Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠭᠠᠳᠠᠭᠠᠳᠤ ᠬᠡᠷᠡᠭ ᠦᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠭᠠᠳᠠᠭᠠᠳᠤ ᠬᠡᠷᠡᠭ ᠦᠨ ᠰᠠᠢᠢᠳ ᠵᠡᠧᠨᠪᠧᠺ ᠮᠣᠯᠳᠣᠺᠠᠨᠨᠣᠸᠢᠴ ᠺᠦᠯᠤᠢᠪᠠᠧᠸ ᠢ ᠬᠦᠯᠢᠶᠡᠨ ᠠᠪᠴᠤ ᠠᠭᠤᠯᠵᠠᠪᠠ᠃

ᠬᠣᠶᠠᠷ ᠤᠯᠤᠰ ᠤᠨ ᠬᠣᠭᠣᠷᠣᠨᠳᠣ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠰᠢᠨ᠎ᠡ ᠲᠦᠪᠰᠢᠨ ᠳᠤ ᠭᠠᠷᠭᠠᠬᠤ ᠪᠦᠷᠢᠨ ᠪᠣᠯᠤᠮᠵᠢ ᠪᠠᠢᠢᠭ᠎ᠠ ᠢᠢ ᠶᠡᠷᠦᠩᠬᠡᠢᠢᠯᠡᠭᠴᠢ ᠲᠡᠮᠳᠡᠭᠯᠡᠪᠡ᠃

ᠤᠳᠤᠬᠤ ᠦᠭᠡᠢ ᠮᠣᠩ᠋ᠭᠣᠯ ᠤᠯᠤᠰ ᠲᠤ ᠠᠢᠢᠯᠴᠢᠯᠠᠬᠤ ᠶᠡᠷᠦᠩᠬᠡᠢᠢᠯᠡᠭᠴᠢ ᠰ᠂ ᠨ᠂ ᠵᠠᠫᠠᠷᠣᠸ ᠤᠨ ᠠᠢᠢᠯᠴᠢᠯᠠᠯ ᠬᠣᠶᠠᠷ ᠣᠷᠣᠨ ᠤ ᠤᠯᠤᠰ ᠲᠥᠷᠥ ᠢᠢᠨ ᠶᠠᠷᠢᠶ᠎ᠠ ᠬᠡᠯᠡᠯᠴᠡᠭᠡ ᠢᠢ ᠡᠷᠴᠢᠮᠵᠢᠭᠦᠯᠵᠦ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠤ ᠴᠢᠬᠤᠯᠠ ᠲᠦᠯᠬᠢᠴᠡ ᠦᠵᠡᠭᠦᠯᠦᠨ᠎ᠡ ᠭᠡᠳᠡᠭ ᠲᠤ ᠢᠲᠡᠭᠡᠯ ᠲᠡᠢ ᠪᠠᠢᠢᠭ᠎ᠠ ᠪᠠᠨ ᠬᠡᠯᠡᠪᠡ᠃

ᠪᠦᠭᠦᠳᠡ ᠨᠠᠢᠢᠷᠠᠮᠳᠠᠬᠤ ᠺᠢᠷᠭᠢᠽ ᠤᠯᠤᠰ ᠬᠤᠳᠠᠯᠳᠤᠭ᠎ᠠ᠂ ᠡᠳ᠋ ᠍ ᠦᠨ ᠵᠠᠰᠠᠭ᠂ ᠪᠠᠲᠤᠯᠠᠨ ᠬᠠᠮᠠᠭᠠᠯᠠᠬᠤ᠂ ᠡᠩᠬᠡ ᠢᠢ ᠰᠠᠬᠢᠭᠤᠯᠬᠤ᠂ ᠠᠶᠤᠯ ᠦᠭᠡᠢ ᠪᠠᠢᠢᠳᠠᠯ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢᠯᠡᠯ᠂ ᠲᠡᠭᠡᠭᠡᠪᠦᠷᠢ ᠯᠣᠵᠢᠰᠲ᠋ᠢᠭ᠂ ᠰᠤᠶᠤᠯ᠂ ᠪᠣᠯᠪᠠᠰᠤᠷᠠᠯ ᠵᠡᠷᠭᠡ ᠰᠠᠯᠪᠤᠷᠢ ᠲᠤ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠬᠤ ᠰᠣᠨᠢᠷᠬᠠᠯᠲᠠᠢ ᠪᠠᠢᠢᠭ᠎ᠠ ᠢᠢ ᠭᠠᠳᠠᠭᠠᠳᠤ ᠬᠡᠷᠡᠭ ᠦᠨ ᠰᠠᠢᠢᠳ ᠵ᠂ ᠮ᠂ ᠺᠦᠯᠤᠢᠪᠠᠧᠸ ᠢᠯᠡᠷᠬᠡᠢᠢᠯᠡᠪᠡ᠃
ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠤᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠤᠯᠤᠰ ᠤᠨ ᠢᠶᠠᠨ 《ᠨᠣᠭᠣᠭᠠᠨ ᠥᠪ》 ᠰᠠᠨᠠᠭᠠᠴᠢᠯᠠᠭ᠎ᠠ ᠲᠠᠢ ᠤᠶᠠᠯᠳᠤᠭᠤᠯᠬᠤ ᠪᠣᠯᠤᠮᠵᠢ ᠲᠠᠢ ᠢᠢ ᠬᠡᠯᠡᠪᠡ᠃

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢ ᠥᠩ᠋ᠭᠡᠷᠡᠭᠰᠡᠨ ᠣᠨ ᠳᠤ ᠲᠡᠮᠳᠡᠭᠯᠡᠨ ᠥᠩ᠋ᠭᠡᠷᠡᠭᠦᠯᠦᠭᠰᠡᠨ ᠨᠢ ᠬᠣᠶᠠᠷ ᠠᠷᠠᠳ ᠲᠦᠮᠡᠨ ᠦ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠣᠢᠢᠷᠠᠲᠤᠭᠤᠯᠬᠤ ᠳᠤ ᠴᠢᠬᠤᠯᠠ ᠠᠴᠢ ᠬᠣᠯᠪᠣᠭᠳᠠᠯ ᠲᠠᠢ ᠪᠣᠯᠤᠭᠰᠠᠨ ᠶᠤᠮ᠃