ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠭᠡᠨ ᠰᠢᠷᠡᠭᠡᠲᠦ ᠤᠯᠤᠰ ᠤᠨ ᠭᠠᠳᠠᠭᠠᠳᠤ ᠬᠠᠷᠢᠯᠴᠠᠭᠠᠨ ᠤ ᠠᠰᠠᠭᠤᠳᠠᠯ ᠡᠷᠬᠢᠯᠡᠭᠰᠡᠨ ᠨᠠᠷᠢᠨ ᠪᠢᠴᠢᠭ᠌ ᠦᠨ ᠳᠠᠷᠤᠭ᠎ᠠ ᠫᠣᠯ ᠷᠢᠴᠠᠷᠳ᠋ ᠾᠠᠯᠯᠠᠭᠧᠷ ᠢ ᠬᠦᠯᠢᠶᠡᠨ ᠠᠪᠴᠤ ᠠᠭᠤᠯᠵᠠᠪᠠ᠃
ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠢᠷᠡᠬᠦ ᠶᠢᠰᠦᠳᠦᠭᠡᠷ ᠰᠠᠷ᠎ᠠ ᠳᠤ ᠮᠣᠩ᠋ᠭᠣᠯ ᠤᠯᠤᠰ ᠲᠤ ᠠᠢᠢᠯᠴᠢᠯᠠᠬᠤ ᠪᠣᠯᠤᠭᠰᠠᠨ ᠨᠢ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠰᠢᠨ᠎ᠡ ᠬᠠᠭᠤᠳᠠᠰᠤ ᠨᠡᠭᠡᠭᠡᠵᠦ᠂ ᠠᠯᠲᠠᠨ ᠦᠰᠦᠭ ᠢᠶᠡᠷ ᠪᠢᠴᠢᠭ᠍ᠲᠬᠦ ᠲᠡᠦᠬᠡᠨ ᠦᠢᠯᠡ ᠶᠠᠪᠤᠳᠠᠯ ᠭᠡᠳᠡᠭ ᠲᠤ ᠲᠠᠯ᠎ᠠ ᠨᠤᠭᠤᠳ ᠰᠠᠨᠠᠯ ᠨᠢᠭᠡᠳᠪᠡ᠃
ᠠᠭᠤᠯᠵᠠᠯᠲᠠ ᠢᠢᠨ ᠦᠶ᠎ᠡ ᠪᠡᠷ ᠳᠡᠯᠡᠬᠡᠢ ᠨᠡᠢᠢᠲᠡ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ᠂ ᠰᠤᠶᠤᠯ ᠤᠨ ᠰᠠᠯᠪᠤᠷᠢ᠂ ᠲᠡᠭᠦᠨ ᠦ ᠳᠣᠲᠣᠷ᠎ᠠ ᠭᠡᠭᠡᠨ ᠰᠢᠷᠡᠭᠡᠲᠦ ᠤᠯᠤᠰ ᠤᠨ ᠠᠷᠬᠢᠸ᠂ ᠨᠣᠮ ᠤᠨ ᠰᠠᠩ ᠳᠤ ᠬᠠᠳᠠᠭᠠᠯᠠᠭᠳᠠᠵᠤ ᠪᠤᠢ ᠮᠣᠩ᠋ᠭᠣᠯ ᠤᠨ ᠲᠡᠦᠬᠡᠨ ᠪᠠᠷᠢᠮᠲᠠ᠂ ᠰᠤᠶᠤᠯ ᠤᠨ ᠥᠪ ᠢ ᠬᠠᠮᠲᠤᠷᠠᠨ ᠰᠤᠳᠤᠯᠬᠤ᠂ ᠡᠷᠳᠡᠮ ᠰᠢᠨᠵᠢᠯᠡᠭᠡᠨ ᠦ ᠪᠦᠲᠦᠭᠡᠯ ᠭᠠᠷᠭᠠᠬᠤ᠂ ᠲᠡᠳᠡᠭᠡᠷ ᠢ ᠬᠣᠢᠢᠴᠢ ᠢᠷᠡᠭᠡᠳᠦᠢ ᠳᠤ ᠪᠡᠨ ᠲᠠᠨᠢᠭᠤᠯᠤᠨ ᠥᠪᠯᠡᠭᠦᠯᠬᠦ ᠲᠠᠯ᠎ᠠ ᠪᠠᠷ ᠰᠠᠨᠠᠯ ᠰᠤᠯᠢᠯᠴᠠᠪᠠ᠃
ᠭᠡᠭᠡᠨ ᠰᠢᠷᠡᠭᠡᠲᠦ ᠤᠯᠤᠰ ᠤᠨ ᠭᠠᠳᠠᠭᠠᠳᠤ ᠬᠠᠷᠢᠯᠴᠠᠭᠠᠨ ᠤ ᠠᠰᠠᠭᠤᠳᠠᠯ ᠡᠷᠬᠢᠯᠡᠭᠰᠡᠨ ᠨᠠᠷᠢᠨ ᠪᠢᠴᠢᠭ᠌ ᠦᠨ ᠳᠠᠷᠤᠭ᠎ᠠ ᠫᠣᠯ ᠷᠢᠴᠠᠷᠳ᠋ ᠾᠠᠯᠯᠠᠭᠧᠷ ᠨᠢ 1992 ᠣᠨ ᠳᠤ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠮᠣᠩ᠋ᠭᠣᠯ ᠤᠯᠤᠰ ᠲᠤ ᠥᠨᠳᠥᠷ ᠲᠦᠪᠰᠢᠨ ᠳᠤ ᠠᠩᠬ᠎ᠠ ᠤᠳᠠᠭ᠎ᠠ ᠠᠢᠢᠯᠴᠢᠯᠠᠵᠤ ᠪᠠᠢᠢᠨ᠎ᠠ᠃