ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 2023 ᠣᠨ ᠤ 05 ᠳ᠋ᠤᠭᠠᠷ ᠰᠠᠷ᠎ᠠ ᠢᠢᠨ 21-29- ᠍ ᠦ ᠡᠳᠦᠷ ᠦᠳ ᠲᠤ ᠤᠯᠠᠭᠠᠨᠪᠠᠭᠠᠲᠤᠷ ᠬᠣᠲᠠᠨ ᠠ ᠵᠣᠬᠢᠶᠠᠨ ᠪᠠᠢᠢᠭᠤᠯᠤᠭᠰᠠᠨ ᠠᠽᠢ ᠢᠢᠨ ᠹᠢᠽᠢᠺ ᠦᠨ 23 ᠳ᠋ᠤᠭᠠᠷ ᠣᠯᠢᠮᠫᠢᠶᠠᠳ᠋ ᠍ ᠤᠨ ᠱᠠᠩᠨᠠᠯ ᠭᠠᠷᠳᠠᠭᠤᠯᠬᠤ ᠶᠣᠰᠣᠯᠠᠯ ᠥᠨᠥᠳᠥᠷ ᠪᠣᠯᠤᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊᠂ ᠰᠣᠳᠤᠪᠠᠭᠠᠲᠤᠷ ᠬᠠᠭᠠᠯᠲᠠ ᠢᠢᠨ ᠶᠣᠰᠣᠯᠠᠯ ᠳᠤ ᠣᠷᠣᠯᠴᠠᠵᠤ ᠦᠭᠡ ᠬᠡᠯᠡᠪᠡ᠃
ᠲᠡᠷᠡ ᠪᠡᠷ ᠡᠨᠡ ᠬᠦ ᠨᠡᠷ᠎ᠡ ᠬᠦᠨᠳᠦᠲᠡᠢ ᠣᠯᠢᠮᠫᠢᠶᠠᠳ᠋ ᠍ ᠢ ᠮᠣᠩ᠋ᠭᠣᠯ ᠤᠯᠤᠰ ᠲᠤ ᠵᠣᠬᠢᠶᠠᠨ ᠪᠠᠢᠢᠭᠤᠯᠬᠤ ᠡᠷᠬᠡ ᠢᠢ ᠣᠯᠭᠤᠭᠰᠠᠨ ᠠᠽᠢ ᠢᠢᠨ ᠹᠢᠽᠢᠺ ᠦᠨ ᠣᠯᠢᠮᠫᠢᠶᠠᠳ᠋ ᠍ ᠤᠨ ᠬᠣᠷᠢᠶᠠᠨ ᠳᠤ ᠲᠠᠯᠠᠷᠬᠠᠯ ᠢᠯᠡᠷᠬᠡᠢᠢᠯᠡᠵᠦ᠂ ᠠᠽᠢ ᠢᠢᠨ ᠹᠢᠽᠢᠺ ᠦᠨ ᠣᠯᠢᠮᠫᠢᠶᠠᠳ᠋ ᠍ ᠤᠨ ᠣᠷᠣᠯᠴᠠᠭᠴᠢᠳ ᠲᠤ ᠪᠠᠶᠠᠷ ᠬᠦᠷᠭᠡᠨ ᠠᠮᠵᠢᠯᠲᠠ ᠬᠦᠰᠡᠯ᠎ᠡ᠃
ᠣᠷᠣᠯᠴᠠᠭᠴᠢ ᠬᠡᠦᠬᠡᠳ ᠦᠳ ᠦᠨ ᠣᠶᠤᠨ ᠤ ᠴᠢᠳᠠᠪᠬᠢ᠂ ᠣᠨᠣᠯ ᠤᠨ ᠮᠡᠳᠡᠯᠭᠡ ᠢᠢ ᠰᠣᠷᠢᠭᠰᠠᠨ᠂ ᠣᠯᠠᠨ ᠤᠯᠤᠰ ᠤᠨ ᠡᠷᠳᠡᠮᠲᠡᠨ ᠪᠠᠭᠰᠢ ᠨᠠᠷ ᠤᠨ ᠰᠣᠨᠢᠷᠬᠠᠯ ᠢ ᠲᠠᠲᠠᠭᠰᠠᠨ ᠣᠨᠣᠯ ᠤᠨ ᠪᠣᠯᠤᠨ ᠲᠤᠷᠰᠢᠯᠲᠠ ᠢᠢᠨ ᠪᠣᠳᠣᠯᠭ᠎ᠠ ᠢᠢ ᠳᠡᠪᠰᠢᠭᠦᠯᠵᠦ ᠴᠢᠳᠠᠭᠰᠠᠨ ᠮᠣᠩ᠋ᠭᠣᠯ ᠤᠨ ᠰᠢᠯᠢᠳᠡᠭ ᠹᠢᠽᠢᠺᠴᠢᠳ᠂ ᠡᠷᠳᠡᠮᠲᠡᠳ ᠲᠤ ᠮᠥᠨ ᠪᠠᠶᠠᠷ ᠬᠦᠷᠭᠡᠪᠡ᠃
