠤᠳ ᠲᠤ ᠠᠵᠢᠯ ᠤᠨ ᠠᠮᠵᠢᠯᠲᠠ ᠬᠦᠰᠡᠪᠡ᠃