Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠠᠷᠠᠭᠤᠨ ᠬᠢᠯᠢ ᠢᠢᠨ ᠵᠡᠪᠰᠡᠭᠲᠦ ᠲᠤᠯᠭᠠᠷᠠᠯᠳᠤ ᠳᠠᠭᠤᠰᠤᠭᠰᠠᠨ ᠤ 75 ᠵᠢᠯ ᠦᠨ ᠣᠢ ᠢᠢᠨ ᠪᠠᠶᠠᠷ ᠤᠨ ᠶᠣᠰᠣᠯᠠᠯ ᠳᠤ ᠣᠷᠣᠯᠴᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨ᠎ᠠ ᠢᠢᠨ ᠬᠦᠷᠡᠯᠰᠦ᠋ᠬᠡ ᠬᠣᠪᠳᠣ ᠠᠢᠢᠮᠠᠭ ᠤᠨ ᠪᠤᠯᠠᠭᠠᠨ ᠰᠤᠮᠤ ᠳ᠋ᠤ ᠠᠵᠢᠯᠯᠠᠵᠤ᠂ ᠪᠠᠷᠠᠭᠤᠨ ᠬᠢᠯᠢ ᠢᠢᠨ ᠵᠡᠪᠰᠡᠭᠲᠦ ᠲᠤᠯᠭᠠᠷᠠᠯᠳᠤ ᠳᠠᠭᠤᠰᠤᠭᠰᠠᠨ ᠤ 75 ᠵᠢᠯ ᠦᠨ ᠣᠢ ᠢᠢᠨ ᠪᠠᠶᠠᠷ ᠤᠨ ᠶᠣᠰᠣᠯᠠᠯ ᠤᠨ ᠠᠵᠢᠯᠯᠠᠭᠠᠨ ᠳᠤ ᠣᠷᠣᠯᠴᠠᠯ᠎ᠠ᠃

ᠲᠡᠷᠡ ᠪᠡᠷ ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠦᠨ ᠪᠥᠷᠢᠨ ᠪᠦᠲᠦᠨ ᠪᠠᠢᠢᠳᠠᠯ ᠢ ᠪᠠᠲᠤᠳᠬᠠᠨ ᠪᠡᠬᠢᠵᠢᠭᠦᠯᠬᠦ ᠦᠢᠯᠡᠰ ᠲᠤ ᠲᠡᠦᠬᠡᠨ ᠡᠭᠦᠷᠭᠡ ᠭᠦᠢᠴᠡᠳᠭᠡᠭ᠍ᠰᠡᠨ ᠪᠠᠷᠠᠭᠤᠨ ᠬᠢᠯᠢ ᠢᠢᠨ ᠵᠡᠪᠰᠡᠭᠲᠦ ᠲᠤᠯᠭᠠᠷᠠᠯᠳᠤ ᠳᠠᠭᠤᠰᠤᠭᠰᠠᠨ ᠤ 75 ᠵᠢᠯ ᠦᠨ ᠣᠢ ᠢᠢᠨ ᠪᠠᠶᠠᠷ ᠤᠨ ᠮᠡᠨᠳᠦ ᠢᠢ ᠳᠡᠪᠰᠢᠭᠦᠯᠪᠡ᠃

ᠪᠠᠷᠠᠭᠤᠨ ᠬᠢᠯᠢ ᠢᠢᠨ ᠵᠡᠪᠰᠡᠭᠲᠦ ᠲᠤᠯᠭᠠᠷᠠᠯᠳᠤ ᠨᠢ ᠮᠣᠩ᠋ᠭᠣᠯ ᠤᠯᠤᠰ ᠤᠨ XX ᠵᠠᠭᠤᠨ ᠤ ᠲᠡᠦᠬᠡᠨ ᠳᠤ ᠲᠣᠳᠣ ᠪᠠᠷ ᠲᠡᠮᠳᠡᠭᠯᠡᠭᠳᠡᠨ ᠦᠯᠡᠳᠡᠬᠦ ᠦᠢᠯᠡ ᠶᠠᠪᠤᠳᠠᠯ ᠪᠥᠭᠡᠳ ᠲᠤᠰᠠᠭᠠᠷ ᠲᠣᠭᠲᠠᠨᠢᠯ᠂ ᠤᠯᠤᠰ ᠤᠨ ᠬᠢᠯᠢ ᠢᠢᠨ ᠬᠠᠯᠳᠠᠰᠢ ᠦᠭᠡᠢ ᠳᠠᠷᠬᠠᠨ ᠪᠠᠢᠢᠳᠠᠯ᠂ ᠠᠷᠠᠳ ᠲᠦᠮᠡᠨ ᠦ ᠪᠡᠨ ᠡᠷᠬᠡ ᠴᠢᠯᠦᠭᠡ ᠢᠢ ᠪᠠᠲᠤᠳᠬᠠᠨ ᠪᠡᠬᠢᠵᠢᠭᠦᠯᠦᠭᠰᠡᠨ ᠪᠠᠭᠠᠲᠤᠷᠯᠢᠭ ᠡᠬᠡ ᠣᠷᠣᠨᠴᠢᠳ ᠢᠢᠠᠨ ᠡᠷᠭᠢᠨ ᠳᠤᠷᠠᠰᠴᠤ᠂ ᠭᠠᠪᠢᠶ᠎ᠠ ᠵᠢᠳᠬᠦᠯ ᠢ ᠨᠢ ᠠᠯᠳᠠᠷᠰᠢᠭᠤᠯᠤᠨ ᠮᠥᠩᠬᠡᠵᠢᠭᠦᠯᠬᠦ ᠨᠢ ᠦᠷ᠎ᠡ ᠬᠣᠢᠢᠴᠢ ᠪᠢᠳᠡᠨ ᠦ ᠡᠷᠬᠢᠮ ᠡᠭᠦᠷᠭᠡ ᠭᠡᠳᠡᠭ ᠢ ᠣᠨᠴᠠᠯᠠᠯ᠎ᠠ᠃