ᠡᠨᠡ ᠤᠳᠠᠭ᠎ᠠ ᠢᠢᠨ ᠣᠯᠢᠮᠫᠢᠶᠠᠳ᠋ ᠍ ᠲᠤ ᠨᠡᠢᠢᠲᠡ 26 ᠪᠠᠭ ᠤᠨ 195 ᠰᠤᠷᠤᠭᠴᠢ ᠣᠨᠣᠯ ᠤᠨ ᠭᠤᠷᠪᠠ᠂ ᠲᠤᠷᠰᠢᠯᠲᠠ ᠢᠢᠨ ᠬᠣᠶᠠᠷ ᠪᠣᠳᠣᠯᠭ᠎ᠠ ᠪᠠᠷ ᠣᠶᠤᠨ ᠤᠬᠠᠭᠠᠨ ᠢᠶᠠᠨ ᠤᠷᠤᠯᠳᠤᠭᠤᠯᠤᠭᠰᠠᠨ ᠠᠴᠠ ᠭᠠᠳᠠᠨ᠎ᠠ ᠬᠣᠶᠠᠷ ᠤᠯᠤᠰ ᠠᠵᠢᠭᠯᠠᠭᠴᠢ ᠪᠠᠷ ᠣᠷᠣᠯᠴᠠᠭᠰᠠᠨ ᠶᠤᠮ᠃
ᠮᠣᠩ᠋ᠭᠣᠯ ᠡᠷᠳᠡᠮᠲᠡᠳ ᠦᠨ ᠪᠣᠯᠪᠠᠰᠤᠷᠠᠭᠤᠯᠤᠭᠰᠠᠨ ᠨᠡᠢᠢᠲᠡ 50 ᠣᠨᠣᠭᠣᠨ ᠤ 5 ᠪᠣᠳᠣᠯᠭ᠎ᠠ ᠢᠢ ᠪᠣᠳᠣᠭᠰᠠᠨ ᠡᠬᠢᠨ ᠦ ᠭᠤᠷᠪᠠᠨ ᠰᠤᠷᠤᠭᠴᠢ ᠢᠢᠨ ᠳᠤᠮᠳᠠᠴᠢ ᠣᠨᠣᠭ᠎ᠠ 30᠂ ᠮᠧᠳᠢᠶᠠᠨ ᠳᠤᠮᠳᠠᠴᠢ 21.5 ᠪᠣᠯᠤᠭᠰᠠᠨ ᠪᠠᠢᠢᠨ᠎ᠠ᠃ ᠬᠠᠮᠤᠭ ᠤᠨ ᠥᠨᠳᠦᠷ ᠪᠤᠶᠤ 33.5 ᠣᠨᠣᠭ᠎ᠠ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠪᠠᠭ ᠤᠨ ᠰᠤᠷᠤᠭᠴᠢ ᠠᠪᠴᠠᠢ᠃
ᠣᠯᠢᠮᠫᠢᠶᠠᠳ᠋ ᠍ ᠤᠨ ᠪᠠᠢᠢᠷᠢ ᠡᠵᠡᠯᠡᠭᠦᠯᠬᠦ ᠳᠦᠷᠢᠮ ᠦᠨ ᠳᠠᠭᠠᠭᠤ 21.5 ᠣᠨᠣᠭ᠎ᠠ ᠢᠢ 100 ᠬᠤᠪᠢ ᠭᠡᠵᠦ ᠲᠣᠭᠠᠴᠠᠬᠤ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠪᠠᠭ ᠤᠨ ᠪᠦᠬᠦ ᠰᠤᠷᠤᠭᠴᠢ ᠠᠯᠲᠠᠨ ᠮᠧᠳᠠᠯ ᠤᠨ ᠪᠣᠯᠵᠣᠯ ᠬᠠᠩ᠋ᠭᠠᠵᠠᠢ᠃ ᠮᠥᠨ ᠵᠣᠬᠢᠶᠠᠨ ᠪᠠᠢᠢᠭᠤᠯᠤᠭᠴᠢ ᠮᠣᠩ᠋ᠭᠣᠯ ᠤᠯᠤᠰ ᠤᠨ ᠪᠠᠭ 1 ᠬᠦᠷᠡᠯ ᠮᠧᠳᠠᠯ ᠬᠦᠷᠲᠡᠯ᠎ᠡ᠃
ᠠᠽᠢ ᠢᠢᠨ ᠹᠢᠽᠢᠺ ᠦᠨ 24 ᠳ᠋ᠤᠭᠡᠷ ᠣᠯᠢᠮᠫᠢᠶᠠᠳ᠋ ᠢᠷᠡᠬᠦ ᠵᠢᠯ ᠮᠠᠯᠠᠢᠢᠽ ᠤᠯᠤᠰ ᠲᠤ ᠪᠣᠯᠤᠨ᠎ᠠ᠃