ᠡᠨᠡ ᠠᠵᠢᠯᠯᠠᠭ᠎ᠠ ᠨᠢ ᠣᠷᠴᠢᠨ ᠴᠠᠭ ᠤᠨ ᠵᠡᠪᠰᠡᠭᠲᠦ ᠬᠦᠴᠦᠨ᠂ ᠬᠢᠯᠢ ᠢᠢᠨ ᠴᠡᠷᠢᠭ ᠭᠠᠳᠠᠨ᠎ᠠ ᠢᠢᠨ ᠵᠡᠪᠰᠡᠭᠲᠦ ᠲᠦᠷᠢᠮᠡᠭᠡᠢᠢᠯᠡᠯᠲᠡᠢ ᠨᠢᠭᠤᠷ ᠲᠤᠯᠤᠭᠰᠠᠨ ᠠᠩᠬᠠᠨ ᠤ ᠲᠣᠮᠣᠬᠠᠨ ᠰᠣᠷᠢᠯᠲᠠ ᠪᠠᠢᠢᠭᠰᠠᠨ ᠪᠥᠭᠡᠳ ᠠᠷᠪᠢᠨ ᠲᠤᠷᠰᠢᠯᠭ᠎ᠠ ᠬᠤᠷᠠᠮᠲᠤᠯᠠᠭᠤᠯᠵᠤ᠂ ᠦᠨᠳᠦᠰᠦᠨ ᠦ ᠴᠡᠷᠢᠭ ᠦᠨ ᠤᠷᠠᠯᠢᠭ ᠤᠨ ᠬᠥᠭ᠍ᠵᠢᠯ ᠳ᠋ᠦ ᠲᠣᠮᠣᠬᠠᠨ ᠬᠤᠪᠢ ᠨᠡᠮᠡᠷᠢ ᠣᠷᠣᠭᠤᠯᠤᠭᠰᠠᠨ ᠢ ᠲᠡᠮᠳᠡᠭᠯᠡᠪᠡ᠃
ᠵᠡᠪᠰᠡᠭᠲᠦ ᠲᠤᠯᠭᠠᠷᠠᠯᠲᠠ ᠢᠢᠨ ᠬᠠᠯᠠᠭᠤᠨ ᠴᠡᠭ ᠲᠤ ᠠᠮᠢᠳᠤᠷᠠᠵᠤ ᠪᠠᠢᠢᠭᠰᠠᠨ ᠪᠠᠶᠠᠨ-ᠥᠯᠥᠭᠡᠢ᠂ ᠬᠣᠪᠲᠣ᠂ ᠭᠣᠪᠢ-ᠠᠯᠲᠠᠢ᠂ ᠪᠠᠶᠠᠨᠬᠣᠩ᠋ᠭᠣᠷ ᠠᠢᠢᠮᠠᠭ ᠤᠨ ᠢᠷᠭᠡᠳ ᠠᠰᠤᠷᠤ ᠶᠡᠬᠡ ᠤᠢ ᠭᠠᠰᠢᠭᠤ᠂ ᠵᠣᠪᠠᠯᠠᠩ ᠪᠡᠷᠬᠡᠰᠢᠶᠡᠯ ᠢ ᠠᠮᠰᠠᠭᠰᠠᠨ ᠪᠣᠯᠪᠠᠴᠤ ᠬᠢᠯᠢᠴᠢᠨ ᠳᠠᠢᠢᠴᠢᠳ ᠲᠠᠢ ᠪᠠᠨ ᠬᠠᠮᠲᠤᠷᠠᠨ ᠠᠴᠢᠶᠠᠨ ᠤ ᠬᠦᠨᠳᠦ ᠢᠢ ᠡᠭᠦᠷᠦᠯᠴᠡᠵᠦ᠂ ᠢᠯᠠᠯᠲᠠ ᠢᠢᠨ ᠲᠤᠭ ᠢ ᠮᠠᠨᠳᠤᠭᠤᠯᠤᠭᠰᠠᠨ ᠶᠤᠮ᠃

ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠡᠬᠡ ᠣᠷᠣᠨ ᠤ ᠪᠠᠨ ᠲᠥᠯᠥᠭᠡ ᠠᠮᠢ ᠪᠡᠶ᠎ᠡ ᠪᠡᠨ ᠦᠯᠦ ᠬᠠᠢᠢᠷᠠᠯᠠᠨ ᠲᠡᠮᠡᠴᠡᠵᠦ᠂ ᠡᠷᠬᠡ ᠴᠢᠯᠦᠭᠡ᠂ ᠲᠤᠰᠠᠭᠠᠷ ᠲᠣᠭᠲᠠᠨᠢᠯ ᠢ ᠦᠷ᠎ᠡ ᠬᠣᠢᠢᠴᠢ ᠳᠤ ᠪᠠᠨ ᠥᠪᠯᠡᠭᠦᠯᠦᠨ ᠦᠯᠡᠳᠡᠭᠡᠭ᠍ᠰᠡᠨ ᠪᠠᠭᠠᠲᠤᠷᠯᠢᠭ ᠡᠬᠡ ᠣᠷᠣᠨᠴᠢᠳ᠂ ᠠᠬᠠᠮᠠᠳ ᠳᠠᠢᠢᠴᠢᠳ᠂ ᠲᠡᠳᠡᠨ ᠦ ᠦᠷ᠎ᠡ ᠬᠡᠦᠬᠡᠳ᠂ ᠲᠥᠷᠥᠯ ᠲᠥᠷᠥᠭᠰᠡᠳ ᠲᠤ ᠮᠣᠩ᠋ᠭᠣᠯ ᠲᠥᠷᠥ᠂ ᠮᠣᠩ᠋ᠭᠣᠯ ᠤᠨ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠭᠦᠨ ᠬᠦᠨᠳᠦᠳᠬᠡᠯ ᠢᠯᠡᠷᠬᠡᠢᠢᠯᠡᠪᠡ᠃

ᠮᠥᠨ ᠵᠠᠬ᠎ᠠ ᠬᠢᠵᠠᠭᠠᠷ ᠨᠤᠲᠤᠭ ᠤᠨ ᠢᠶᠠᠨ ᠡᠵᠡᠨ ᠪᠣᠯᠵᠤ᠂ ᠤᠯᠤᠰ ᠣᠷᠣᠨ ᠤ ᠪᠠᠨ ᠠᠶᠤᠯ ᠦᠭᠡᠢ ᠪᠠᠢᠢᠳᠠᠯ᠂ ᠤᠯᠤᠰ ᠤᠨ ᠬᠢᠯᠢ ᠬᠠᠮᠠᠭᠠᠯᠠᠯᠲᠠ ᠳᠤ ᠦᠨᠡᠲᠡᠢ ᠬᠤᠪᠢ ᠨᠡᠮᠡᠷᠢ ᠣᠷᠣᠭᠤᠯᠵᠤ ᠪᠤᠢ ᠠᠷᠠᠳ ᠢᠷᠭᠡᠳ ᠲᠤ ᠣᠨᠴᠠᠭᠠᠢᠢᠯᠠᠨ ᠲᠠᠯᠠᠷᠬᠠᠯ ᠢᠯᠡᠷᠬᠡᠢᠢᠯᠡᠯ᠎ᠡ᠃

ᠮᠥᠨ ᠡᠨᠡ ᠡᠳᠦᠷ ᠪᠠᠷᠠᠭᠤᠨ ᠬᠢᠯᠢ ᠢᠢᠨ ᠵᠡᠪᠰᠡᠭᠲᠦ ᠲᠤᠯᠭᠠᠷᠠᠯᠲᠠ ᠳᠤ ᠠᠮᠢ ᠦᠷᠡᠭᠳᠡᠭᠰᠡᠳ ᠦᠨ ᠭᠡᠭᠡᠨ ᠳᠤᠷᠠᠰᠬᠠᠯ ᠳᠤ ᠵᠣᠷᠢᠭᠤᠯᠤᠨ ᠪᠣᠰᠬᠠᠭᠰᠠᠨ ᠭᠡᠷᠡᠯᠲᠦ ᠬᠥᠰᠢᠢ ᠡ ᠢᠢ ᠨᠡᠭᠡᠭᠡᠪᠡ᠃

ᠬᠣᠪᠳᠣ ᠠᠢᠢᠮᠠᠭ ᠤᠨ ᠪᠤᠯᠠᠭᠠᠨ ᠰᠤᠮᠤ ᠢᠢᠨ ᠤᠪᠠᠰᠢ ᠬᠠᠭᠠᠨ ᠤ ᠲᠠᠯᠠᠪᠠᠢ ᠳᠤ ᠪᠣᠰᠬᠠᠭᠰᠠᠨ 12.7 ᠮᠧᠲ᠋ᠷ ᠥᠨᠳᠥᠷ ᠭᠡᠷᠡᠯᠲᠦ ᠬᠥᠰᠢᠶ᠎ᠡ ᠢᠢ ᠴᠠᠭᠠᠨ ᠭᠠᠨᠲᠢᠭ ᠢᠶᠠᠷ ᠪᠦᠲᠦᠭᠡᠵᠦ᠂ ᠣᠷᠣᠢ ᠳᠤ ᠨᠢ ᠲᠥᠷᠥ ᠢᠢᠨ ᠰᠣᠶᠣᠮᠪᠣ ᠢᠢ ᠳᠦᠷᠰᠦᠯᠡᠵᠦ᠂ ᠡᠮᠦᠨ᠎ᠡ ᠨᠢ ᠮᠥᠩᠬᠡ ᠢᠢᠨ ᠭᠠᠯ ᠢ ᠪᠠᠳᠠᠷᠠᠭᠠᠴᠠᠢ᠃

ᠲᠡᠦᠬᠡᠲᠦ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤᠬᠤᠨᠠᠭ᠎ᠠ ᠢᠢᠨ ᠬᠦᠷᠦᠯᠰᠦ᠋ᠬᠡ ᠵᠠᠷᠯᠢᠭ ᠭᠠᠷᠭᠠᠵᠤ᠂ ᠤᠯᠤᠰ ᠤᠨ ᠬᠢᠯᠢ ᠢᠢᠨ ᠬᠠᠯᠳᠠᠰᠢ ᠦᠭᠡᠢ ᠳᠠᠷᠬᠠᠨ ᠪᠠᠢᠢᠳᠠᠯ ᠢ ᠬᠠᠩ᠋ᠭᠠᠬᠤ ᠦᠢᠯᠡ ᠬᠡᠷᠡᠭ ᠲᠦ ᠣᠨᠴᠠᠭᠠᠢ ᠭᠠᠪᠢᠶ᠎ᠠ ᠪᠠᠢᠢᠭᠤᠯᠤᠭᠰᠠᠨ ᠬᠣᠪᠲᠣ ᠠᠢᠢᠮᠠᠭ ᠤᠨ ᠪᠤᠯᠠᠭᠠᠨ᠂ ᠭᠣᠪᠢ-ᠠᠯᠲᠠᠢ ᠠᠢᠢᠮᠠᠭ ᠤᠨ ᠡᠷᠳᠡᠨᠢ᠂ ᠪᠠᠶᠠᠨ-ᠥᠯᠥᠭᠡᠢ ᠠᠢᠢᠮᠠᠭ ᠤᠨ ᠠᠯᠲᠠᠢ᠂ ᠪᠠᠶᠠᠨᠬᠣᠩ᠋ᠭᠣᠷ ᠠᠢᠢᠮᠠᠭ ᠤᠨ ᠪᠠᠶᠠᠨ-ᠥᠨᠳᠦᠷ ᠰᠤᠮᠤ ᠢᠢ ᠴᠡᠷᠢᠭ ᠦᠨ ᠭᠠᠪᠢᠶᠠᠨ ᠤ ᠣᠳᠣᠨ ᠢᠶᠠᠷ ᠱᠠᠩᠨᠠᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠲᠡᠦᠬᠡᠲᠦ 75 ᠵᠢᠯ ᠦᠨ ᠣᠢ ᠳᠤ ᠵᠣᠷᠢᠭᠤᠯᠤᠨ ᠬᠢᠯᠢ ᠬᠠᠮᠠᠭᠠᠯᠠᠬᠤ ᠪᠠᠢᠢᠭᠤᠯᠤᠯᠭ᠎ᠠ᠂ ᠣᠷᠣᠨ ᠨᠤᠲᠤᠭ ᠰᠤᠳᠤᠯᠬᠤ ᠮᠦᠽᠧᠢ ᠲᠡᠢ ᠬᠠᠮᠲᠤᠷᠠᠨ ᠳᠡᠯᠭᠡᠭᠰᠡᠨ ᠦᠵᠡᠰᠬᠦᠯᠡᠩ ᠢ ᠦᠵᠡᠵᠦ ᠰᠣᠨᠢᠷᠬᠠᠯ᠎ᠠ᠃